ᠳ᠋ᠥᠩᠱᠧᠩ ᠤᠨ ᠴᠠᠭᠳᠠᠭ᠎ᠠ ᠬᠠᠭᠤᠷᠮᠠᠭ ᠡᠮ ᠦᠢᠯᠡᠳᠪᠦᠷᠢᠯᠡᠬᠰᠡᠨ 4 ᠡᠭᠦᠷ ᠢ ᠡᠪᠳᠡᠪᠠ
ᠨᠡᠶᠢᠲᠡᠯᠡᠭᠰᠡᠨ ᠴᠠᠭ᠄
2022/9/20
        ᠶᠠᠯᠠᠳᠤ ᠠᠵᠢᠯᠯᠠᠭ᠎ᠠ ᠳᠤ ᠴᠣᠬᠢᠯᠲᠠ ᠥᠭᠴᠦ ᠤᠷᠴᠢᠨ ᠳᠤᠭᠤᠷᠢᠨ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ᠂ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳ᠋ᠦᠩᠱᠧᠩ ᠬᠤᠪᠢᠶᠠᠷᠢ ᠲᠣᠪᠴᠢᠶᠠᠨ ᠤ ᠬᠢᠨ ᠬᠠᠭᠤᠷᠮᠠᠭ ᠡᠮ ᠠᠴᠠ ᠰᠦᠪᠡᠭᠴᠢᠯᠡᠨ ᠪᠥᠬᠦ ᠬᠡᠯᠬᠢᠶ᠎ᠡ ᠶᠢ ᠪᠠᠶᠢᠴᠠᠭᠠᠭᠠᠳ᠂ ᠪᠥᠬᠦ ᠤᠯᠤᠰ ᠤᠨ 10 ᠭᠠᠷᠤᠶ ᠮᠤᠵᠢ ᠬᠤᠲᠠ ᠳᠤ ᠪᠤᠷᠤᠯᠠᠭᠤᠯᠭ᠎ᠠ ᠶᠢᠨ ᠳᠤᠤᠷ ᠲᠠᠢ ᠨᠢᠭᠡᠨ ᠬᠠᠭᠤᠷᠮᠠᠭ ᠡᠮ ᠦᠢᠯᠡᠳᠪᠦᠷᠢᠯᠡᠨ ᠪᠣᠷᠣᠯᠠᠭᠤᠯᠤᠭᠰᠠᠨ ᠬᠡᠷᠡᠭ ᠢ ᠠᠮᠵᠢᠯᠲᠠ ᠲᠠᠢ ᠯᠡᠪᠡᠷᠡᠭᠦᠯᠵᠦ᠂ ᠬᠠᠭᠤᠷᠮᠠᠭ ᠡᠮ ᠦᠢᠯᠡᠳᠪᠦᠷᠢᠯᠡᠭᠰᠡᠨ 4 ᠡᠭᠦᠷ ᠢ ᠡᠪᠳᠡᠵᠦ᠂ 6 ᠬᠡᠷᠡᠭ ᠤᠨ ᠰᠡᠵᠢᠭᠳᠡᠨ ᠢ ᠪᠠᠷᠢᠪᠴᠢᠯᠠᠨ᠂ ᠲᠤᠬᠠᠶ ᠶᠢᠨ ᠲᠠᠯᠠᠪᠤᠷ ᠠᠴᠠ ᠬᠡᠷᠡᠭ ᠲᠤ ᠬᠤᠯᠪᠣᠭᠳᠠᠭᠰᠠᠨ 3.4 ᠲᠦᠮᠡ ᠭᠠᠷᠤᠶ ᠪᠣᠭᠤᠳᠠᠯ ᠡᠮ᠂ 600 ᠺᠢᠯᠣᠭ᠍ᠷᠠᠮ ᠲᠦᠭᠦᠬᠡᠶ ᠮᠠᠲ᠋ᠧᠷᠢᠶᠠᠯ ᠤᠨ ᠨᠤᠨᠲᠠᠭ᠂ ᠡᠮ ᠨᠠᠶᠢᠷᠠᠭᠤᠯᠳᠠᠭ 3 ᠲᠥᠬᠦᠭᠡᠷᠦᠮᠵᠢ ᠵᠢᠴᠢ ᠶᠡᠭᠡ ᠬᠡᠮᠵᠢᠶᠡᠨ ᠤ ᠭᠠᠳᠠᠷ ᠪᠣᠭᠤᠳᠠᠯ ᠤᠨ ᠮᠠᠲ᠋ᠧᠷᠢᠶᠠᠯ ᠢ ᠪᠠᠶᠢᠴᠠᠭᠠᠨ ᠬᠤᠷᠢᠶᠠᠮᠵᠢᠯᠠᠵᠤ᠂ ᠬᠡᠷᠡᠭ ᠲᠤ ᠬᠤᠯᠪᠣᠭᠳᠠᠭᠰᠠᠨ ᠥᠷᠲᠡᠭ ᠨᠢ 700 ᠭᠠᠷᠤᠶ ᠲᠦᠮᠡᠨ ᠲᠥᠭᠦᠷᠢᠭ ᠲᠤ ᠬᠦᠷᠴᠡᠶ᠃             ᠬᠠᠭᠤᠷᠮᠠᠭ ᠡᠮ ᠢ ᠳᠠᠩᠨᠠᠨ ᠢᠯᠡᠷᠡᠭᠦᠯᠥᠭᠰᠡᠨ ᠨᠢ            ᠡᠨᠡ ᠵᠢᠯ ᠤᠨ 2 ᠰᠠᠷ᠎ᠠ ᠳᠤ᠂ ᠳ᠋ᠦᠩᠱᠧᠩ ᠬᠤᠪᠢᠶᠠᠷᠢ ᠲᠣᠪᠴᠢᠶ᠎ᠠ ᠶᠢᠨ ᠤᠷᠴᠢᠨ ᠳᠤᠭᠤᠷᠢᠨ ᠢᠳᠡᠭᠡᠨ ᠡᠮ ᠤᠨ ᠵᠥᠢᠯᠡᠰ ᠢ ᠲᠠᠩᠨᠠᠨ ᠪᠠᠶᠢᠴᠠᠭᠠᠬᠤ ᠶᠡᠭᠡ ᠠᠩᠭᠢ ᠶᠢᠨ ᠴᠠᠭᠳᠠᠭ᠎ᠠ ᠬᠡᠷᠡᠭ ᠤᠨ ᠰᠦᠪᠡᠭᠴᠢ ᠶᠢ ᠳᠠᠩᠨᠠᠨ ᠪᠠᠶᠢᠴᠠᠭᠠᠬᠤ ᠶᠠᠪᠤᠴᠠ ᠳᠤ ᠳ᠋ᠦᠩᠱᠧᠩ ᠤᠨ ᠨᠢᠭᠡᠨ ᠰᠠᠭᠤᠭᠠᠯᠢ ᠲᠣᠭᠤᠷᠢᠭ ᠤᠨ ᠠᠰᠠᠷ ᠲᠤᠳᠤᠷ᠎ᠠ ᠵᠠᠷᠢᠮ ᠬᠥᠮᠦᠨ ︽ᠳᠡᠭᠡᠳᠦᠰ ᠠᠴᠠ ᠤᠯᠠᠮᠵᠢᠯᠠᠭᠰᠠᠨ ᠨᠢᠭᠤᠴᠠ ᠵᠣᠷ ᠤᠨ ᠴᠡᠪᠡᠷ ᠬᠢᠲᠠᠳ ᠡᠮ︾ ᠭᠡᠮᠡᠨ ᠨᠢᠭᠡ ᠵᠦᠢᠯ ᠤᠨ ᠨᠤᠨᠲᠠᠭ ᠬᠢᠲᠠᠳ ᠡᠮ ᠢ ᠪᠣᠷᠣᠯᠠᠭᠤᠯᠵᠤ᠂ ᠡᠨᠡ ᠡᠮ ᠨᠢ ᠦᠶ᠎ᠡ ᠭᠡᠰᠢᠭᠦᠥ ᠶᠢᠨ ᠡᠪᠡᠷᠰᠢᠶᠡᠯ᠂ ᠦᠶ᠎ᠡ ᠭᠡᠰᠢᠭᠦᠤ ᠶᠢᠨ ᠦᠷᠪᠢᠰᠦᠯ ᠢ ᠵᠠᠰᠠᠬᠤ ᠳᠤ ᠣᠨᠴᠠᠭᠠᠶ ᠰᠠᠶᠢᠨ ᠦᠢᠯᠡᠳᠦᠯ ᠲᠠᠢ ᠭᠡᠵᠤ ᠤᠬᠠᠭᠤᠯᠤᠨ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠬᠤᠳᠠᠯᠳᠤᠨ ᠠᠪᠴᠤ ᠪᠠᠶᠢᠭ᠎ᠠ ᠶᠢ ᠥᠢᠯᠠᠭᠠᠵᠤ ᠮᠡᠳᠡᠪᠡ᠃            ᠴᠠᠭᠳᠠᠭ᠎ᠠ ᠶᠢᠨ ᠣᠶᠢᠯᠠᠭᠠᠭᠰᠠᠨ ᠢᠶᠠᠷ᠂ ᠲᠤᠰ ᠡᠮ ᠢ ᠪᠣᠷᠣᠯᠠᠭᠤᠯᠵᠤ ᠪᠠᠶᠢᠭ᠎ᠠ ᠭᠠᠵᠠᠷ ᠨᠢ ᠡᠮᠨᠡᠯᠭᠡ ᠶᠢᠨ ᠬᠤᠷᠢᠶ᠎ᠠ ᠪᠤᠶᠤ ᠡᠮᠴᠢᠯᠡᠭᠡᠨ ᠤ ᠭᠠᠵᠠᠷ ᠪᠢᠰᠢ᠂ ᠪᠣᠷᠣᠯᠠᠭᠤᠯᠤᠭᠴᠢ ᠨᠢ ᠴᠤ ᠡᠮᠴᠢᠯᠡᠭᠡᠨ ᠤ ᠬᠤᠯᠪᠣᠭᠳᠠᠯ ᠪᠦᠬᠦᠢ ᠠᠵᠢᠯ ᠬᠢᠭᠰᠡᠨ ᠥᠩᠭᠡᠷᠡᠯᠲᠡ ᠦᠭᠡᠶ ᠮᠥᠷᠳᠡᠭᠡᠨ ᠬᠤᠳᠠᠯᠳᠤᠵᠤ ᠪᠠᠶᠢᠭ᠎ᠠ ᠡᠮ ᠢ ᠵᠥᠪᠬᠡᠨ ᠰᠣᠨᠢᠨ ᠢᠶᠠᠷ ᠳᠥᠭᠦᠮᠬᠡᠨ ᠡᠪᠬᠡᠨ ᠪᠠᠭᠯᠠᠵᠤ᠂ ᠶᠠᠮᠠᠷ ᠴᠤ ᠲᠡᠮᠳᠡᠭ ᠳᠤᠳᠤᠷᠬᠠᠶᠢᠯᠠᠯᠳᠠ ᠦᠭᠡᠶ ᠪᠤᠯᠬᠤᠷ ᠬᠠᠭᠤᠷᠮᠠᠭ ᠡᠮ ᠪᠠᠶᠢᠬᠤ ᠮᠠᠭᠠᠳ ᠲᠠᠢ᠃ ᠴᠠᠭᠳᠠᠭ᠎ᠠ ᠡᠬᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠡᠷᠡᠭ ᠲᠤ ᠬᠤᠯᠪᠣᠭᠳᠠᠭᠰᠠᠨ ᠡᠮ ᠤᠨ ᠵᠦᠢᠯ ᠢ ᠲᠡᠷᠡ ᠳᠠᠷᠤᠶ ᠳᠤᠨᠢ ᠬᠢᠨᠠᠨ ᠪᠠᠶᠢᠴᠠᠭᠠᠯᠭᠠᠬᠤ ᠪᠠᠷ ᠬᠦᠷᠭᠡᠵᠡᠢ᠃            ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠢᠶᠠᠷ᠂ ᠬᠦᠷᠭᠡᠵᠤ ᠠᠪᠴᠢᠷᠠᠭᠰᠠᠨ ᠡᠮ ᠤᠨ ᠨᠤᠨᠲᠠᠭ ᠳᠤᠳᠤᠷ᠎ᠠ 6 ᠵᠦᠢᠯ ᠤᠨ ᠡᠪᠡᠳᠬᠦ ᠶᠢ ᠵᠣᠭᠰᠣᠭᠠᠬᠤ ᠪᠠ ᠬᠤᠷᠮᠣᠨ ᠤ ᠲᠥᠷᠥᠯ ᠤᠨ ᠧᠦ᠋ᠷᠣᠫᠠ ᠡᠮ ᠤᠨ ᠪᠦᠷᠢᠯᠳᠦᠬᠦᠨ ᠠᠭᠤᠯᠤᠭᠳᠠᠵᠤ ᠪᠠᠶᠢᠭ᠎ᠠ ᠶᠢ ᠪᠠᠶᠢᠴᠠᠭᠠᠨ ᠭᠠᠷᠭᠠᠵᠤ᠂ ᠬᠤᠳᠠᠯᠳᠤᠨ ᠠᠪᠤᠭᠴᠢ ᠤᠤᠭᠤᠭᠰᠠᠨ ᠤ ᠳᠠᠷᠠᠭ᠎ᠠ ᠣᠬᠤᠷᠬᠠᠨ ᠬᠤᠭᠤᠴᠠᠭᠠᠨ ᠳᠤ ᠡᠪᠡᠳᠬᠦ ᠮᠡᠳᠡᠷᠡᠮᠵᠢ ᠨᠢ ᠪᠠᠭᠤᠷᠠᠨ᠂ ᠡᠪᠡᠳᠴᠢᠨ ᠤ ᠪᠠᠶᠢᠳᠠᠯ ᠨᠢ ᠰᠠᠶᠢᠵᠢᠷᠠᠭᠰᠠᠨ ᠬᠠᠭᠤᠷᠮᠠᠭ ᠢᠯᠡᠷᠡᠯ ᠢ ᠪᠤᠢ ᠪᠤᠯᠭᠠᠳᠠᠭ᠂ ᠬᠡᠷᠪᠡ ᠤᠷᠲᠤ ᠬᠤᠭᠤᠴᠠᠭ᠎ᠠ ᠤᠤᠭᠤᠪᠠᠯ ᠡᠪᠡᠳᠴᠢᠨ ᠤ ᠪᠠᠶᠢᠳᠠᠯ ᠢ ᠣᠨᠣᠰᠢᠯᠠᠬᠤ ᠪᠠ ᠡᠮᠨᠡᠨ ᠵᠠᠰᠠᠬᠤ ᠶᠢ ᠰᠠᠭᠠᠲᠠᠭᠠᠵᠤ᠂ ᠲᠡᠷᠡᠴᠢᠯᠡᠨ ᠡᠪᠡᠳᠴᠢᠲᠡᠨ ᠤ ᠡᠯᠢᠭᠡ ᠪᠥᠭᠡᠷ᠎ᠡ ᠵᠡᠷᠭᠡ ᠡᠷᠬᠡᠲᠡᠨ ᠤ ᠠᠵᠢᠯᠯᠠᠭ᠎ᠠ ᠶᠢᠨ ᠳᠣᠷᠦ᠋ᠢᠲᠠᠯ ᠢ ᠬᠦᠨᠳᠦᠷᠡᠭᠦᠯᠵᠦ᠂ ᠪᠤᠰᠤᠳ ᠳᠠᠪᠬᠤᠴᠠᠭᠰᠠᠨ ᠡᠪᠡᠳᠴᠢᠨ ᠢ ᠡᠭᠦᠰᠭᠡᠳᠡᠭ᠂ ᠡᠶᠢᠮᠦ ᠠᠴᠠ ᠬᠠᠭᠤᠷᠮᠠᠭ ᠡᠮ ᠢᠶᠠᠷ ᠮᠠᠭᠠᠳᠯᠠᠨ ᠲᠣᠭᠲᠠᠭᠠᠪᠠ᠃            ᠣᠷᠳᠣᠰ ᠬᠤᠲᠠ ᠪᠤᠯᠤᠨ ᠳ᠋ᠥᠩᠱᠧᠩ ᠲᠣᠭᠤᠷᠢᠭ ᠤᠨ ᠬᠤᠶᠠᠷ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠶ ᠳᠤᠨᠢ ᠬᠤᠷᠴᠠ ᠱᠠᠯᠠᠮᠠᠭᠠᠶ ᠴᠠᠭᠳᠠᠭᠠᠨ ᠤ ᠬᠦᠴᠦᠨ ᠢ ᠵᠤᠬᠢᠶᠠᠨ ᠪᠠᠶᠢᠭᠤᠯᠤᠨ ᠲᠤᠰᠬᠠᠶ ᠬᠡᠷᠡᠭ ᠤᠨ ᠳᠤᠭᠤᠶᠢᠯᠠᠩ ᠢ ᠪᠠᠶᠢᠭᠤᠯᠵᠤ᠂ ᠳᠡᠩᠨᠡᠨ ᠯᠡᠪᠡᠷᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠪᠡ᠃             ᠡᠪᠰᠡᠯ ᠪᠦᠯᠦᠭ ᠤᠨ ᠵᠤᠬᠢᠶᠠᠨ ᠪᠠᠶᠢᠭᠤᠯᠤᠯᠳᠠ ᠶᠢᠨ ᠪᠦᠳᠤᠴᠡ ᠶᠢ ᠢᠯᠡᠷᠡᠬᠦᠯᠦᠭᠰᠡᠨ ᠨᠢ            ᠶᠠᠯᠠᠳᠤ ᠠᠵᠢᠯᠯᠠᠭ᠎ᠠ ᠶᠢᠨ ᠪᠥᠬᠦ ᠳᠠᠯ᠎ᠠ᠂ ᠪᠥᠬᠦ ᠭᠤᠭᠴᠤᠭ᠎ᠠ᠂ ᠪᠥᠬᠦ ᠬᠡᠯᠬᠢᠶ᠎ᠡ ᠳᠤ ᠴᠣᠬᠢᠯᠲᠠ ᠥᠭᠬᠦ ᠢᠢᠨ ᠲᠥᠯᠥᠭᠡ ᠲᠤᠰᠬᠠᠶ ᠬᠡᠷᠡᠭ ᠤᠨ ᠳᠤᠭᠤᠶᠢᠯᠠᠩ ᠤᠨ ᠬᠢᠨ ᠰᠠᠷ᠎ᠠ ᠰᠢᠬᠠᠮ ᠳᠠᠩᠨᠠᠨ ᠪᠠᠶᠢᠴᠠᠭᠠᠵᠤ ᠭᠡᠷᠡᠴᠢ ᠴᠤᠭᠯᠠᠭᠤᠯᠤᠭᠠᠳ᠂ ᠡᠨᠡ ᠪᠣᠯ ᠨᠢᠭᠡᠨ ᠪᠣᠷᠣᠯᠠᠭᠤᠯᠭ᠎ᠠ ᠶᠢᠨ ᠱᠠᠳᠤ ᠳᠠᠪᠬᠤᠷᠭ᠎ᠠ ᠲᠠᠢ ᠬᠠᠭᠤᠷᠮᠠᠭ ᠡᠮ ᠦᠢᠯᠡᠳᠪᠦᠷᠢᠯᠡᠨ ᠪᠣᠷᠣᠯᠠᠭᠤᠯᠤᠭᠰᠠᠨ ᠬᠡᠷᠡᠭ ᠮᠥᠨ᠂ ᠬᠡᠷᠡᠭ ᠲᠤ ᠬᠤᠯᠪᠣᠭᠳᠠᠭᠰᠠᠨ ᠬᠥᠮᠦᠨ ᠤ ᠲᠤᠭ᠎ᠠ ᠨᠢ ᠣᠯᠠᠨ ᠪᠦᠭᠡᠳ ᠪᠣᠷᠣᠯᠠᠭᠤᠯᠭ᠎ᠠ ᠶᠢᠨ ᠬᠡᠪᠴᠢᠶ᠎ᠡ ᠨᠢ ᠥᠷᠭᠡᠨ ᠭᠡᠵᠤ ᠮᠠᠭᠠᠳᠯᠠᠨ ᠲᠤᠬᠳᠠᠭᠠᠪᠠ᠃            ᠳᠤᠰ ᠬᠡᠷᠡᠭ ᠢ ᠲᠦᠷᠭᠡᠨ ᠪᠠᠶᠢᠴᠠᠭᠠᠨ ᠯᠡᠪᠡᠷᠡᠬᠦᠯᠬᠦ ᠶᠢᠨ ᠲᠥᠯᠥᠭᠡ ᠲᠤᠰᠬᠠᠶ ᠬᠡᠷᠡᠭ ᠤᠨ ᠳᠤᠭᠤᠶᠢᠯᠠᠩ ᠤᠨ ᠬᠢᠨ 5 ᠰᠠᠷ᠎ᠠ ᠶᠢᠨ 6 ᠤ ᠡᠳᠦᠷ ᠪᠠᠷᠢᠪᠴᠢᠯᠠᠬᠤ ᠠᠵᠢᠯᠯᠠᠭ᠎ᠠ ᠶᠢ ᠡᠷᠡᠰ ᠰᠢᠭᠤᠷᠬᠠᠶ ᠵᠠᠪᠤᠭᠳᠠᠭᠤᠯᠵᠤ᠂ ᠳ᠋ᠦᠩᠱᠧᠩ ᠲᠣᠭᠤᠷᠢᠭ ᠤᠨ ᠨᠢᠭᠡᠨ ᠰᠠᠭᠤᠭᠠᠯᠢ ᠲᠣᠭᠤᠷᠢᠭ ᠠᠴᠠ ᠬᠡᠷᠡᠭ ᠤᠨ ᠰᠡᠵᠢᠭᠳᠡᠨ ᠹᠧᠩ ᠣᠪᠣᠭᠲᠤ᠂ ᠸᠠᠩ ᠣᠪᠣᠭᠲᠤ ᠶᠢ ᠪᠠᠷᠢᠪᠴᠢᠯᠠᠨ᠂ ᠳᠤᠬᠠᠢ ᠶᠢᠨ ᠳᠠᠯᠠᠪᠣᠷ ᠠᠴᠠ 8100 ᠭᠠᠷᠤᠶ ᠪᠤᠭᠤᠳᠠᠭ ᠬᠠᠭᠤᠷᠮᠠᠭ ᠡᠮ᠂ ᠡᠳᠤᠢ ᠲᠡᠳᠤᠢ ᠬᠠᠭᠤᠷᠮᠠᠭ ᠡᠮ ᠤᠨ ᠪᠣᠭᠤᠳᠠᠯ ᠵᠢᠴᠢ ᠲᠦᠷᠭᠡᠨ ᠬᠦᠷᠭᠡᠯᠲᠡ ᠪᠠᠷ ᠪᠠᠷᠠᠭ᠎ᠠ ᠶᠠᠪᠤᠭᠤᠯᠤᠭᠰᠠᠨ ᠪᠠᠷᠢᠮᠲᠠ ᠨᠤᠭᠤᠳ ᠢ ᠪᠠᠶᠢᠴᠠᠭᠠᠨ ᠭᠠᠷᠭᠠᠵᠤ᠂ ᠳᠠᠷᠠᠭ᠎ᠠ ᠡᠳᠦᠷ ᠨᠢ ᠴᠠᠬᠳᠠᠭ᠎ᠠ ᠨᠠᠷ ᠲᠡᠳᠡᠨ ᠤ ᠬᠤᠳᠠᠯᠳᠤᠬᠰᠠᠨ ᠢᠯᠡᠭᠡᠭᠡᠳᠦᠢ 1.2 ᠲᠦᠮᠡ ᠭᠠᠷᠤᠶ ᠪᠤᠭᠤᠳᠠᠭ ᠬᠠᠭᠤᠷᠮᠠᠭ ᠡᠮ ᠢ ᠪᠠᠷᠠᠭᠠᠨ ᠤ ᠭᠦᠢᠯᠭᠡᠭᠡᠨ ᠤ ᠺᠣᠮᠫᠠᠨᠢ ᠠᠴᠠ ᠬᠤᠷᠢᠶᠠᠮᠵᠢᠯᠠᠨ ᠠᠪᠴᠠᠢ᠃            ᠪᠠᠶᠢᠴᠠᠭᠠᠭᠰᠠᠨ ᠢᠶᠠᠷ᠂ 2018 ᠣᠨ ᠠᠴᠠ ᠨᠠᠭᠠᠰᠢ ᠬᠡᠷᠡᠭ ᠤᠨ ᠰᠡᠵᠢᠭᠳᠡᠨ ᠹᠧᠩ ᠣᠪᠣᠭᠲᠤ᠂ ᠸᠠᠩ ᠣᠪᠣᠭᠲᠤ ᠬᠡᠷ ᠲᠡᠭᠡᠨ ᠬᠠᠭᠤᠷᠮᠠᠭ ᠡᠮ ᠦᠢᠯᠡᠳᠬᠦ ᠡᠭᠦᠷ ᠪᠠᠶᠢᠭᠤᠯᠵᠤ᠂ ᠬᠠᠭᠤᠷᠮᠠᠭ ᠡᠮ ᠥᠢᠯᠡᠳᠬᠦ ᠲᠦᠭᠦᠬᠡᠶ ᠮᠠᠲ᠋ᠧᠷᠢᠶᠠᠯ ᠤᠨ ᠨᠤᠨᠲᠠᠭ ᠢ ᠬᠤᠳᠠᠯᠳᠤᠨ ᠠᠪᠴᠢᠷᠠᠭᠠᠳ ᠬᠤᠪᠢᠶᠠᠨ ᠪᠣᠭᠤᠳᠠᠯᠯᠠᠭᠰᠠᠨ ᠤ ᠳᠠᠷᠠᠭ᠎ᠠ ᠲᠦᠷᠭᠡᠨ ᠬᠦᠷᠭᠡᠯᠳᠡ ᠪᠠ ᠰᠢᠤᠳᠠᠨ ᠢᠶᠠᠷ ᠢᠯᠡᠭᠡᠬᠦ ᠬᠡᠯᠪᠡᠷᠢ ᠪᠠᠷ ᠬᠠᠭᠤᠷᠮᠠᠭ ᠡᠮ ᠢ ᠣᠯᠠᠨ ᠮᠤᠵᠢ ᠬᠤᠲᠠ ᠶᠢᠨ ᠲᠣᠭᠲᠠᠮᠠᠯ ᠪᠤᠰᠤ ᠬᠥᠮᠥᠰ ᠲᠤ ᠪᠣᠷᠣᠯᠠᠭᠤᠯᠤᠨ ᠠᠰᠢᠭ ᠣᠯᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 100 ᠭᠠᠷᠤᠶ ᠲᠦᠮᠡᠨ ᠲᠥᠭᠦᠷᠢᠭ ᠲᠤ ᠬᠦᠷᠴᠡᠶ᠃            ᠶᠠᠯᠠᠲᠤ ᠠᠵᠢᠯᠯᠠᠭ᠎ᠠ ᠶᠢᠨ ᠬᠡᠯᠬᠢᠶ᠎ᠡ ᠶᠢ ᠲᠦᠢᠯᠪᠤᠷᠢᠲᠠᠶ ᠲᠠᠰᠤᠯᠬᠤ ᠶᠢᠨ ᠲᠥᠯᠥᠭᠡ ᠲᠤᠰᠬᠠᠶ ᠬᠡᠷᠡᠭ ᠤᠨ ᠳᠤᠭᠤᠶᠢᠯᠠᠩ ᠤᠨ ᠬᠢᠨ ᠪᠣᠷᠣᠯᠠᠭᠤᠯᠭ᠎ᠠ ᠶᠢᠨ ᠦᠵᠤᠬᠦᠷ ᠠᠴᠠ ᠠᠳᠬᠤᠵᠤ᠂ ᠦᠢᠯᠡᠳᠪᠦᠷᠢᠯᠡᠯ ᠤᠨ ᠡᠬᠢ ᠢᠷᠡᠯᠳᠡ ᠶᠢ ᠤᠬᠤᠴᠢᠯᠠᠨ ᠨᠡᠬᠡᠮᠵᠢᠯᠡᠭᠡᠳ᠂ ᠭᠠᠳᠠᠨ᠎ᠠ ᠮᠤᠵᠢ ᠶᠢᠨ ᠨᠢᠭᠡᠨ ᠭᠠᠵᠠᠷ ᠲᠤ ᠦᠢᠯᠡᠳᠪᠦᠷᠢᠯᠡᠵᠤ ᠂ ᠬᠤᠪᠢᠶᠠᠨ ᠪᠤᠭᠤᠳᠠᠯᠯᠠᠵᠤ᠂ ᠪᠥᠭᠡᠮ ᠢᠶᠠᠷ ᠪᠣᠷᠣᠯᠠᠭᠤᠯᠤᠨ᠂ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ ᠪᠠᠷ ᠪᠥᠬᠦ ᠤᠯᠤᠰ ᠤᠨ ᠡᠯ᠎ᠡ ᠭᠠᠵᠠᠷ ᠤᠨ ᠵᠢᠵᠢᠭᠯᠡᠨ ᠪᠣᠷᠣᠯᠠᠭᠤᠯᠬᠤ ᠬᠤᠳᠠᠯᠳᠤᠭᠠᠴᠢᠳ ᠵᠢᠴᠢ ᠡᠮ ᠬᠤᠳᠠᠯᠳᠤᠨ ᠠᠪᠤᠭᠰᠠᠨ ᠡᠪᠡᠳᠴᠢᠲᠡᠳ ᠲᠤ ᠶᠠᠪᠤᠭᠤᠯᠵᠤ ᠪᠠᠶᠢᠭ᠎ᠠ ᠬᠠᠭᠤᠷᠮᠠᠭ ᠡᠮ ᠦᠢᠯᠡᠳᠪᠤᠷᠢᠯᠡᠨ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠶᠢᠨ ᠬᠡᠯᠬᠢᠶ᠎ᠡ ᠶᠢ ᠮᠠᠰᠢ ᠲᠦᠷᠭᠡᠨ ᠪᠠᠶᠢᠴᠠᠭᠠᠨ ᠳᠣᠲᠣᠯᠠᠭᠰᠠᠨ ᠪᠠᠶᠢᠨ᠎ᠠ᠃             ᠬᠠᠭᠤᠷᠮᠠᠭ ᠡᠮ ᠦᠢᠯᠡᠳᠪᠤᠷᠢᠯᠡᠨ ᠪᠣᠷᠣᠯᠠᠭᠤᠯᠬᠤ ᠬᠡᠯᠬᠢᠶ᠎ᠡ ᠶᠢ ᠲᠠᠰᠤᠯᠤᠭᠰᠠᠨ ᠨᠢ            ᠡᠮᠦᠨ᠎ᠡ ᠬᠤᠭᠤᠴᠠᠭᠠᠨ ᠤ ᠡᠵᠡᠮᠰᠢᠭᠰᠡᠨ ᠬᠡᠷᠡᠭ ᠤᠨ ᠰᠦᠪᠡᠭᠴᠢ ᠶᠢ ᠦᠨᠳᠦᠰᠦᠯᠡᠨ ᠲᠤᠰᠬᠠᠶ ᠬᠡᠷᠡᠭ ᠤᠨ ᠳᠤᠭᠤᠶᠢᠯᠠᠩ ᠤᠨ ᠴᠠᠭᠳᠠᠭ᠎ᠠ ᠨᠠᠷ ᠭᠠᠳᠠᠨ᠎ᠠ ᠮᠤᠵᠢ ᠳᠤ ᠤᠴᠢᠵᠤ ᠳᠠᠩᠨᠠᠨ ᠪᠠᠶᠢᠴᠠᠭᠠᠵᠤ᠂ ᠬᠡᠷᠡᠭ ᠤᠨ ᠰᠡᠵᠢᠭᠳᠡᠨ ᠢ ᠮᠠᠨᠠᠬᠤ᠂ ᠮᠥᠷᠳᠡᠨ ᠪᠠᠶᠢᠴᠠᠭᠠᠬᠤ ᠵᠡᠷᠭᠡ ᠠᠷᠭ᠎ᠠ ᠪᠠᠷ ᠬᠡᠷᠡᠭ ᠲᠤ ᠬᠤᠯᠪᠤᠭᠳᠠᠭᠰᠠᠨ ᠬᠥᠮᠦᠰ ᠤᠨ ᠪᠡᠶ᠎ᠡ ᠶᠢᠨ ᠥᠨᠡᠮᠯᠡᠯ ᠵᠢᠴᠢ ᠬᠠᠭᠤᠷᠮᠠᠭ ᠡᠮ ᠦᠢᠯᠡᠳᠪᠦᠷᠢᠯᠡᠵᠤ ᠪᠠᠶᠢᠭ᠎ᠠ ᠡᠭᠦᠷ ᠤᠨ ᠤᠷᠤᠨ ᠪᠠᠶᠢᠷᠢ ᠵᠡᠷᠭᠡ ᠮᠡᠳᠡᠭᠡ ᠵᠠᠩᠭᠢ ᠶᠢ ᠠᠯᠬᠤᠮ ᠠᠯᠬᠤᠮ ᠢᠶᠠᠷ ᠪᠠᠶᠢᠴᠠᠭᠠᠨ ᠳᠣᠲᠣᠯᠠᠪᠠ᠃ 5 ᠰᠠᠷ᠎ᠠ ᠶᠢᠨ 23 ᠤ ᠥᠳᠡᠰᠢ ᠲᠤᠰᠬᠠᠶ ᠬᠡᠷᠡᠭ ᠤᠨ ᠳᠤᠭᠤᠶᠢᠯᠠᠩ ᠤᠨ ᠴᠠᠭᠳᠠᠭ᠎ᠠ ᠨᠠᠷ ᠬᠡᠷᠡᠭ ᠤᠨ ᠰᠡᠵᠢᠭᠳᠡᠨ ᠯᠢᠶᠠᠩ ᠣᠪᠣᠭᠲᠤ᠂ ᠭᠦᠸᠧ ᠣᠪᠣᠭᠲᠤ ᠶᠢ ᠪᠠᠷᠢᠪᠴᠢᠯᠠᠨ᠂ ᠬᠠᠭᠤᠷᠮᠠᠭ ᠡᠮ ᠦᠢᠯᠡᠳᠥᠭᠰᠡᠨ 1 ᠡᠭᠦᠷ ᠢ ᠡᠪᠳᠡᠵᠤ᠂ ᠲᠤᠬᠠᠶ ᠶᠢᠨ ᠲᠠᠯᠠᠪᠤᠷ ᠠᠴᠠ 1.3 ᠲᠦᠮᠡ ᠭᠠᠷᠤᠶ ᠪᠣᠭᠤᠳᠠᠭ ᠬᠠᠭᠤᠷᠮᠠᠭ ᠡᠮ᠂ ᠪᠤᠭᠤᠳᠠᠯᠯᠠᠭᠰᠠᠨ ᠥᠭᠡᠢ ᠬᠠᠭᠤᠷᠮᠠᠭ ᠡᠮ ᠤᠨ ᠲᠥᠭᠦᠬᠡᠢ ᠮᠠᠲᠧᠷᠢᠶᠠᠯ 504 ᠺᠢᠯᠣᠭ᠍ᠷᠠᠮ᠂ ᠬᠠᠭᠤᠷᠮᠠᠭ ᠡᠮ ᠦᠢᠯᠡᠳᠬᠦ 1ᠲᠥᠬᠦᠭᠡᠷᠦᠮᠵᠢ ᠶᠢ ᠪᠠᠶᠢᠴᠠᠭᠠᠨ ᠬᠤᠷᠢᠶᠠᠮᠵᠢᠯᠠᠵᠤ᠂ ᠳᠠᠷᠠᠭ᠎ᠠ ᠡᠳᠦᠷ ᠨᠢ ᠨᠢᠭᠡᠨᠳᠡ ᠪᠣᠷᠣᠯᠠᠭᠤᠯᠤᠭᠠᠳ ᠵᠥᠭᠡᠭᠡᠪᠦᠷᠢᠯᠡᠬᠦ ᠪᠠᠷ ᠪᠡᠯᠡᠳᠬᠡᠵᠤ ᠪᠠᠶᠢᠭᠰᠠᠨ 86 ᠺᠢᠯᠣᠭ᠍ᠷᠠᠮ ᠬᠠᠭᠤᠷᠮᠠᠭ ᠡᠮ ᠤᠨ ᠲᠦᠭᠦᠬᠡᠶ ᠮᠠᠲ᠋ᠧᠷᠢᠶᠠᠯ ᠢ ᠣᠯᠵᠠᠯᠠᠵᠠᠶ᠃            ᠰᠢᠭᠦᠨ ᠠᠰᠠᠭᠤᠭᠰᠠᠨ ᠳᠤ᠂ ᠬᠡᠷᠡᠭ ᠤᠨ ᠰᠡᠵᠢᠭᠳᠡᠨ ᠯᠢᠶᠠᠩ ᠣᠪᠣᠭᠲᠤ᠂ ᠭᠦᠸᠧ ᠣᠪᠣᠭᠲᠤ 2018 ᠣᠨ ᠠᠴᠠ ᠨᠠᠭᠠᠰᠢ ᠬᠠᠭᠤᠷᠮᠠᠭ ᠡᠮ ᠦᠢᠯᠡᠳᠬᠦ ᠡᠭᠦᠷ ᠭᠠᠷᠭᠠᠵᠤ᠂ ᠦᠶ᠎ᠡ ᠭᠡᠰᠢᠭᠦᠦ ᠡᠪᠡᠳᠬᠦ ᠶᠢ ᠵᠠᠰᠠᠳᠠᠭ︽ᠳᠡᠭᠡᠳᠦᠰ ᠠᠴᠠ ᠤᠯᠠᠮᠵᠢᠯᠠᠭᠰᠠᠨ ᠨᠢᠭᠤᠴᠠ ᠵᠣᠷ ᠤᠨ ᠴᠡᠪᠡᠷ ᠬᠢᠲᠠᠳ ᠡᠮ︾ᠭᠡᠬᠦ ᠨᠡᠷ᠎ᠡ ᠪᠠᠷ ᠭᠠᠳᠠᠭᠰᠢ ᠪᠣᠷᠣᠯᠠᠭᠤᠯᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 400 ᠭᠠᠷᠤᠶ ᠲᠦᠮᠡᠨ ᠲᠥᠭᠦᠷᠢᠭ ᠲᠤ ᠬᠦᠷᠦᠭᠰᠡᠨ ᠶᠠᠯᠠᠲᠤ ᠬᠡᠷᠡᠭ ᠢᠶᠠᠨ ᠥᠴᠢᠭᠯᠡᠨ ᠮᠡᠳᠡᠷᠡᠭᠰᠡᠨ ᠪᠠᠶᠢᠨ᠎ᠠ᠃            5 ᠰᠠᠷ᠎ᠠ ᠶᠢᠨ 27 ᠤ ᠡᠳᠦᠷ᠂ ᠲᠤᠰᠬᠠᠶ ᠬᠡᠷᠡᠭ ᠤᠨ ᠳᠤᠭᠤᠶᠢᠯᠠᠩ ᠤᠨ ᠬᠢᠨ ᠢᠯᠠᠯᠲᠠ ᠶᠢᠨ ᠡᠷᠴᠢᠨ ᠳᠡᠭᠡᠷ᠎ᠡ ᠪᠠᠨ ᠨᠡᠬᠡᠮᠵᠢᠯᠡᠨ ᠪᠠᠶᠢᠴᠠᠭᠠᠵᠤ᠂ ᠭᠠᠳᠠᠨ᠎ᠠ ᠮᠤᠵᠢ ᠶᠢᠨ ᠨᠢᠭᠡᠨ ᠭᠠᠵᠠᠷ ᠠᠴᠠ ᠬᠠᠭᠤᠷᠮᠠᠭ ᠡᠮ ᠦᠢᠯᠡᠳᠪᠦᠷᠢᠯᠡᠬᠦ ᠳᠤ ᠬᠡᠷᠡᠭᠰᠡᠬᠦ ᠡᠮ ᠤᠨ ᠮᠠᠲ᠋ᠧᠷᠢᠶᠠᠯ ᠬᠠᠩᠭᠠᠵᠤ ᠡᠮ ᠪᠣᠯᠪᠠᠰᠤᠷᠠᠭᠤᠯᠵᠤ ᠦᠭᠴᠤ ᠪᠠᠶᠢᠬᠰᠠᠨ ᠯᠦ ᠣᠪᠣᠭᠲᠤ ᠶᠢ ᠪᠠᠷᠢᠪᠴᠢᠯᠠᠵᠤ᠂ ᠬᠠᠭᠤᠷᠮᠠᠭ ᠡᠮ ᠦᠢᠯᠡᠳᠪᠦᠷᠢᠯᠡᠭᠰᠡᠨ ᠡᠭᠦᠷ ᠢ ᠨᠢ ᠡᠪᠳᠡᠨ᠂ ᠬᠠᠭᠤᠷᠮᠠᠭ ᠡᠮ ᠦᠢᠯᠡᠳᠬᠦ 1 ᠲᠥᠬᠦᠭᠡᠷᠦᠮᠵᠢ ᠶᠢ ᠪᠠᠶᠢᠴᠠᠭᠠᠨ ᠬᠤᠷᠢᠶᠠᠮᠵᠢᠯᠠᠵᠠᠢ᠃            6 ᠰᠠᠷ᠎ᠠ ᠶᠢᠨ 29 ᠤ ᠡᠳᠦᠷ᠂ ᠲᠤᠰᠬᠠᠶ ᠬᠡᠷᠡᠭ ᠤᠨ ᠳᠤᠭᠤᠶᠢᠯᠠᠩ ᠤᠨ ᠬᠢᠨ ᠲᠤᠬᠠᠶ ᠶᠢᠨ ᠭᠠᠵᠠᠷ ᠤᠨ ᠴᠠᠭᠳᠠᠭᠠᠨ ᠤ ᠲᠠᠯ᠎ᠠ ᠶᠢᠨ ᠬᠢᠨ ᠤ ᠬᠠᠮᠵᠢᠯᠴᠠᠭ᠎ᠠ ᠪᠠᠷ ᠭᠠᠳᠠᠨ᠎ᠠ ᠮᠤᠵᠢ ᠶᠢᠨ ᠨᠢᠭᠡᠨ ᠭᠠᠵᠠᠷ ᠠᠴᠠ ᠰᠥᠩ ᠣᠪᠣᠭᠲᠤ ᠶᠢ ᠪᠠᠷᠢᠪᠴᠢᠯᠠᠨ᠂ ᠬᠠᠭᠤᠷᠮᠠᠭ ᠡᠮ ᠦᠢᠯᠡᠳᠪᠦᠷᠢᠯᠡᠭᠰᠡᠨ ᠡᠭᠦᠷ ᠢ ᠨᠢ ᠡᠪᠳᠡᠵᠤ᠂ ᠬᠠᠭᠤᠷᠮᠠᠭ ᠡᠮ ᠦᠢᠯᠡᠳᠬᠦ 1 ᠲᠥᠬᠦᠭᠡᠷᠦᠮᠵᠢ ᠶᠢ ᠪᠠᠶᠢᠴᠠᠭᠠᠨ ᠬᠤᠷᠢᠶᠠᠮᠵᠢᠯᠠᠪᠠ᠃            ᠣᠳᠣᠬᠠᠨ ᠳᠤ ᠬᠡᠷᠡᠭ ᠲᠤ ᠬᠤᠯᠪᠣᠭᠳᠠᠭᠰᠠᠨ 6 ᠬᠡᠷᠡᠭ ᠤᠨ ᠰᠡᠵᠢᠭᠳᠡᠨ ᠳᠤ ᠨᠢᠭᠡᠨᠲᠡ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠤᠢ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ