ᠡᠮᠨᠡᠯᠬᠡ ᠶᠢᠨ ᠠᠵᠢᠯᠳᠠᠨ ᠮᠢᠨᠴᠦᠷᠡᠬᠦᠯᠬᠦ ᠡᠮ ᠢ ᠲᠤᠷ᠎ᠠ ᠪᠠᠷ ᠬᠤᠳᠠᠯᠳᠤᠪᠠᠯ ᠬᠤᠤᠷ ᠠᠷᠠᠯᠵᠢᠶᠠᠯᠠᠭᠰᠠᠨ ᠶᠠᠯ᠎ᠠ ᠪᠠᠷ ᠶᠠᠯᠠᠯᠠᠭᠳᠠᠨ᠎ᠠ
ᠨᠡᠶᠢᠲᠡᠯᠡᠭᠰᠡᠨ ᠴᠠᠭ᠄
2022/9/30
        ᠠ ᠪᠤᠯ ᠨᠢᠬᠡᠨ ᠡᠮᠨᠡᠯᠬᠡ ᠶᠢᠨ ᠬᠤᠷᠢᠶᠠᠨ ᠳᠤ ᠡᠮ ᠨᠠᠶᠢᠷᠠᠭᠴᠢ ᠶᠢᠨ ᠠᠵᠢᠯ ᠠᠯᠪᠠ ᠲᠠᠢ ᠵᠠᠯᠠᠭᠤ ᠪᠦᠰᠡᠬᠦᠢ ᠪᠤᠯᠤᠨ᠎ᠠ᠃ ᠲᠡᠬᠦᠨ ᠤ ᠡᠷᠡᠭᠳᠡᠢ ᠡ ᠨᠢ ᠰᠠᠨᠠᠭᠠᠨ ᠳᠤ ᠦᠬᠡᠢ ᠪᠠᠷ ᠬᠤᠤᠷ ᠲᠠᠲᠠᠬᠤ ᠡ᠊ᠡᠭᠨᠡᠬᠡᠨ ᠳᠤ ᠤᠷᠤᠵᠠᠢ᠃ ᠠ ᠡᠷᠡᠭᠳᠡᠢ ᠶᠢᠨ ᠢᠶᠠᠨ ᠬᠤᠤᠷ ᠲᠠᠲᠠᠵᠤ ᠪᠠᠶᠢᠬᠤ ᠶᠢ ᠮᠡᠳᠡᠭᠰᠡᠨ ᠤ ᠲᠠᠷᠠᠭ᠎ᠠ ᠶᠠᠭᠠᠬᠢᠵᠤ ᠢᠳᠬᠠᠵᠤ ᠬᠤᠷᠢᠭᠯᠠᠭᠰᠠᠨ ᠪᠤᠯᠪᠠᠴᠤ ᠲᠤᠰᠠ ᠪᠤᠯᠤᠭᠰᠠᠨ ᠦᠬᠡᠢ ᠬᠠᠷᠢᠨ ᠡ ᠶᠢᠨ ᠰᠢᠨᠤᠯ ᠨᠢ ᠤᠯᠠᠮ ᠢᠶᠠᠷ ᠠᠬᠠᠳᠠᠵᠤ᠂ ᠰᠠᠯᠵᠤ ᠲᠡᠶᠢᠯᠬᠦ ᠦᠬᠡᠢ ᠪᠤᠯᠤᠭᠰᠠᠨ ᠪᠠᠶᠢᠪᠠ᠃ ᠢᠡᠭᠭᠢᠬᠡᠳ ᠡ ᠪᠠᠶᠢᠨ ᠲᠠᠬᠢᠨ ᠠ ᠠᠴᠠ ᠵᠤᠭᠤᠰ ᠠᠪᠴᠤ ᠬᠤᠤᠷᠳᠤ ᠡᠳ᠋ ᠬᠤᠳᠠᠯᠳᠤᠨ ᠠᠪᠳᠠᠭ ᠪᠠᠶᠢᠯ᠎ᠠ᠃ ᠨᠢᠬᠡ ᠡᠳᠦᠷ ᠠ ᠠᠵᠢᠯ ᠤᠨ ᠲᠦᠬᠦᠮ ᠢᠶᠠᠨ ᠠᠰᠢᠭᠯᠠᠵᠤ᠂ ᠡᠮᠨᠡᠯᠬᠡ ᠶᠢᠨ ᠬᠤᠷᠢᠶᠠᠨ ᠤ ᠮᠠ ᠹᠸᠢ ᠶᠢ ᠪᠠᠭ᠎ᠠ ᠬᠡᠮᠵᠢᠶ᠎ᠡ ᠪᠠᠷ ᠬᠤᠳᠠᠯᠳᠤᠨ ᠠᠪᠴᠢᠷᠠᠵᠤ᠂ ᠡᠷᠡᠭᠳᠡᠢ ᠶᠢᠨ ᠢᠶᠠᠨ ᠬᠤᠤᠷ ᠤᠨ ᠰᠢᠨᠤᠯ ᠢ ᠨᠢ ᠲᠠᠷᠤᠵᠠᠢ᠃ ᠡᠨᠡ ᠮᠡᠳᠦ ᠪᠠᠷ ᠬᠤᠶᠠᠷ ᠵᠢᠯ ᠲᠤᠲᠤᠷ᠎ᠠ ᠠ ᠡᠮᠨᠡᠯᠬᠡ ᠶᠢᠨ ᠬᠤᠷᠢᠶᠠᠨ ᠠᠴᠠ ᠬᠠᠤᠯᠢ ᠪᠤᠰᠤ ᠪᠠᠷ 180 ᠭᠷᠡᠮ ᠮᠠ ᠹᠸᠢ ᠠᠪᠴᠢᠷᠠᠵᠤ ᠡᠷᠡᠭᠳᠡᠢ ᠳᠡᠭᠡᠨ ᠬᠡᠷᠡᠭᠯᠡᠭᠦᠯᠦᠭᠰᠡᠨ ᠪᠠᠶᠢᠨ᠎ᠠ᠃              ᠲᠡᠭᠡᠪᠡᠯ ᠠ ᠶᠢᠨ ᠡᠨᠡ ᠬᠦ ᠠᠵᠢᠯᠯᠠᠭ᠎ᠠ ᠨᠢ ᠶᠠᠯ᠎ᠠ ᠳᠤ ᠬᠦᠷᠬᠦ ᠡᠰᠡᠬᠦ ᠶᠢᠨ ᠲᠤᠬᠠᠢ ᠦᠪᠦᠷ ᠮᠤᠩᠭᠤᠯ ᠤᠨ ᠶᠢᠨ ᠶᠤᠸᠠᠨ ᠬᠠᠤᠯᠢᠴᠢᠳ ᠤᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠰᠡᠴᠡᠨᠪᠠᠭᠠᠳᠤᠷ ᠠᠴᠠ ᠲᠤᠤᠷᠠᠬᠢ ᠮᠡᠳᠦ ᠵᠦᠪᠯᠡᠯᠬᠡ ᠦᠭᠪᠡ᠃      ᠠ ᠶᠢᠨ ᠠᠵᠢᠯᠯᠠᠭ᠎ᠠ ᠪᠤᠯ ᠬᠠᠤᠯᠢ ᠪᠤᠰᠤ ᠪᠠᠷ ᠮᠢᠨᠴᠦᠷᠡᠬᠦᠯᠬᠦ ᠡᠮ᠂ ᠤᠶᠤᠨ ᠮᠡᠳᠡᠷᠡᠯ ᠤᠨ ᠡᠮ ᠬᠠᠨᠭ᠍ᠭᠠᠭᠰᠠᠨ ᠶᠠᠯ᠎ᠠ ᠳᠤ ᠬᠦᠷᠴᠡᠢ᠃ ᠬᠠᠤᠯᠢ ᠪᠤᠰᠤ ᠪᠠᠷ ᠮᠢᠨᠴᠦᠷᠡᠬᠦᠯᠬᠦ ᠡᠮ᠂ ᠤᠶᠤᠨ ᠮᠡᠳᠡᠷᠡᠯ ᠤᠨ ᠡᠮ ᠬᠠᠨᠭ᠍ᠭᠠᠭᠰᠠᠨ ᠶᠠᠯ᠎ᠠ ᠬᠡᠳᠡᠭ ᠨᠢ ᠬᠠᠤᠯᠢ ᠶᠤᠰᠤᠭᠠᠷ ᠤᠯᠤᠰ ᠠᠴᠠ ᠬᠠᠮᠢᠶᠠᠷᠤᠯᠳᠠ ᠲᠠᠢ ᠮᠢᠨᠴᠦᠷᠡᠬᠦᠯᠬᠦ ᠡᠮ᠂ ᠤᠶᠤᠨ ᠮᠡᠳᠡᠷᠡᠯ ᠤᠨ ᠡᠮ ᠵᠡᠷᠬᠡ ᠶᠢ ᠦᠢᠯᠡᠳᠪᠦᠷᠢᠯᠡᠬᠦ᠂ ᠵᠦᠬᠡᠬᠡᠪᠦᠷᠢᠯᠡᠬᠦ᠂ ᠬᠠᠮᠢᠶᠠᠷᠴᠤ ᠂ ᠬᠡᠷᠡᠭᠯᠡᠵᠦ ᠪᠠᠶᠢᠬᠤ ᠪᠠᠶᠢᠭᠤᠯᠭ᠎ᠠ ᠨᠢᠬᠡᠴᠢ ᠪᠤᠶᠤ ᠬᠦᠮᠦᠨ᠂ ᠤᠯᠤᠰ ᠤᠨ ᠲᠤᠭᠳᠠᠭᠠᠯ ᠢ ᠵᠦᠷᠢᠴᠡᠨ᠂ ᠬᠤᠤᠷ ᠲᠠᠲᠠᠵᠤ ᠪᠠᠶᠢᠬᠤ ᠬᠦᠮᠦᠨ ᠳᠤ ᠤᠯᠤᠰ ᠠᠴᠠ ᠬᠠᠮᠢᠶᠠᠷᠤᠯᠳᠠ ᠲᠠᠢ ᠰᠢᠨᠤᠯ ᠲᠠᠢ ᠪᠤᠯᠭᠠᠬᠤ ᠮᠢᠨᠴᠦᠷᠡᠬᠦᠯᠬᠦ ᠡᠮ᠂ ᠤᠶᠤᠨ ᠮᠡᠳᠡᠷᠡᠯ ᠤᠨ ᠡᠮ ᠢ ᠬᠠᠨᠭ᠍ᠭᠠᠬᠤ ᠠᠵᠢᠯᠯᠠᠭ᠎ᠠ ᠶᠢ ᠬᠡᠯᠡᠳᠡᠭ᠃ ᠠ ᠶᠢᠨ ᠡᠮᠨᠡᠯᠬᠡ ᠶᠢᠨ ᠬᠤᠷᠢᠶᠠᠨ ᠠᠴᠠ ᠤᠯᠤᠰ ᠠᠴᠠ ᠬᠠᠮᠢᠶᠠᠷᠤᠯᠳᠠ ᠲᠠᠢ ᠰᠢᠨᠤᠯ ᠲᠠᠢ ᠪᠤᠯᠭᠠᠬᠤ ᠮᠢᠨᠴᠦᠷᠡᠬᠦᠯᠬᠦ ᠡᠮ ᠮᠠ ᠹᠸᠢ ᠶᠢ ᠬᠠᠤᠯᠢ ᠪᠤᠰᠤ ᠪᠠᠷ ᠠᠪᠴᠢᠷᠠᠵᠤ᠂ ᠬᠤᠤᠷ ᠲᠠᠲᠠᠵᠤ ᠪᠠᠶᠢᠬᠤ ᠡᠷᠡᠭᠳᠡᠢ ᠳᠡᠭᠡᠨ ᠬᠡᠷᠡᠭᠯᠡᠭᠦᠯᠦᠭᠰᠡᠨ ᠠᠵᠢᠯᠯᠠᠭ᠎ᠠ ᠨᠢ ᠨᠢᠬᠡᠨᠳᠡ ᠶᠠᠯ᠎ᠠ ᠪᠤᠯᠵᠤ ᠪᠦᠷᠢᠯᠳᠦᠬᠦ ᠨᠦᠬᠦᠴᠡᠯ ᠳᠤ ᠬᠦᠷᠦᠭᠰᠡᠨ ᠪᠠᠶᠢᠨ᠎ᠠ᠃ ᠠᠵᠢᠯᠯᠠᠭᠠᠳᠤ ᠬᠦᠮᠦᠨ ᠬᠡᠷᠪᠡ ᠬᠠᠤᠯᠢ ᠪᠤᠰᠤ ᠪᠠᠷ ᠮᠢᠨᠴᠦᠷᠡᠬᠦᠯᠬᠦ ᠡᠮ᠂ ᠤᠶᠤᠨ ᠮᠡᠳᠡᠷᠡᠯ ᠤᠨ ᠡᠮ ᠢ ᠬᠠᠨᠭ᠍ᠭᠠᠭᠰᠠᠨ ᠶᠠᠯ᠎ᠠ ᠳᠤ ᠬᠦᠷᠪᠡᠯ ︽ᠬᠤᠤᠷ ᠴᠠᠭᠠᠵᠠᠯᠠᠬᠤ ᠬᠠᠤᠯᠢ︾ ᠶᠢᠨ 59 ᠳ᠋ᠤᠬᠡᠷ ᠵᠦᠢᠯ ᠤᠨ 7 ᠳ᠋ᠤᠭᠠᠷ ᠵᠤᠷᠪᠤᠰ ᠤᠨ ᠲᠤᠭᠳᠠᠭᠠᠯ ᠢ ᠦᠨᠳᠦᠰᠦᠯᠡᠪᠡᠯ᠂ ᠪᠤᠰᠤᠳ ᠲᠤ ᠬᠤᠤᠷᠳᠤ ᠡᠳ᠋ ᠬᠠᠨᠭ᠍ᠭᠠᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠮᠦᠷᠳᠡᠬᠡᠨ ︽ᠡᠷᠡᠬᠦᠦ ᠶᠢᠨ ᠬᠠᠤᠯᠢ︾ ᠶᠢᠨ 355 ᠳ᠋ᠤᠭᠠᠷ ᠵᠦᠢᠯ ᠤᠨ ᠲᠤᠭᠳᠠᠭᠠᠯ ᠢᠶᠠᠷ᠂ 3 ᠵᠢᠯ ᠠᠴᠠ ᠲᠤᠷᠤᠭᠰᠢ ᠬᠤᠭᠤᠴᠠᠭ᠎ᠠ ᠲᠠᠢ ᠬᠤᠷᠢᠬᠤ ᠡᠷᠡᠬᠦᠦ ᠪᠠᠷ ᠰᠢᠳᠭᠡᠬᠦ ᠶᠢᠨ ᠬᠠᠮᠳᠤ ᠵᠤᠭᠤᠰ ᠢᠶᠠᠷ ᠲᠤᠷᠭᠠᠨ᠎ᠠ︔ ᠪᠠᠶᠢᠳᠠᠯ ᠨᠢ ᠬᠦᠨᠳᠦ ᠨᠤᠴᠢᠳᠠᠢ ᠪᠤᠯ 3 ᠵᠢᠯ ᠠᠴᠠ ᠲᠡᠭᠡᠭᠰᠢ 7 ᠵᠢᠯ ᠠᠴᠠ ᠲᠤᠷᠤᠭᠰᠢ ᠬᠤᠭᠤᠴᠠᠭ᠎ᠠ ᠲᠠᠢ ᠬᠤᠷᠢᠬᠤ ᠡᠷᠡᠬᠦᠦ ᠪᠠᠷ ᠰᠢᠳᠭᠡᠬᠦ ᠪᠦᠬᠡᠳ ᠵᠤᠭᠤᠰ ᠢᠶᠠᠷ ᠲᠤᠷᠭᠠᠨ᠎ᠠ ᠬᠡᠵᠦ ᠲᠤᠭᠳᠠᠭᠠᠭᠰᠠᠨ ᠪᠠᠶᠢᠳᠠᠭ᠃              ᠲᠡᠭᠡᠷᠡᠬᠢ ᠬᠡᠷᠡᠭ ᠲᠠᠬᠢ ᠠ ᠶᠢᠨ ᠠᠵᠢᠯᠯᠠᠭ᠎ᠠ ᠨᠢ ᠪᠤᠰᠤᠳ ᠲᠤ ᠬᠠᠤᠯᠢ ᠪᠤᠰᠤ ᠪᠠᠷ ᠮᠢᠨᠴᠦᠷᠡᠬᠦᠯᠬᠦ ᠡᠮ᠂ ᠤᠶᠤᠨ ᠮᠡᠳᠡᠷᠡᠯ ᠤᠨ ᠡᠮ ᠬᠠᠨᠭ᠍ᠭᠠᠭᠰᠠᠨ ᠶᠠᠯ᠎ᠠ ᠳᠤ ᠨᠡᠶᠢᠴᠡᠭᠰᠡᠨ ᠲᠤᠯᠠ ᠡᠷᠡᠬᠦᠦ ᠰᠢᠳᠭᠡᠯ ᠢᠶᠠᠷ ᠰᠶᠢᠳᠬᠡᠭᠳᠡᠬᠦ ᠪᠤᠯᠤᠨ᠎ᠠ᠃                                   ︵︽ᠰᠢᠯᠢ ᠶᠢᠨ ᠭᠤᠤᠯ ᠤᠨ ᠡᠳᠦᠷ ᠤᠨ ᠰᠤᠨᠢᠨ︾ ᠤ ᠵᠢᠷᠬᠢᠶ᠎ᠠ ᠲᠠᠪᠴᠡᠩ ᠠᠴᠠ︶
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ