ᠣᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠭᠰᠢ ᠰᠢᠢᠳᠬᠡᠭᠳᠡᠪᠡ
ᠨᠡᠶᠢᠲᠡᠯᠡᠭᠰᠡᠨ ᠴᠠᠭ᠄
2022/9/14
        9 ᠳ᠋ᠣᠭᠡᠷ ᠰᠠᠷ᠎ᠠ ᠶᠢᠨ 2 ᠤᠨ ᠡᠳᠦᠷ᠂ ᠬᠠᠶᠢᠨᠠᠨ ᠶᠡᠭᠡ ᠰᠤᠷᠭᠠᠭᠤᠯᠢ ᠮᠡᠳᠡᠭᠳᠡᠯ ᠨᠡᠶᠢᠲᠡᠯᠡᠵᠦ ᠲᠡᠮᠳᠡᠭᠯᠡᠬᠦ ᠳᠡᠭᠡᠨ᠄ 2022 ᠣᠨ ᠤ 8 ᠳ᠋ᠣᠭᠠᠷ ᠰᠠᠷ᠎ᠠ ᠶᠢᠨ 28 ᠤ ᠡᠳᠦᠷ᠂ ᠰᠤᠷᠭᠠᠭᠤᠯᠢ ᠶᠢᠨ ᠵᠢᠢ ᠣᠪᠣᠭᠲᠤ ᠪᠠᠭᠰᠢ ᠪᠦᠬᠡᠮ ᠬᠦᠴᠢᠯ ᠤᠨ ᠪᠠᠶᠢᠴᠠᠭᠠᠯᠳᠠ ᠶᠢ ᠡᠰᠡᠷᠬᠦᠴᠡᠵᠦ᠂ ᠨᠡᠶᠢᠭᠡᠮ ᠨᠡᠶᠢᠳᠡ ᠳᠤ ᠮᠠᠭᠤ ᠨᠥᠯᠥᠭᠡ ᠭᠠᠷᠭᠠᠪᠠ᠃ ︽ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠳᠣᠷᠭᠠᠭᠤᠯᠢ ᠰᠢᠢᠳᠬᠡᠯ ᠤᠨ ᠳᠣᠬᠠᠢ ᠲᠦᠷ ᠬᠡᠷᠡᠭᠵᠢᠭᠦᠯᠬᠦ ᠲᠣᠭᠲᠠᠭᠠᠯ︾ ︽ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠶᠣᠰᠣ ᠰᠣᠷᠳᠠᠬᠤᠨ ᠤ ᠵᠢᠷᠤᠮᠵᠢᠯ ᠢᠶᠠᠨ ᠠᠯᠳᠠᠭᠰᠠᠨ ᠦᠶᠯᠡ ᠠᠵᠢᠯᠯᠠᠭ᠎ᠠ ᠶᠢ ᠰᠢᠢᠳᠪᠦᠷᠢᠯᠡᠬᠦ ᠲᠤᠬᠠᠢ ᠰᠤᠷᠭᠠᠨ ᠬᠥᠮᠦᠵᠢᠯ ᠤᠨ ᠶᠠᠮᠤᠨ ᠤ ᠵᠢᠯᠤᠭᠤᠳᠬᠤ ᠰᠠᠨᠠᠯ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠵᠢᠢ ᠣᠪᠣᠭᠲᠤ ᠶᠢᠨ ᠪᠠᠭᠰᠢ ᠶᠢᠨ ᠬᠢᠷᠢ ᠬᠡᠮ ᠢ ᠬᠠᠰᠤᠵᠤ ᠂ ᠠᠵᠢᠯ ᠤᠨ ᠪᠠᠶᠢᠷᠢ ᠶᠢᠨ ᠵᠡᠷᠭᠡ ᠳᠡᠰ ᠢ  ᠨᠢ ᠪᠠᠭᠤᠷᠠᠭᠤᠯᠪᠠ ᠭᠡᠵᠡᠢ᠃            ᠣᠶᠢᠷ᠎ᠠ ᠳᠤ ᠰᠦᠯᠵᠢᠶᠡᠨ ᠳᠡᠭᠡᠷ᠎ᠡ ᠬᠠᠶᠢᠨᠠᠨ ᠤ ᠬᠠᠶᠢᠺᠧᠦ ᠬᠤᠲᠠ ᠶᠢᠨ ᠨᠢᠭᠡᠨ ᠡᠷᠡᠭᠲᠡᠢ ᠪᠦᠬᠡᠮ ᠬᠦᠴᠢᠯ ᠤᠨ ᠪᠠᠶᠢᠴᠠᠭᠠᠯᠳᠠ ᠬᠢᠯᠭᠡᠬᠦ ᠦᠶ᠎ᠡ ᠳᠤ ᠠᠮᠠᠪᠴᠢ ᠵᠡᠬᠦᠭᠰᠡᠨ ᠦᠭᠡᠢ ᠪᠥᠭᠡᠳ ᠠᠪᠴᠤ ᠶᠠᠪᠤᠭ᠎ᠠ ᠶᠠᠭᠤᠮ᠎ᠠ ᠬᠡᠦᠮ᠎ᠡ ᠪᠠᠨ ᠪᠠᠶᠢᠴᠠᠭᠠᠨ ᠰᠢᠯᠭᠠᠬᠤ ᠰᠢᠷᠡᠭᠡᠨ ᠳᠡᠭᠡᠷ᠎ᠡ ᠲᠠᠯᠪᠢᠭᠰᠠᠨ ᠪᠠᠶᠢᠨ᠎ᠠ᠂ ᠡᠮᠴᠢ ᠰᠤᠪᠢᠯᠠᠭᠴᠢᠳ ᠲᠡᠭᠦᠨ ᠢ ᠢᠳᠬᠠᠨ ᠬᠤᠷᠢᠬᠯᠠᠬᠰᠠᠨ ᠳᠤ ᠪᠤᠴᠠᠭᠠᠭᠠᠳ ᠡᠮᠴᠢ ᠰᠤᠪᠢᠯᠠᠭᠴᠢ ᠶᠢ ᠵᠢᠮᠡᠯᠡᠪᠡ᠃ ᠬᠠᠶᠢᠺᠧᠦ ᠶᠢᠨ ᠴᠠᠭᠳᠠᠭᠠᠨ ᠤ ᠲᠠᠯ᠎ᠠ ᠶᠢᠨ ᠬᠢᠨ ᠵᠢᠢ ᠣᠪᠣᠭᠲᠤ ᠶᠢ ᠬᠠᠤᠯᠢ ᠶᠣᠰᠣᠭᠠᠷ 10 ᠬᠤᠨᠤᠭ ᠵᠠᠰᠠᠭ ᠵᠠᠬᠢᠷᠭᠠᠨ ᠢᠶᠠᠷ ᠲᠦᠷ ᠬᠤᠷᠢᠬᠤ ᠪᠠᠷ ᠰᠢᠢᠳᠬᠡᠭᠰᠡᠨ ᠪᠠᠶᠢᠨ᠎ᠠ᠃ 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ