ᠡᠷᠳᠡᠨᠢ ᠰᠢᠰᠢ ᠶᠢᠨ ᠲᠠᠷᠢᠶᠠᠨ ᠳᠤᠮᠳᠠ ᠵᠣᠭᠤᠰ ᠮᠥᠷᠦ᠋ᠴᠡᠭᠰᠡᠳ ᠢ ᠪᠠᠷᠢᠪᠴᠢᠯᠠᠯ᠎ᠠ
ᠨᠡᠶᠢᠲᠡᠯᠡᠭᠰᠡᠨ ᠴᠠᠭ᠄
2022/9/20
        ᠣᠶᠢᠷ᠎ᠠ ᠳᠤ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠤᠷᠪᠠᠳᠤᠭᠠᠷ ᠲᠣᠮᠢᠯᠠᠭᠰᠠᠨ ᠭᠠᠵᠠᠷ ᠤᠨ ᠴᠠᠭᠳᠠᠭ᠎ᠠ ᠡᠳᠦᠷ ᠲᠤᠲᠤᠮ ᠤᠨ ᠠᠵᠢᠯ ᠤᠨ ᠳᠤᠮᠳᠠ ᠪᠠᠨ ᠱᠠᠭᠵᠠᠮᠤᠨᠢ ᠪᠠᠯᠭᠠᠰᠤ ᠪᠤᠯᠤᠨ ᠡᠷᠭᠢᠨ ᠲᠣᠭᠤᠷᠢᠨ ᠤ ᠬᠤᠲᠠ ᠶᠢᠨ ᠲᠡᠭᠦᠷᠭᠡ ᠶᠢᠨ ᠠᠭᠤᠯᠵᠠᠷ ᠭᠠᠵᠠᠷ ᠲᠤ ᠨᠢᠭᠡ ᠪᠦᠯᠦᠭ ᠬᠥᠮᠦᠰ ᠣᠯᠠᠨ ᠢ ᠴᠤᠭᠯᠠᠭᠤᠯᠤᠨ ᠥᠷᠭᠦᠯᠵᠢ ᠵᠣᠭᠤᠰ ᠮᠥᠷᠦ᠋ᠴᠡᠵᠤ ᠪᠠᠶᠢᠨ᠎ᠠ ᠭᠡᠰᠡᠨ ᠰᠦᠪᠡᠭᠴᠢ ᠶᠢ ᠣᠯᠵᠠᠢ᠃ ᠭᠤᠷᠪᠠᠳᠤᠭᠠᠷ ᠲᠣᠮᠢᠯᠠᠭᠰᠠᠨ ᠭᠠᠵᠠᠷ ᠤᠨ ᠬᠢᠨ ᠡᠨᠡ ᠰᠦᠪᠡᠭᠴᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠶ ᠳᠤᠭᠤᠶᠢᠯᠠᠩ ᠪᠠᠶᠢᠭᠤᠯᠤᠨ ᠮᠥᠷᠳᠡᠨ ᠪᠠᠶᠢᠴᠠᠭᠠᠪᠠ᠃ ᠲᠤᠰ ᠵᠣᠭᠤᠰ ᠮᠥᠷᠦ᠋ᠴᠡᠬᠦ ᠡᠪᠰᠡᠯ ᠪᠦᠯᠦᠭ ᠤᠨ ᠪᠠᠶᠢᠴᠠᠭᠠᠯᠳᠠ ᠶᠢ ᠠᠷᠭᠠᠴᠠᠭᠠᠬᠤ ᠠᠷᠭ᠎ᠠ ᠪᠠᠷᠢᠯ ᠴᠢᠩᠭ᠎ᠠ ᠪᠠᠶᠢᠵᠤ᠂ ᠶᠡᠷᠦ ᠳᠡᠭᠡᠨ ᠤᠢ ᠳᠤᠳᠤᠷ᠎ᠠ ᠪᠤᠶᠤ ᠲᠠᠷᠢᠶᠠᠨ ᠳᠤᠮᠳᠠ ᠨᠢᠭᠤᠨ ᠳᠠᠯᠳᠠᠯᠠᠵᠤ ᠵᠣᠭᠤᠰ ᠮᠥᠷᠦ᠋ᠴᠡᠳᠡᠭ ᠮᠦᠷᠳᠡᠭᠡᠨ ᠭᠠᠵᠠᠷ ᠢᠶᠠᠨ ᠥᠷᠭᠦᠯᠵᠢ ᠰᠣᠯᠢᠵᠤ᠂ ᠪᠠᠭ᠎ᠠ ᠯᠠ ᠴᠢᠮᠡᠭᠡ ᠭᠠᠷᠤᠮᠠᠭᠴᠠ ᠵᠣᠭᠤᠰ ᠮᠥᠷᠦ᠋ᠴᠡᠬᠦ ᠳᠤ ᠣᠷᠣᠯᠴᠠᠭᠰᠠᠨ ᠬᠥᠮᠥᠰ ᠲᠠᠷᠬᠠᠳᠠᠭ ᠪᠠᠶᠢᠯ᠎ᠠ᠃            ᠬᠥᠴᠢᠷ ᠤᠨ ᠡᠮᠤᠨ᠎ᠠ ᠭᠤᠷᠪᠠᠳᠤᠭᠠᠷ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠲᠠᠩᠨᠠᠨ ᠪᠠᠶᠢᠴᠠᠭᠠᠬᠤ ᠰᠡᠳᠭᠢᠴᠡ ᠪᠠᠨ ᠬᠤᠪᠢᠷᠠᠭᠤᠯᠤᠨ᠂ ᠰᠦᠪᠡᠭᠴᠢ ᠪᠠᠷ ᠭᠠᠷᠠᠭ ᠢᠯᠡᠭᠦᠥ ᠰᠤᠷᠪᠤᠯᠵᠢᠯᠠᠨ ᠪᠠᠶᠢᠴᠠᠭᠠᠭᠠᠳ᠂ ᠲᠤᠰ ᠵᠣᠭᠤᠰ ᠮᠥᠷᠦ᠋ᠴᠡᠬᠦ ᠡᠪᠰᠡᠯ ᠪᠥᠯᠥᠭ 8 ᠰᠠᠷ᠎ᠠ ᠶᠢᠨ 17 ᠤ ᠡᠳᠦᠷ ᠰᠠᠨ ᠵᠢᠩ ᠯᠢᠶᠠᠩ ᠬᠥᠷᠢᠶᠡᠯᠡᠩ ᠲᠣᠭᠤᠷᠢᠭ ᠤᠨ ᠤᠷᠴᠢᠮ ᠦᠷᠭᠦᠯᠵᠢᠯᠡᠨ ᠵᠣᠭᠤᠰ ᠮᠥᠷᠦ᠋ᠴᠡᠬᠦ ᠪᠠᠷ ᠪᠠᠶᠢᠨ᠎ᠠ ᠭᠡᠰᠡᠨ ᠪᠠᠰᠠ ᠨᠢᠭᠡ ᠴᠢᠬᠤᠯᠠ ᠰᠦᠪᠡᠭᠴᠢ ᠶᠢ ᠣᠯᠵᠠᠢ᠃ ᠲᠤᠰ ᠡᠪᠰᠡᠯ ᠪᠥᠯᠥᠭ ᠢ ᠨᠢᠭᠡ ᠪᠠᠷ ᠤᠰᠠᠳᠬᠠᠬᠤ ᠶᠢᠨ ᠲᠥᠯᠥᠭᠡ ᠭᠤᠷᠪᠠᠳᠤᠭᠠᠷ ᠲᠣᠮᠢᠯᠠᠭᠰᠠᠨ ᠭᠠᠵᠠᠷ ᠤᠨ ᠬᠢᠨ ᠪᠠᠷᠢᠪᠴᠢᠯᠠᠬᠤ ᠨᠠᠷᠢᠨ ᠲᠥᠰᠦᠯ ᠲᠣᠭᠲᠠᠭᠠᠬᠤ ᠶᠢᠨ ᠬᠠᠮᠳᠤ ᠴᠠᠭᠳᠠᠭᠠᠨ ᠤ ᠭᠠᠷᠮᠠᠭᠠᠢ ᠬᠦᠴᠦᠨ ᠢᠶᠠᠨ ᠵᠣᠬᠢᠶᠠᠨ ᠪᠠᠶᠢᠭᠤᠯᠵᠤ ᠭᠡᠨᠡᠳᠡᠬᠦᠯᠤᠨ ᠪᠠᠷᠢᠪᠴᠢᠯᠠᠬᠤ ᠪᠠᠷ ᠪᠤᠯᠪᠠ᠃ ᠴᠠᠭᠳᠠᠭ᠎ᠠ ᠨᠠᠷ ᠵᠣᠭᠤᠰ ᠮᠥᠷᠦ᠋ᠴᠡᠬᠦ ᠮᠠᠨᠠᠭᠤᠯ ᠤᠨ ᠭᠠᠵᠠᠷ ᠢ ᠤᠷᠠᠨ ᠢᠶᠠᠷ ᠲᠣᠭᠤᠷᠢᠨ ᠭᠠᠷᠤᠭᠠᠳ ᠵᠣᠭᠤᠰ ᠮᠥᠷᠦ᠋ᠴᠡᠭᠰᠡᠨ ᠭᠠᠵᠠᠷ ᠲᠤᠨᠢ ᠰᠢᠭᠤᠳ ᠲᠠᠭᠠᠷᠢᠨ ᠣᠷᠣᠵᠤ᠂ ᠡᠷᠳᠡᠨᠢ ᠰᠢᠰᠢ ᠶᠢᠨ ᠲᠠᠷᠢᠶᠠᠨ ᠳ᠋ᠤᠮᠳᠠ ᠶᠠᠭ ᠵᠣᠭᠤᠰ ᠮᠥᠷᠦ᠋ᠴᠡᠵᠤ ᠪᠠᠶᠢᠭᠰᠠᠨ 7 ᠬᠥᠮᠦᠨ ᠢ ᠲᠤᠬᠠᠶ ᠶᠢᠨ ᠲᠠᠯᠠᠪᠤᠷ ᠠᠴᠠ ᠪᠠᠷᠢᠪᠴᠢᠯᠠᠨ ᠠᠪᠴᠠᠶ᠃        ᠪᠠᠶᠢᠴᠠᠭᠠᠭᠰᠠᠨ ᠢᠶᠠᠷ᠂ ᠮᠢᠶᠣᠣ ᠣᠪᠣᠭᠲᠤ ᠵᠠᠩ ᠣᠪᠣᠭᠲᠤ᠂ ᠸᠧᠶ ᠣᠪᠣᠭᠲᠤ᠂ ᠸᠠᠨ ᠣᠪᠣᠭᠲᠤ᠂ ᠳ᠋ᠠᠶ ᠣᠪᠣᠭᠲᠤ᠂ ᠴᠢᠶᠣᠤ ᠣᠪᠣᠭᠲᠤ ᠵᠡᠷᠭᠡ ᠬᠠᠮᠰᠠᠭᠠᠳᠠᠨ ᠲᠠᠢ ᠪᠠᠨ ᠮᠠᠵᠢᠶᠠᠩ ᠫᠠᠶ ᠪᠠᠷ ᠵᠣᠭᠤᠰ ᠮᠥᠷᠦ᠋ᠴᠡᠵᠠᠢ᠃            ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ ᠳᠠᠯᠠᠳᠤᠭᠠᠷ ᠵᠦᠢᠯ᠂ ᠠᠷᠪᠠᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠢᠶᠣᠣ ᠣᠪᠣᠭᠲᠤ᠂ ᠵᠠᠩ ᠣᠪᠣᠭᠲᠤ᠂ ᠸᠧᠶ ᠣᠪᠣᠭᠲᠤ᠂ ᠸᠠᠨ ᠣᠪᠣᠭᠲᠤ᠂ ᠳ᠋ᠠᠶ ᠣᠪᠣᠭᠲᠤ᠂ ᠴᠢᠶᠣᠤ ᠣᠪᠣᠭᠲᠤ ᠵᠡᠷᠭᠡ ᠬᠥᠮᠦᠰ ᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠲᠦᠷ ᠬᠤᠷᠢᠬᠤ ᠰᠶᠢᠳᠬᠡᠯ ᠥᠭᠴᠤ ᠵᠣᠭᠤᠰ ᠢᠶᠠᠷ ᠲᠣᠷᠭᠠᠬᠤ ᠶᠢᠨ ᠬᠠᠮᠲᠤ ᠮᠥᠷᠦ᠋ᠴᠡᠭᠰᠡᠨ ᠵᠤᠭᠤᠰ ᠮᠥᠩᠭᠦ ᠶᠢ ᠨᠢ ᠬᠤᠷᠢᠶᠠᠮᠵᠢᠯᠠᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ ᠳᠠᠯᠠᠳᠤᠭᠠᠷ ᠵᠦᠢᠯ᠂ ᠠᠷᠪᠠᠨ ᠨᠢᠭᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠲᠡᠯᠡᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠤ ᠣᠪᠣᠭᠲᠤ᠂ ᠵᠠᠩ ᠣᠪᠣᠭᠲᠤ ᠶᠢᠨ ᠬᠠᠤᠯᠢ ᠪᠤᠰᠤ ᠣᠯᠵᠠ ᠠᠰᠢᠭ ᠢ ᠲᠤᠰ ᠪᠦᠷᠢ ᠬᠠᠤᠯᠢ ᠶᠣᠰᠣᠭᠠᠷ ᠨᠡᠬᠡᠮᠵᠢᠯᠡᠨ ᠬᠤᠷᠢᠶᠠᠮᠵᠢᠯᠠᠪᠠ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ