ᠡᠳᠡᠭᠡᠷ ᠢ ᠲᠣᠭᠯᠠᠭᠠᠮ ᠪᠣᠯᠭᠠᠨ ᠠᠪᠴᠤ ᠶᠠᠪᠤᠪᠠᠯ ᠲᠦᠷ ᠬᠤᠷᠢᠭᠳᠠᠬᠤ ᠮᠠᠭᠠᠳ
ᠨᠡᠶᠢᠲᠡᠯᠡᠭᠰᠡᠨ ᠴᠠᠭ᠄
2022/9/14
        ᠣᠶᠢᠷ᠎ᠠ ᠳᠤ᠂ ᠬᠤᠸᠠᠩ ᠣᠪᠣᠭᠲᠤ ᠦᠪᠡᠷ ᠤᠨ ᠮᠠᠰᠢᠨ  ᠲᠡᠷᠭᠡᠨ  ᠲᠤᠳᠤᠷ᠎ᠠ ᠪᠠᠨ  ᠬᠤᠷᠢᠭ᠎ᠠ  ᠲᠠᠢ  ᠬᠢᠲᠤᠭ᠎ᠠ ᠶᠢᠨ ᠬᠡᠷᠡᠭᠰᠡᠯ ᠠᠪᠴᠤ ᠶᠠᠪᠤᠵᠠᠢ᠃ ᠪᠡᠭᠡᠵᠢᠩ ᠤᠨ ᠬᠤᠸᠠᠢ ᠷᠤ᠋ ᠲᠣᠭᠤᠷᠢᠭ ᠤᠨ ᠪᠠᠶᠢᠴᠠᠭᠠᠬᠤ ᠥᠷᠲᠡᠭᠡ ᠪᠠᠷ ᠥᠩᠭᠡᠷᠡᠬᠦ ᠦᠶ᠎ᠡ ᠳᠤ ᠠᠷᠠᠳ ᠤᠨ ᠴᠠᠭᠳᠠᠭ᠎ᠠ ᠳᠤ ᠪᠠᠶᠢᠴᠠᠭᠠᠭᠳᠠᠵᠤ᠂ ᠬᠤᠸᠠᠩ ᠣᠪᠣᠭᠲᠤ ᠬᠤᠷᠢᠭ᠎ᠠ ᠲᠠᠢ ᠪᠠᠭᠠᠵᠢ ᠬᠡᠷᠡᠭᠰᠡᠯ ᠢ  ᠬᠠᠤᠯᠢ ᠪᠤᠰᠤ ᠪᠠᠷ ᠠᠪᠴᠤ ᠶᠠᠪᠣᠭᠰᠠᠨ ᠬᠡᠷᠡᠭ ᠢᠶᠠᠷ ᠵᠠᠰᠠᠭ ᠵᠠᠬᠢᠷᠭᠠᠨ ᠢᠶᠠᠷ ᠲᠦᠷ ᠬᠤᠷᠢᠯᠲᠠ ᠳᠤ ᠤᠴᠠᠷᠠᠪᠠ᠃                        ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠭᠡᠯ ᠲᠤᠷᠭᠠᠭᠤᠯᠢ ᠶᠢᠨ ᠬᠠᠤᠯᠢ︾ ᠶᠢᠨ  ᠭᠤᠴᠢᠨ  ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ  ᠫᠤᠤ  ᠵᠡᠪᠰᠡᠭ᠂  ᠰᠤᠮᠤ  ᠳᠠᠷᠢ  ᠪᠤᠶᠤ  ᠬᠤᠯᠬᠤᠪᠴᠢ ᠨᠤᠮᠤ᠂  ᠮᠠᠲᠠᠭ᠎ᠠ  ᠵᠡᠷᠭᠡ ᠤᠯᠤᠰ ᠠᠴᠠ ᠲᠣᠭᠲᠠᠭᠠᠭᠰᠠᠨ ᠬᠤᠷᠢᠭ᠎ᠠ ᠲᠠᠢ ᠪᠠᠭᠠᠵᠢ  ᠬᠡᠷᠡᠭᠰᠡᠯ ᠢ  ᠬᠠᠤᠯᠢ  ᠪᠤᠰᠤ ᠪᠠᠷ  ᠪᠡᠶ᠎ᠡ ᠳᠡᠭᠡᠨ  ᠠᠪᠴᠤ  ᠶᠠᠪᠤᠭᠰᠠᠨ ᠪᠠᠶᠢᠪᠠᠯ  5 ᠡᠳᠦᠷ ᠠᠴᠠ ᠲᠤᠷᠤᠭᠰᠢ ᠲᠦᠷ ᠬᠤᠷᠢᠬᠤ ᠪᠠᠷ ᠰᠢᠳᠭᠡᠵᠦ᠂ 500 ᠲᠥᠭᠦᠷᠢᠭ ᠠᠴᠠ  ᠲᠤᠷᠤᠭᠰᠢ  ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠣᠯᠤᠨ᠎ᠠ︔ ᠤᠢᠢᠯᠠ ᠪᠠᠶᠢᠳᠠᠯ ᠨᠢ ᠨᠡᠯᠢᠶᠡᠳ ᠬᠦᠩᠭᠡᠠ ᠪᠠᠶᠢᠪᠠᠯ᠂ ᠳᠣᠩᠭᠤᠳᠬᠤ  ᠪᠤᠶᠤ ᠬᠤᠶᠠᠷ ᠵᠠᠭᠤᠨ ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃                ᠫᠤᠤ ᠵᠡᠪᠰᠡᠭ᠂ ᠰᠤᠮᠤ ᠲᠠᠷᠢ ᠪᠤᠶᠤ ᠬᠤᠯᠬᠤᠪᠴᠢ ᠨᠤᠮᠤ᠂ ᠮᠠᠲᠠᠭ᠎ᠠ ᠵᠡᠷᠭᠡ ᠤᠯᠤᠰ ᠠᠴᠠ ᠲᠣᠭᠲᠠᠭᠠᠭᠰᠠᠨ ᠬᠤᠷᠢᠭ᠎ᠠ ᠲᠠᠢ ᠪᠠᠭᠠᠵᠢ ᠬᠡᠷᠡᠭᠰᠡᠯ ᠢ ᠬᠠᠤᠯᠢ ᠪᠤᠰᠤ ᠪᠠᠷ ᠪᠡᠶ᠎ᠡ ᠳᠡᠭᠡᠨ ᠠᠪᠴᠤ ᠣᠯᠠᠨ ᠨᠡᠶᠢᠲᠡ ᠶᠢᠨ ᠲᠠᠯᠠᠪᠤᠷ ᠲᠤ ᠣᠷᠣᠭᠰᠠᠨ ᠪᠤᠶᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠤᠨᠤᠭ᠎ᠠ ᠬᠦᠰᠭᠡ ᠳᠡᠭᠡᠷ᠎ᠡ ᠭᠠᠷᠤᠭᠰᠠᠨ ᠪᠠᠶᠢᠪᠠᠯ᠂ ᠲᠠᠪᠤᠨ ᠡᠳᠦᠷ ᠠᠴᠠ  ᠳᠡᠭᠡᠭᠰᠢ ᠠᠷᠪᠠᠨ ᠡᠳᠦᠷ ᠠᠴᠠ ᠲᠤᠷᠤᠭᠰᠢ ᠲᠥᠷ ᠬᠤᠷᠢᠬᠤ ᠪᠠᠷ ᠰᠢᠳᠬᠡᠵᠦ᠂  ᠲᠠᠪᠤᠨ ᠵᠠᠭᠤᠨ  ᠲᠥᠭᠦᠷᠢᠭ ᠠᠴᠠ  ᠲᠤᠷᠤᠭᠰᠢ  ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠣᠯᠤᠨ᠎ᠠ᠃   
1_proc.jpg
2_proc.jpg
ᠢᠷᠡᠯᠲᠡ᠄ ᠠᠷᠠᠳ ᠤᠨ ᠰᠦᠯᠵᠢᠶ᠎ᠡ