9 ᠳ᠋ᠤᠭᠡᠷ ᠰᠠᠷ᠎ᠠ ᠶᠢᠨ 8 ᠤ ᠡᠳᠦᠷ᠂ ᠬᠢᠶ᠎ᠠ ᠪᠠᠭᠰᠢ ᠲᠣᠭᠤᠷᠢᠭ 38 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ | ᠬᠢᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠰᠢᠩ ᠵᠧᠩ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠨ ᠤ ᠰᠤᠷᠭᠠᠨ ᠬᠥᠮᠦᠵᠢᠯ ᠤᠨ ᠬᠠᠮᠲᠤ ᠶᠢᠨ | ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠬᠢᠯ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠬᠢᠨ | ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠰᠠᠶᠢᠰᠢᠶᠠᠨ ᠬᠥᠬᠢᠭᠦᠯᠬᠦ ᠶᠡᠭᠡ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧᠦ ᠮᠧᠩ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠲᠣᠭᠤᠷᠢᠭ ᠤᠨ ᠳᠠᠷᠤᠭ᠎ᠠ ᠸᠠᠩ ᠵᠢᠶᠣᠣ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠡᠷᠬᠢᠯᠡᠪᠡ᠃ ᠲᠤᠭᠤᠷᠢᠭ ᠤᠨ | ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ᠂ ᠠᠵᠤ | ᠠᠬᠤᠶᠢᠯᠠᠯᠲᠠᠨ ᠤ ᠲᠥᠯᠥᠭᠡᠯᠡᠭᠴᠢ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠳᠠᠷᠤᠭ᠎ᠠ ᠂ ᠴᠡᠴᠡᠷᠯᠢᠭ ᠤᠨ | ᠳᠠᠷᠤᠭ᠎ᠠ᠂ ᠱᠦᠵᠢ᠂ ᠬᠥᠬᠢᠭᠦᠯᠦᠯ ᠭᠥᠷᠳᠡᠭᠰᠡᠨ ᠪᠥᠬᠦ ᠬᠥᠮᠥᠰ᠂ ᠪᠠᠭᠰᠢ ᠶᠢᠨ ᠲᠥᠯᠥᠭᠡᠯᠡᠭᠴᠢ ᠶᠡᠭᠡ ᠬᠤᠷᠠᠯ ᠳᠤ ᠣᠷᠣᠯᠴᠠᠪᠠ᠃ | | | | | | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠰᠢᠩ ᠵᠧᠩ ᠱᠠᠩᠨᠠᠯ ᠣᠯᠣᠭᠰᠠᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ | | ᠬᠤᠷᠠᠯ ᠳᠡᠭᠡᠷ᠎ᠡ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠼᠦᠢ ᠬᠤᠤ ᠬᠥᠬᠢᠭᠦᠯᠦᠨ | ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ ᠶᠡᠭᠡ ᠬᠤᠷᠠᠯ ᠠᠴᠠ ᠰᠢᠯᠢᠳᠡᠭ ᠣᠨ ᠤ ᠡᠷᠬᠢᠯᠡᠭᠴᠢ ᠶᠢᠨ ᠲᠥᠯᠥᠭᠡᠯᠡᠭᠴᠢ᠂ ᠰᠢᠯᠢᠳᠡᠭ ᠰᠢᠨᠵᠢᠯᠡᠭᠡᠨ ᠤ | ᠳᠤᠭᠤᠶᠢᠯᠠᠩ ᠤᠨ ᠳᠠᠷᠤᠭ᠎ᠠ ᠶᠢᠨ ᠲᠥᠯᠥᠭᠡᠯᠡᠭᠴᠢ᠂ ᠰᠤᠷᠭᠠᠨ ᠬᠥᠮᠦᠵᠢᠯ ᠤᠨ ᠰᠢᠯᠢᠳᠡᠭ ᠴᠢᠳᠠᠪᠤᠷᠢᠲᠠᠨ᠂ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠳ ᠤᠨ | ᠲᠥᠯᠥᠭᠡᠯᠡᠭᠴᠢ᠂ ᠰᠢᠯᠢᠳᠡᠭ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠲᠥᠯᠥᠭᠡᠯᠡᠭᠴᠢ᠂ ᠰᠢᠯᠢᠳᠡᠭ ᠠᠩᠭᠢ ᠶᠢᠨ ᠡᠷᠬᠢᠯᠡᠭᠴᠢ ᠶᠢᠨ ᠲᠥᠯᠥᠭᠡᠯᠡᠭᠴᠢ᠂ | ᠰᠢᠯᠢᠳᠡᠭ ᠪᠠᠭᠰᠢ ᠶᠢᠨ ᠲᠥᠯᠥᠭᠡᠯᠡᠭᠴᠢ᠂ ᠬᠠᠮᠤᠭ ᠤᠨ ᠭᠤᠶᠤ ᠪᠠᠭᠰᠢ ︵ᠪᠠᠭᠰᠢ ᠶᠢᠨ ᠶᠣᠰᠣ ᠰᠤᠷᠲᠠᠬᠤᠨ ᠤ ᠵᠢᠱᠢᠶᠡᠴᠢ︶ ᠶᠢᠨ ᠲᠥᠯᠥᠭᠡᠯᠡᠭᠴᠢ ᠳᠤ ᠱᠠᠩᠨᠠᠯ | ᠭᠠᠷᠳᠠᠭᠤᠯᠵᠠᠢ᠃ | ᠣᠶᠢᠷ᠎ᠠ ᠶᠢᠨ ᠵᠢᠯ ᠠᠴᠠ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠥᠷᠨᠢᠭᠦᠨ ᠬᠥᠭᠵᠢᠵᠦ᠂ ︽ᠳᠤᠮᠳᠠᠳᠤ ᠤᠯᠤᠰ ᠤᠨ ᠰᠠᠭᠤᠷᠢ | ᠰᠤᠷᠭᠠᠨ ᠬᠥᠮᠦᠵᠢᠯ ᠤᠨ ᠨᠡᠷᠡᠳᠦ ᠬᠤᠳᠠ︾ ᠶᠢ ᠴᠣᠭᠴᠠᠯᠠᠬᠤ ᠠᠵᠢᠯ ᠲᠣᠭᠲᠠᠭᠤᠨ ᠢᠶᠠᠷ ᠶᠠᠪᠤᠭᠳᠠᠪᠠ ᠃ ︽ ᠰᠤᠷᠭᠠᠨ ᠬᠦᠮᠦᠵᠢᠯ ᠤᠨ ᠬᠤᠰᠢᠭᠤᠴᠢ | ᠴᠢᠨᠠᠷᠯᠢᠭ ᠬᠥᠮᠦᠵᠢᠯ︾ ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠳᠡᠭ ᠢᠶᠠᠷ ᠬᠥᠲᠥᠯᠥᠨ ᠳᠠᠭᠠᠭᠤᠯᠵᠤ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠵᠦ᠂ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠭᠡᠷ ᠪᠦᠯᠢ ᠰᠤᠷᠭᠠᠭᠤᠯᠢ | ᠨᠡᠶᠢᠭᠡᠮ ᠤᠨ ᠬᠠᠮᠲᠤᠷᠠᠯᠴᠠᠨ ᠬᠥᠮᠥᠨ ᠬᠥᠮᠥᠵᠢᠭᠦᠯᠬᠦ ᠰᠤᠳᠤᠯᠭᠠᠨ ᠤ ᠰᠡᠳᠦᠪ ᠤᠨ ᠰᠤᠳᠤᠯᠭᠠᠨ ᠪᠦᠬᠦ ᠤᠯᠤᠰ ᠲᠤ ᠲᠡᠷᠢᠭᠦᠯᠡᠵᠦ᠂ ︽ᠬᠤᠶᠠᠷ ᠢ ᠬᠦᠩᠭᠡᠷᠡᠬᠦᠯᠬᠦ︾ | ᠠᠵᠢᠯ ᠪᠦᠬᠦ ᠬᠤᠳᠠ ᠶᠢᠨ ᠤᠷᠢᠳᠠᠪᠠᠷ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠪᠣᠯᠵᠤ᠂ ︽ ᠬᠢᠶ᠎ᠠ ᠪᠠᠭᠰᠢ︾ ᠶᠢᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠰᠦᠨᠡᠰᠦ ᠶᠢ ᠴᠤᠭᠴᠠᠯᠠᠬᠤ ᠢᠨᠵᠧᠨᠧᠷᠢᠩ ᠢ ᠭᠦᠨᠵᠡᠭᠡᠢ ᠠᠬᠢᠭᠤᠯᠵᠤ᠂ ᠪᠠᠭᠰᠢ ᠶᠢᠨ ᠬᠡᠪ ᠪᠣᠯᠪᠠᠰᠤᠷᠠᠯ ᠤᠨ ᠴᠢᠳᠠᠪᠤᠷᠢ ᠶᠢ ᠤᠨᠢᠨ ᠳᠡᠭᠡᠷ᠎ᠡ ᠨᠢ ᠳᠡᠭᠡᠭᠰᠢᠯᠡᠭᠦᠯᠵᠦ᠂ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠣᠷᠣᠨ ᠢ ᠠᠮᠵᠢᠯᠲᠠ ᠲᠠᠢ ᠪᠠᠶᠢᠭᠤᠯᠵᠤ᠂ ᠬᠢᠶ᠎ᠠ ᠪᠠᠭᠰᠢ | ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠪᠦᠬᠦᠯᠢ ᠴᠣᠭᠴᠠ ᠪᠠᠷ ᠢᠶᠠᠨ ᠰᠢᠨ᠎ᠡ ᠳᠡᠭᠲᠡᠷ ᠲᠤ ᠭᠠᠷᠪᠠ᠃ | ᠠᠷᠪᠠᠨ ᠲᠠᠪᠤᠨ ᠵᠢᠯ ᠤᠨ ᠲᠤᠷᠰᠢ ᠬᠢᠶ᠎ᠠ ᠪᠠᠭᠰᠢ ᠤᠨ ᠰᠤᠷᠭᠠᠨ ᠬᠥᠮᠦᠵᠢᠯ ᠤᠨ ᠨᠠᠷᠠᠲᠤ ᠲᠡᠮᠳᠡᠭ ᠬᠡᠷᠡᠯ ᠢᠶᠠᠨ ᠰᠠᠴᠤᠷᠠᠭᠤᠯᠵᠤ᠂ ᠪᠠᠭᠰᠢ ᠨᠠᠷ ᠤᠨ | ᠰᠢᠷᠭᠠᠭᠤ ᠬᠥᠳᠡᠯᠮᠦᠷᠢ ᠠᠴᠠ ᠰᠠᠯᠵᠤ ᠴᠢᠳᠠᠬᠤ ᠦᠭᠡᠢ ᠶᠤᠮ᠃ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠮᠠᠨ ᠤ ᠤᠯᠤᠰ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠰᠢᠨ᠎ᠡ | ᠠᠶᠠᠨ ᠵᠠᠮ ᠳᠤ ᠣᠷᠣᠬᠤ ᠴᠢᠬᠤᠯᠠ ᠨᠢᠭᠡ ᠵᠢᠯ ᠮᠥᠨ᠂ ᠪᠠᠰᠠ ᠴᠤ ᠬᠢᠶ᠎ᠠ ᠪᠠᠭᠰᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ︽ | ᠳᠤᠮᠳᠠᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠨᠡᠷᠡᠳᠦ ᠬᠤᠳᠠ︾ ᠶᠢ ᠴᠣᠭᠴᠠᠯᠠᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠮᠥᠨ᠃ ᠰᠢᠨ᠎ᠡ ᠴᠠᠭ | ᠦᠶ᠎ᠡ ᠶᠢᠨ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯᠲᠠᠳ ᠨᠡᠩ ᠢᠯᠡᠭᠦᠦ ᠴᠢᠷᠮᠠᠶᠢᠨ ᠠᠵᠢᠯᠯᠠᠵᠤ᠂ | ᠦᠷᠭᠦᠯᠵᠢ ᠪᠠᠭᠰᠢ ᠶᠢᠨ ᠶᠣᠰᠣ ᠰᠤᠷᠲᠠᠬᠤᠨ ᠢ ᠡᠷᠬᠢᠮᠯᠡᠵᠦ᠂᠂ ᠭᠠᠷᠮᠠᠭᠠᠢ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ᠂ ᠨᠡᠩ ᠭᠤᠣᠯᠴᠢ᠂ ᠨᠡᠩ ᠶᠠᠰᠤ ᠴᠢᠨᠠᠷᠲᠠᠢ᠂ | ᠰᠠᠭᠤᠭᠠᠯᠢ ᠠᠷᠠᠳ ᠨᠡᠩ ᠬᠠᠨᠤᠮᠵᠢᠲᠠᠢ ᠬᠢᠶ᠎ᠠ ᠪᠠᠭᠰᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃ | | | |