ᠲᠠᠪᠤᠨ ᠵᠠᠭᠤ ᠠᠷᠪᠠᠨ ᠨᠠᠢᠮᠠᠳᠤᠭᠠᠷ ᠵᠦᠢᠯ ᠠᠪᠴᠠᠭᠠᠲᠠᠨ ᠨᠢ ᠬᠤᠶᠠᠷ ᠠᠴᠠ ᠳᠡᠭᠡᠭᠰᠢ ᠬᠦᠮᠦᠨ ᠪᠠᠶᠢᠵᠤ᠂ ᠬᠡᠰᠡᠭ ᠠᠪᠴᠠᠭᠠᠳᠠᠨ ᠪᠤᠶᠤ ᠪᠦᠬᠦ | ᠠᠪᠴᠠᠭᠠᠲᠠᠨ ᠴᠦᠮ ᠦᠭᠴᠡᠭᠡᠲᠡᠨ ᠢᠶᠠᠷ ᠦᠭᠴᠡᠭᠡ ᠭᠦᠢᠴᠡᠳᠬᠡᠭᠦᠯᠬᠦ ᠪᠠᠷ ᠭᠤᠶᠤᠴᠢᠯᠠᠵᠤ ᠪᠤᠯᠬᠤ ᠨᠢ ᠬᠤᠯᠪᠤᠯᠳᠤᠭᠰᠠᠨ ᠠᠪᠴᠠᠭ᠎ᠠ ᠪᠤᠯᠤᠨ᠎ᠠ︔ ᠦᠭᠴᠡᠭᠡᠲᠡᠨ ᠨᠢ | ᠬᠤᠶᠠᠷ ᠠᠴᠠ ᠳᠡᠭᠡᠭᠰᠢ ᠬᠦᠮᠦᠨ ᠪᠠᠶᠢᠵᠤ᠂ ᠠᠪᠴᠠᠭᠠᠲᠠᠨ ᠬᠡᠰᠡᠭ ᠦᠭᠴᠡᠬᠡᠳᠡᠨ ᠪᠤᠶᠤ ᠪᠦᠬᠦ ᠦᠭᠴᠡᠭᠡᠲᠡᠨ ᠢᠶᠠᠷ ᠪᠦᠬᠦ ᠦᠭᠴᠡᠭᠡ ᠶᠢ ᠭᠦᠢᠴᠡᠳᠬᠡᠭᠦᠯᠬᠦ ᠪᠠᠷ | ᠭᠤᠶᠤᠴᠢᠯᠠᠵᠤ ᠪᠤᠯᠬᠤ ᠨᠢ ᠬᠤᠯᠪᠤᠯᠳᠤᠭᠰᠠᠨ ᠦᠭᠴᠡᠭᠡ ᠪᠤᠯᠤᠨ᠎ᠠ᠃ | ᠬᠤᠯᠪᠤᠯᠳᠤᠭᠰᠠᠨ ᠠᠪᠴᠠᠭ᠎ᠠ ᠪᠤᠶᠤ ᠬᠤᠯᠪᠤᠯᠳᠤᠭᠰᠠᠨ ᠦᠭᠴᠡᠭᠡ ᠶᠢ ᠬᠠᠤᠯᠢ ᠴᠠᠭᠠᠵᠠ ᠪᠠᠷ ᠲᠤᠭᠲᠠᠭᠠᠬᠤ ᠪᠤᠶᠤ ᠲᠤᠬᠠᠢ ᠶᠢ ᠬᠦᠮᠦᠨ ᠪᠤᠯᠵᠤᠨ | ᠲᠤᠭᠲᠠᠨ᠎ᠠ᠃ | ᠲᠠᠪᠤᠨ ᠵᠠᠭᠤ ᠠᠷᠪᠠ ᠶᠢᠰᠦᠳᠦᠭᠡᠷ ᠵᠦᠢᠯ ᠬᠤᠯᠪᠤᠯᠳᠤᠭᠰᠠᠨ ᠦᠭᠴᠡᠭᠡᠲᠡᠨ ᠤ ᠬᠤᠭᠤᠷᠤᠨᠲᠤᠬᠢ ᠬᠤᠪᠢᠳᠠᠴᠠ ᠶᠢ ᠲᠤᠭᠲᠠᠭᠠᠬᠤ ᠳᠤ ᠪᠡᠷᠬᠡᠲᠡᠢ ᠪᠠᠶᠢᠪᠠᠯ᠂ | ᠬᠤᠪᠢᠳᠠᠴᠠ ᠨᠢ ᠠᠳᠠᠯᠢᠬᠠᠨ ᠢᠶᠠᠷ ᠦᠵᠡᠨ᠎ᠡ᠃ | ᠪᠤᠳᠠᠲᠠᠢ ᠡᠭᠦᠷᠭᠡᠯᠡᠬᠦ ᠦᠭᠴᠡᠭᠡ ᠨᠢ ᠦᠪᠡᠷ ᠤᠨ ᠬᠢᠨᠢ ᠬᠤᠪᠢᠳᠠᠴᠠ ᠠᠴᠠ ᠬᠡᠲᠦᠷᠡᠭᠰᠡᠨ ᠬᠤᠯᠪᠤᠯᠳᠤᠭᠰᠠᠨ ᠦᠭᠴᠡᠭᠡᠲᠡᠨ ᠬᠡᠲᠦᠷᠡᠭᠰᠡᠨ ᠬᠡᠰᠡᠭ ᠤᠨ | ᠲᠤᠬᠠᠢ ᠳᠤ ᠪᠤᠰᠤᠳ ᠬᠤᠯᠪᠤᠯᠳᠤᠭᠰᠠᠨ ᠦᠭᠴᠡᠭᠡᠲᠡᠨ ᠤ ᠭᠦᠢᠴᠡᠳᠬᠡᠭᠰᠡᠨ ᠦᠭᠡᠢ ᠬᠤᠪᠢᠳᠠᠴᠠ ᠶᠢ ᠬᠡᠪᠴᠢᠶᠡᠨ ᠳᠤ ᠲᠡᠳᠡᠨ ᠢᠶᠠᠷ ᠨᠡᠬᠡᠮᠵᠢᠯᠡᠨ ᠲᠦᠯᠦᠭᠦᠯᠬᠦ | ᠡᠷᠬᠡ ᠲᠠᠢ ᠪᠦᠭᠡᠳ ᠵᠤᠬᠢᠴᠠᠩᠭᠤᠢ ᠪᠠᠷ ᠠᠪᠴᠠᠭᠠᠲᠠᠨ ᠤ ᠡᠷᠬᠡ ᠶᠢ ᠡᠳ᠋ᠯᠡᠵᠦ ᠪᠤᠯᠤᠨ᠎ᠠ᠂ ᠭᠡᠪᠡᠴᠦ ᠠᠪᠴᠠᠭᠠᠲᠠᠨ ᠤ ᠠᠰᠢᠭ ᠲᠤᠰᠠ ᠶᠢ ᠬᠤᠬᠢᠷᠠᠭᠤᠯᠵᠤ ᠪᠤᠯᠬᠤ | ᠦᠭᠡᠢ᠃ ᠪᠤᠰᠤᠳ ᠬᠤᠯᠪᠤᠯᠳᠤᠭᠰᠠᠨ ᠦᠭᠴᠡᠭᠡᠲᠡᠨ ᠨᠢ ᠠᠪᠴᠠᠭᠠᠲᠠᠨ ᠳᠤ ᠵᠤᠷᠢᠬᠤ ᠡᠰᠡᠷᠭᠦᠴᠡᠨ ᠮᠠᠷᠭᠤᠯᠲᠤᠬᠤ ᠡᠷᠬᠡ ᠪᠠᠨ ᠲᠤᠰ ᠦᠭᠴᠡᠭᠡᠲᠡᠨ ᠳᠤ ᠵᠤᠷᠢᠵᠤ | ᠪᠤᠯᠤᠨ᠎ᠠ᠃ | ᠲᠦᠯᠦ᠋ᠪᠦᠷᠢ ᠨᠡᠬᠡᠮᠵᠢᠯᠡᠭᠳᠡᠭᠴᠢ ᠶᠢ ᠬᠤᠯᠪᠤᠯᠳᠤᠭᠰᠠᠨ ᠥᠭᠴᠡᠭᠡᠲᠡᠨ ᠡᠭᠦᠷᠭᠡᠯᠡᠬᠦ ᠶᠣᠰᠤᠲᠠᠢ ᠬᠤᠪᠢᠳᠠᠴᠠ ᠪᠠᠨ ᠭᠦᠢᠴᠡᠳᠬᠡᠵᠦ ᠳᠡᠶᠢᠯᠬᠦ ᠦᠭᠡᠢ ᠪᠠᠶᠢᠪᠠᠯ᠂ | ᠪᠤᠰᠤᠳ ᠬᠤᠯᠪᠤᠯᠳᠤᠭᠰᠠᠨ ᠥᠭᠴᠡᠭᠡᠲᠡᠨ ᠵᠣᠬᠢᠴᠠᠩᠭᠤᠢ ᠬᠡᠪᠴᠢᠶᠡᠨ ᠳᠣᠲᠤᠷ᠎ᠠ ᠬᠠᠷᠢᠴᠠᠯ ᠶᠣᠰᠤᠭᠠᠷ ᠡᠭᠦᠷᠭᠡᠯᠡᠬᠦ ᠬᠡᠷᠡᠭᠲᠡᠢ ᠃ | ᠲᠠᠪᠤᠨ ᠵᠠᠭᠤ ᠬᠤᠷᠢᠳᠤᠭᠠᠷ ᠵᠦᠢᠯ ᠬᠡᠰᠡᠭ ᠬᠤᠯᠪᠤᠯᠳᠤᠭᠰᠠᠨ ᠦᠭᠴᠡᠭᠡᠲᠡᠨ ᠦᠭᠴᠡᠭᠡ ᠶᠢ ᠭᠦᠢᠴᠡᠳᠬᠡᠭᠰᠡᠨ᠂ ᠲᠤᠯᠭᠠᠨ ᠬᠠᠰᠤᠬᠰᠠᠨ ᠪᠤᠶᠤ ᠬᠠᠷᠠᠯᠲᠠ | ᠪᠤᠳᠠᠰ ᠢ ᠭᠠᠷᠭᠠᠵᠤ ᠬᠠᠳᠠᠭᠠᠯᠠᠭᠤᠯᠤᠭᠰᠠᠨ ᠪᠠᠶᠢᠪᠠᠯ᠂ ᠪᠤᠰᠤᠳ ᠦᠭᠴᠡᠭᠡᠲᠡᠨ ᠤ ᠠᠪᠴᠠᠭᠠᠲᠠᠨ ᠳᠤ ᠦᠭᠭᠦ ᠦᠭᠴᠡᠭᠡ ᠨᠢ ᠬᠠᠷᠠᠭᠠᠯᠵᠠᠭᠰᠠᠨ ᠬᠡᠪᠴᠢᠶᠡᠨ ᠳᠤ | ᠤᠰᠠᠳᠤᠨ᠎ᠠ︔ ᠲᠤᠰ ᠦᠭᠴᠡᠭᠡᠲᠡᠨ ᠡᠮᠦᠨᠡᠬᠢ ᠵᠦᠢᠯ ᠤᠨ ᠲᠤᠭᠲᠠᠭᠠᠯ ᠶᠤᠰᠤᠭᠠᠷ ᠪᠤᠰᠤᠳ ᠦᠭᠴᠡᠭᠡᠲᠡᠨ ᠢᠶᠠᠷ ᠨᠡᠬᠡᠮᠵᠢᠯᠡᠨ ᠲᠦᠯᠦᠭᠦᠯᠵᠤ ᠪᠤᠯᠤᠨ᠎ᠠ᠃ | ᠠᠪᠴᠠᠭᠠᠲᠠᠨ ᠬᠡᠰᠡᠭ ᠬᠤᠯᠪᠤᠯᠳᠤᠭᠰᠠᠨ ᠦᠭᠴᠡᠭᠡᠲᠡᠨ ᠤ ᠦᠭᠴᠡᠭᠡ ᠶᠢ ᠬᠡᠯᠳᠦᠷᠢᠭᠦᠯᠦᠭᠰᠡᠨ ᠪᠠᠶᠢᠪᠠᠯ᠂ ᠲᠤᠰ ᠬᠤᠯᠪᠤᠯᠳᠤᠭᠰᠠᠨ ᠦᠭᠴᠡᠭᠡᠲᠡᠨ ᠤ | ᠡᠭᠦᠷᠭᠡᠯᠡᠬᠦ ᠶᠤᠰᠤᠲᠠᠢ ᠬᠤᠪᠢᠳᠠᠴᠠ ᠶᠢ ᠬᠡᠪᠴᠢᠶ᠎ᠠ ᠳᠤ ᠪᠤᠰᠤᠳ ᠦᠭᠴᠡᠭᠡᠲᠡᠨ ᠤ ᠠᠪᠴᠠᠭᠠᠲᠠᠨ ᠳᠤ ᠦᠭᠭᠦ ᠦᠭᠴᠡᠭᠡ ᠨᠢ ᠤᠰᠠᠳᠤᠨ᠎ᠠ᠃ | ᠬᠡᠰᠡᠭ ᠬᠤᠯᠪᠤᠯᠳᠤᠭᠰᠠᠨ ᠦᠭᠴᠡᠭᠡᠲᠡᠨ ᠤ ᠦᠭᠴᠡᠭᠡ ᠪᠤᠯᠤᠨ ᠠᠪᠴᠠᠭᠠᠲᠠᠨ ᠤ ᠠᠪᠴᠠᠭ᠎ᠠ ᠨᠢᠭᠡ ᠯᠡ ᠬᠦᠮᠦᠨ ᠤ ᠬᠢ ᠪᠣᠯᠣᠭᠰᠠᠨ ᠪᠠᠶᠢᠪᠠᠯ᠂ ᠲᠤᠰ | ᠦᠭᠴᠡᠭᠡᠲᠡᠨ ᠤ ᠡᠭᠦᠷᠭᠡᠯᠡᠬᠦ ᠶᠤᠰᠤᠲᠠᠢ ᠬᠤᠪᠢᠳᠠᠴᠠ ᠶᠢ ᠬᠠᠰᠤᠵᠤ ᠭᠠᠷᠭᠠᠭᠰᠠᠨ ᠤ ᠳᠠᠷᠠᠭ᠎ᠠ᠂ ᠠᠪᠴᠠᠭᠠᠲᠠᠨ ᠤ ᠪᠤᠰᠤᠳ ᠦᠭᠴᠡᠭᠡᠲᠡᠨ ᠠᠴᠠ ᠠᠪᠬᠤ | ᠠᠪᠴᠠᠭ᠎ᠠ ᠨᠢ ᠦᠷᠭᠦᠯᠵᠢᠯᠡᠨ ᠤᠷᠤᠰᠢᠨ᠎ᠠ᠃ | ᠠᠪᠴᠠᠭᠠᠲᠠᠨ ᠬᠡᠰᠡᠭ ᠬᠤᠯᠪᠤᠯᠳᠤᠭᠰᠠᠨ ᠦᠭᠴᠡᠭᠡᠲᠡᠨ ᠤ ᠦᠭᠭᠦ ᠦᠭᠴᠡᠭᠡ ᠶᠢ ᠬᠦᠯᠢᠶᠡᠨ ᠠᠪᠬᠤ ᠪᠠᠨ ᠬᠤᠶᠢᠰᠢᠯᠠᠭᠤᠯᠤᠭᠰᠠᠨ ᠨᠢ᠂ ᠪᠤᠰᠤᠳ | ᠬᠤᠯᠪᠤᠯᠳᠤᠭᠰᠠᠨ ᠦᠭᠴᠡᠭᠡᠲᠡᠨ ᠳᠤ ᠬᠦᠴᠦᠨ ᠲᠠᠢ ᠪᠤᠯᠤᠨ᠎ᠠ᠃ | ᠲᠠᠪᠤᠨ ᠵᠠᠭᠤ ᠬᠤᠷᠢᠨ ᠨᠢᠭᠡᠳᠦᠭᠡᠷ ᠵᠦᠢᠯ ᠬᠤᠯᠪᠤᠯᠳᠤᠭᠰᠠᠨ ᠠᠪᠴᠠᠭᠠᠲᠠᠨ ᠤ ᠬᠤᠭᠤᠷᠤᠨᠳᠤᠬᠢ ᠬᠤᠪᠢᠳᠠᠴᠠ ᠶᠢ ᠲᠤᠭᠲᠠᠭᠠᠬᠤ ᠳᠤ ᠪᠡᠷᠬᠡᠲᠡᠢ ᠪᠠᠶᠢᠪᠠᠯ᠂ | ᠬᠤᠪᠢᠳᠠᠴᠠ ᠨᠢ ᠠᠳᠠᠯᠢᠬᠠᠨ ᠢᠶᠠᠷ ᠦᠵᠡᠨ᠎ᠡ᠃ | ᠠᠪᠴᠠᠭ᠎ᠠ ᠶᠢ ᠪᠣᠳᠠᠲᠠᠶ ᠬᠦᠯᠢᠶᠡᠨ ᠠᠪᠤᠭᠰᠠᠨ ᠬᠤᠯᠪᠣᠯᠳᠤᠭᠰᠠᠨ ᠠᠪᠴᠠᠭᠠᠲᠠᠨ ᠬᠠᠷᠢᠴᠠᠯ ᠶᠣᠰᠣᠭᠠᠷ ᠪᠤᠰᠤᠳ ᠬᠤᠯᠪᠣᠯᠳᠤᠭᠰᠠᠨ ᠠᠪᠴᠠᠭᠠᠲᠠᠨ ᠳᠤ | ᠪᠤᠴᠠᠭᠠᠵᠤ ᠥᠭᠬᠦ ᠬᠡᠷᠡᠭᠲᠡᠶ᠃ | ᠬᠤᠯᠪᠣᠯᠳᠤᠭᠰᠠᠨ ᠠᠪᠴᠠᠭ᠎ᠠ ᠳᠤ ᠲᠤᠰ ᠪᠦᠯᠦᠭ ᠲᠠᠬᠢ ᠬᠤᠯᠪᠣᠯᠳᠤᠭᠰᠠᠨ ᠥᠭᠴᠡᠭᠡ ᠶᠢ ᠬᠤᠯᠪᠣᠭᠳᠠᠯ ᠪᠦᠬᠦᠢ ᠲᠣᠭᠲᠠᠭᠠᠯ ᠢ ᠯᠠᠪᠯᠠᠯᠲᠠ ᠪᠣᠯᠭᠠᠵᠤ | ᠲᠤᠬᠢᠷᠠᠭᠤᠯᠤᠨ ᠬᠡᠷᠡᠭᠯᠡᠨ᠎ᠡ᠃ | ᠲᠠᠪᠤᠨ ᠵᠠᠭᠤ ᠬᠤᠷᠢᠨ ᠬᠤᠶᠠᠳᠤᠭᠠᠷ ᠵᠦᠢᠯ ᠲᠤᠬᠠᠢ ᠶᠢᠨ ᠬᠥᠮᠦᠨ ᠥᠭᠴᠡᠭᠡᠲᠡᠨ ᠢᠶᠠᠷ ᠭᠤᠷᠪᠠᠳᠠᠬᠢ ᠬᠥᠮᠦᠨ ᠳᠤ ᠥᠭᠴᠡᠭᠡ ᠭᠦᠢᠴᠡᠳᠬᠡᠭᠦᠯᠬᠦ ᠪᠠᠷ | ᠪᠣᠯᠵᠣᠨ ᠲᠣᠭᠲᠠᠭᠠᠳ᠂ ᠥᠭᠴᠡᠭᠡᠲᠡᠨ ᠭᠤᠷᠪᠠᠳᠠᠬᠢ ᠬᠥᠮᠦᠨ ᠳᠤ ᠥᠭᠴᠡᠭᠡ ᠪᠠᠨ ᠭᠦᠢᠴᠡᠳᠬᠡᠭᠰᠡᠨ ᠦᠭᠡᠢ ᠪᠤᠶᠤ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ | ᠲᠣᠭᠲᠠᠭᠰᠠᠨ ᠲᠠᠢ ᠨᠡᠶᠢᠴᠡᠬᠦ ᠦᠭᠡᠢ ᠪᠠᠶᠢᠪᠠᠯ᠂ ᠠᠪᠴᠠᠭᠠᠲᠠᠨ ᠳᠤ ᠬᠡᠷ᠎ᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠭᠤᠷᠪᠠᠳᠠᠬᠢ ᠬᠥᠮᠦᠨ ᠥᠭᠴᠡᠭᠡᠲᠡᠨ ᠢᠶᠠᠷ ᠲᠡᠬᠦᠨ ᠳᠤ ᠥᠭᠴᠡᠭᠡ ᠭᠦᠢᠴᠡᠳᠬᠡᠭᠦᠯᠬᠦ ᠪᠠᠷ ᠰᠢᠭᠤᠳ ᠭᠤᠶᠤᠴᠢᠯᠠᠵᠤ ᠪᠣᠯᠤᠨ᠎ᠠ ᠭᠡᠵᠤ ᠬᠠᠤᠯᠢ ᠴᠠᠭᠠᠵᠠ ᠳᠤ | ᠲᠣᠭᠲᠠᠭᠠᠭᠰᠠᠨ ᠪᠤᠶᠤ ᠲᠤᠬᠠᠶ ᠶᠢᠨ ᠬᠥᠮᠦᠨ ᠪᠤᠯᠵᠤᠨ ᠲᠤᠬᠳᠠᠭᠠᠳ᠂ ᠭᠤᠷᠪᠠᠳᠠᠬᠢ ᠬᠥᠮᠦᠨ ᠵᠦᠶ ᠵᠣᠬᠢᠰᠲᠠᠶ ᠬᠤᠭᠤᠴᠠᠭᠠᠨ ᠳᠣᠲᠣᠷ᠎ᠠ ᠲᠣᠳᠣᠷᠬᠠᠶ ᠲᠡᠪᠴᠢᠭᠰᠡᠨ | ᠦᠭᠡᠢ᠂ ᠥᠭᠴᠡᠭᠡᠲᠡᠨ ᠭᠤᠷᠪᠠᠳᠠᠬᠢ ᠬᠥᠮᠦᠨ ᠳᠤ ᠥᠭᠴᠡᠭᠡ ᠪᠠᠨ ᠭᠦᠢᠴᠡᠳᠬᠡᠭᠰᠡᠨ ᠦᠭᠡᠢ ᠪᠤᠶᠤ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ | ᠲᠣᠭᠲᠠᠭᠰᠠᠨ ᠲᠠᠢ ᠨᠡᠶᠢᠴᠡᠬᠦ ᠦᠭᠡᠢ ᠪᠠᠶᠢᠪᠠᠯ᠂ ᠭᠤᠷᠪᠠᠳᠠᠬᠢ ᠬᠥᠮᠦᠨ ᠥᠭᠴᠡᠭᠡᠲᠡᠨ ᠢᠶᠠᠷ ᠭᠡᠷ᠎ᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠤ | ᠪᠣᠯᠤᠨ᠎ᠠ︔ ᠥᠭᠴᠡᠭᠡᠲᠡᠨ ᠨᠢ ᠠᠪᠴᠠᠭᠠᠲᠠᠨ ᠳᠤ ᠵᠤᠷᠢᠬᠤ ᠡᠰᠡᠷᠬᠦᠴᠡᠨ ᠮᠠᠷᠭᠤᠯᠳᠤᠬᠤ ᠡᠷᠬᠡ ᠪᠠᠨ ᠭᠤᠷᠪᠠᠳᠠᠬᠢ ᠬᠥᠮᠦᠨ ᠳᠤ ᠵᠤᠷᠢᠵᠤ ᠪᠣᠯᠤᠨ᠎ᠠ᠃ | ᠲᠠᠪᠤᠨ ᠵᠠᠭᠤ ᠬᠤᠷᠢᠨ ᠭᠤᠷᠪᠠᠳᠤᠭᠠᠷ ᠵᠦᠢᠯ ᠲᠤᠬᠠᠢ ᠶᠢ ᠬᠥᠮᠦᠨ ᠭᠤᠷᠪᠠᠳᠠᠬᠢ ᠬᠥᠮᠦᠨ ᠢᠶᠠᠷ ᠠᠪᠴᠠᠭᠠᠲᠠᠨ ᠳᠤ ᠥᠭᠴᠡᠭᠡ ᠭᠦᠢᠴᠡᠳᠬᠡᠭᠦᠯᠬᠦ ᠪᠠᠷ | ᠪᠣᠯᠵᠣᠨ ᠲᠣᠭᠲᠠᠭᠠᠳ᠂ ᠭᠤᠷᠪᠠᠳᠠᠬᠢ ᠬᠥᠮᠦᠨ ᠥᠭᠴᠡᠭᠡ ᠪᠠᠨ ᠭᠦᠢᠴᠡᠳᠬᠡᠬᠦ ᠦᠭᠡᠢ ᠪᠤᠶᠤ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ | ᠨᠡᠶᠢᠴᠡᠬᠦ ᠦᠭᠡᠢ ᠪᠠᠶᠢᠪᠠᠯ᠂ ᠥᠭᠴᠡᠭᠡᠲᠡᠨ ᠨᠢ ᠠᠪᠴᠠᠭᠠᠲᠠᠨ ᠳᠤ ᠬᠡᠷ᠎ᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠲᠠᠪᠤᠨ ᠵᠠᠭᠤ ᠬᠤᠷᠢᠨ ᠳᠥᠷᠪᠡᠳᠦᠭᠡᠷ ᠵᠦᠢᠯ ᠥᠭᠴᠡᠭᠡᠲᠡᠨ ᠥᠭᠴᠡᠭᠡ ᠪᠠᠨ ᠬᠦᠢᠴᠡᠳᠭᠡᠬᠦ ᠥᠭᠡᠢ ᠪᠠᠶᠢᠵᠤ᠂ ᠭᠤᠷᠪᠠᠳᠠᠬᠢ ᠬᠥᠮᠦᠨ ᠲᠤᠰ ᠥᠭᠴᠡᠭᠡ ᠶᠢ | ᠭᠦᠢᠴᠡᠳᠬᠡᠬᠦ ᠳᠤ ᠬᠠᠤᠯᠢ ᠶᠣᠰᠣᠨ ᠤ ᠠᠰᠢᠭ ᠲᠤᠰᠠ ᠲᠠᠢ ᠪᠠᠶᠢᠪᠠᠯ᠂ ᠭᠤᠷᠪᠠᠳᠠᠬᠢ ᠬᠥᠮᠦᠨ ᠨᠢ ᠠᠪᠴᠠᠭᠠᠲᠠᠨ ᠳᠤ ᠪᠠᠶᠢᠷᠢ ᠣᠷᠣᠯᠠᠨ ᠭᠦᠢᠴᠡᠳᠬᠡᠬᠦ ᠡᠷᠬᠡ ᠲᠠᠢ︔ | ᠭᠡᠪᠡᠴᠦ ᠦᠭᠴᠡᠭᠡ ᠶᠢ ᠰᠢᠨᠵᠢ ᠴᠢᠨᠠᠷ ᠢ ᠦᠨᠳᠤᠰᠤᠯᠠᠪᠡᠯ᠂ ᠲᠤᠬᠠᠶ ᠶᠢᠨ ᠬᠥᠮᠦᠨ ᠤ ᠪᠣᠯᠵᠣᠯ ᠶᠣᠰᠣᠭᠠᠷ ᠪᠤᠶᠤ ᠬᠠᠤᠯᠢ ᠴᠠᠭᠠᠵᠠ ᠶᠢ ᠲᠣᠭᠲᠠᠭᠠᠯ ᠶᠣᠰᠣᠭᠠᠷ ᠪᠤᠯ | ᠥᠭᠴᠡᠭᠡᠲᠡᠨ ᠯᠡ ᠭᠦᠢᠴᠡᠳᠭᠡᠬᠦ ᠨᠢ ᠡᠭᠦᠨ ᠳᠤ ᠪᠠᠭᠲᠠᠬᠤ ᠦᠭᠡᠢ᠃ | ᠠᠪᠴᠠᠭᠠᠲᠠᠨ ᠭᠤᠷᠪᠠᠳᠠᠬᠢ ᠬᠥᠮᠦᠨ ᠤ ᠭᠦᠢᠴᠡᠳᠬᠡᠬᠦ ᠶᠢ ᠬᠦᠯᠢᠶᠡᠨ ᠠᠪᠤᠭᠰᠠᠨ ᠤ ᠳᠠᠷᠠᠭ᠎ᠠ᠂ ᠲᠡᠭᠦᠨ ᠤ ᠥᠭᠴᠡᠭᠡᠲᠡᠨ ᠠᠴᠠ ᠠᠪᠬᠤ ᠠᠪᠴᠠᠭ᠎ᠠ ᠪᠠᠨ | ᠭᠤᠷᠪᠠᠳᠠᠬᠢ ᠬᠥᠮᠦᠨ ᠳᠤ ᠰᠢᠯᠵᠢᠭᠦᠯᠤᠨ ᠥᠭᠭᠦᠨ᠎ᠡ᠂ ᠭᠡᠪᠡᠴᠦ ᠥᠭᠴᠡᠭᠡᠲᠡᠨ ᠪᠠ ᠭᠤᠷᠪᠠᠳᠠᠬᠢ ᠬᠥᠮᠦᠨ ᠠᠰᠲᠠᠭᠠᠨ ᠪᠣᠯᠵᠣᠯ ᠲᠠᠢ ᠨᠢ ᠡᠭᠦᠨ ᠳᠤ ᠪᠠᠭᠲᠠᠬᠤ ᠦᠭᠡᠢ | ᠃ | ᠲᠠᠪᠤᠨ ᠵᠠᠭᠤ ᠬᠤᠷᠢᠨ ᠲᠠᠪᠤᠳᠤᠭᠠᠷ ᠵᠦᠢᠯ ᠲᠤᠬᠠᠶ ᠶᠢᠨ ᠬᠥᠮᠦᠨ ᠬᠠᠷᠢᠯᠴᠠᠨ ᠥᠭᠴᠡᠭᠡ ᠡᠭᠦᠷᠭᠡᠯᠡᠵᠤ᠂ ᠡᠮᠦᠨ᠎ᠡ ᠬᠤᠶᠢᠨ᠎ᠡ ᠬᠦᠢᠴᠡᠦᠡᠭᠡᠬᠦ ᠲᠡᠰ | ᠲᠡᠷᠡᠭᠠᠯᠡᠯ ᠪᠠᠶᠢᠬᠤ ᠥᠭᠡᠢ ᠪᠤᠯ᠂ ᠵᠡᠷᠭᠡ ᠪᠠᠷ ᠬᠦᠢᠴᠡᠦᠡᠭᠡᠬᠦ ᠭᠡᠷᠡᠭᠳᠡᠢ᠃ ᠨᠢᠭᠡ ᠲᠠᠯ᠎ᠠ ᠨᠢ ᠨᠦᠬᠦᠭᠡ ᠲᠠᠯ᠎ᠠ ᠶᠢᠨ ᠢᠶᠠᠨ ᠭᠦᠢᠴᠡᠳᠬᠡᠬᠦ ᠠᠴᠠ ᠡᠮᠦᠨ᠎ᠡ | ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ ᠡᠷᠬᠡ ᠲᠠᠢ᠃ ᠨᠦᠭᠦᠭᠡ ᠲᠠᠯ᠎ᠠ ᠨᠢ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ | ᠦᠭᠡᠢ ᠦᠶ᠎ᠡ ᠳᠤ᠂ ᠨᠢᠭᠡ ᠲᠠᠯ᠎ᠠ ᠨᠢ ᠵᠣᠬᠢᠴᠠᠩᠭᠤᠢ ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ ᠡᠷᠬᠡ ᠲᠠᠢ᠃ | ᠲᠠᠪᠤᠨ ᠵᠠᠭᠤ ᠬᠤᠷᠢᠨ ᠵᠢᠷᠭᠤᠳᠤᠭᠠᠷ ᠵᠦᠢᠯ ᠲᠤᠬᠠᠶ ᠶᠢᠨ ᠬᠥᠮᠦᠨ ᠬᠠᠷᠢᠯᠴᠠᠨ ᠥᠭᠴᠡᠭᠡ ᠡᠭᠦᠷᠭᠡᠯᠡᠨ᠂ ᠡᠮᠦᠨ᠎ᠡ ᠬᠤᠶᠢᠨ᠎ᠡ ᠭᠦᠢᠴᠡᠳᠬᠡᠬᠦ ᠳᠡᠰ | ᠳᠠᠷᠠᠭᠠᠯᠠᠯ ᠲᠠᠢ ᠪᠠᠶᠢᠵᠤ᠂ ᠤᠷᠢᠳ ᠢᠶᠠᠷ ᠦᠭᠴᠡᠭᠡ ᠪᠠᠨ ᠭᠦᠢᠴᠡᠳᠬᠡᠬᠦ ᠶᠣᠰᠣᠲᠠᠶ ᠨᠢᠭᠡ ᠲᠠᠯ᠎ᠠ ᠨᠢ ᠭᠦᠢᠴᠡᠳᠬᠡᠭᠰᠡᠨ ᠦᠭᠡᠢ ᠪᠠᠶᠢᠪᠠᠯ᠂ ᠬᠤᠶᠢᠨ᠎ᠠ ᠭᠦᠢᠴᠡᠳᠬᠡᠬᠦ | ᠨᠢᠭᠡ ᠲᠠᠯ᠎ᠠ ᠨᠢ ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ ᠡᠷᠬᠡ ᠲᠠᠢ᠃ ᠤᠷᠢᠳ ᠢᠶᠠᠷ ᠭᠦᠢᠴᠡᠳᠬᠡᠬᠦ ᠨᠢᠭᠡ ᠲᠠᠯ᠎ᠠ ᠨᠢ ᠥᠭᠴᠡᠭᠡ ᠪᠠᠨ ᠭᠦᠢᠴᠡᠳᠬᠡᠭᠰᠡᠨ ᠨᠢ | ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ ᠪᠠᠶᠢᠪᠠᠯ᠂ ᠬᠤᠶᠢᠨ᠎ᠠ ᠭᠦᠢᠴᠡᠳᠬᠡᠬᠦ ᠨᠢᠭᠡ ᠲᠠᠯ᠎ᠠ ᠨᠢ ᠵᠣᠬᠢᠴᠠᠩᠭᠤᠢ ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ | ᠡᠷᠬᠡ ᠲᠠᠢ᠃ | ᠲᠠᠪᠤᠨ ᠵᠠᠭᠤ ᠬᠤᠷᠢᠨ ᠳᠣᠯᠣᠳᠤᠭᠠᠷ ᠵᠦᠢᠯ ᠤᠷᠢᠳ ᠢᠶᠠᠷ ᠥᠭᠴᠡᠭᠡ ᠪᠠᠨ ᠬᠦᠢᠴᠡᠳᠭᠡᠬᠦ ᠶᠣᠰᠣᠲᠠᠶ ᠲᠤᠬᠠᠶ ᠶᠢᠨ ᠬᠥᠮᠦᠨ ᠨᠦᠬᠦᠭᠡ ᠲᠠᠯ᠎ᠠ ᠶᠢᠨ ᠢᠶᠠᠨ | ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠶᠢ ᠭᠡᠷᠡᠴᠢᠯᠡᠬᠦ ᠪᠠᠲᠤᠲᠠᠢ ᠭᠡᠷᠡᠴᠢ ᠪᠠᠷᠢᠮᠲᠠ ᠲᠠᠢ ᠪᠠᠶᠢᠪᠠᠯ᠂ ᠭᠦᠢᠴᠡᠳᠬᠡᠬᠦ ᠪᠠᠨ ᠲᠤᠷᠭᠤᠠ ᠵᠣᠭᠰᠣᠭᠠᠵᠤ | ᠪᠣᠯᠤᠨ᠎ᠠ᠄ | ︵ᠨᠢᠭᠡ︶ ᠡᠵᠡᠩᠨᠡᠯᠲᠡ ᠶᠢᠨ ᠪᠠᠶᠢᠳᠠᠯ ᠨᠢ ᠬᠦᠨᠳᠦ ᠨᠣᠴᠢᠲᠠᠶ ᠮᠠᠭᠤᠳᠠᠭᠰᠠᠨ︔ | ︵ᠬᠤᠶᠠᠷ︶ ᠥᠭᠴᠡᠭᠡ ᠠᠴᠠ ᠵᠠᠶᠢᠯᠠᠬᠤ ᠶᠢᠨ ᠲᠦᠯᠦᠭᠡ ᠡᠳ᠋ ᠬᠦᠷᠦᠩᠭᠡ ᠪᠠᠨ ᠰᠢᠯᠵᠢᠭᠦᠯᠤᠨ᠂ ᠪᠡᠯᠠ ᠮᠥᠩᠭᠦ ᠪᠠᠨ ᠲᠡᠳᠡᠠ ᠠᠪᠴᠤ ᠵᠠᠶᠢᠯᠠᠭᠤᠯᠤᠬᠰᠠᠨ︔ | | ︵ᠭᠤᠷᠪᠠ︶ ᠬᠤᠳᠠᠯᠳᠤᠭᠠᠨ ᠤ ᠢᠲᠡᠭᠡᠯ ᠬᠦᠨᠳᠦ ᠪᠠᠨ ᠠᠯᠳᠠᠭᠰᠠᠨ︔ | ︵ᠲᠦᠷᠪᠡ︶ ᠥᠭᠴᠡᠭᠡ ᠪᠠᠨ ᠬᠦᠢᠴᠡᠳᠭᠡᠬᠦ ᠴᠢᠳᠠᠪᠤᠷᠢ ᠪᠠᠨ ᠠᠯᠳᠠᠭᠰᠠᠨ ᠪᠤᠶᠤ ᠠᠯᠳᠠᠵᠤ ᠮᠡᠳᠡᠬᠦ ᠪᠤᠰᠤᠳ ᠪᠠᠶᠢᠳᠠᠯ᠃ | ᠲᠤᠬᠠᠶ ᠶᠢᠨ ᠬᠥᠮᠦᠨ ᠪᠠᠲᠤᠲᠠᠢ ᠭᠡᠷᠡᠴᠢ ᠪᠠᠷᠢᠮᠲᠠ ᠦᠭᠡᠢ ᠪᠠᠷ ᠭᠦᠢᠴᠡᠳᠬᠡᠬᠦ ᠶᠢ ᠲᠤᠷᠭᠤᠨ ᠵᠣᠭᠰᠣᠭᠠᠭᠰᠠᠨ ᠪᠠᠶᠢᠪᠠᠯ᠂ ᠬᠡᠷ᠎ᠠ ᠵᠥᠷᠢᠴᠡᠭᠰᠡᠨ | ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠲᠠᠪᠤᠨ ᠵᠠᠭᠤ ᠬᠤᠷᠢᠨ ᠨᠠᠢᠮᠠᠳᠤᠭᠠᠷ ᠵᠦᠢᠯ ᠲᠤᠬᠠᠶ ᠶᠢᠨ ᠬᠥᠮᠦᠨ ᠡᠮᠦᠨᠡᠬᠢ ᠵᠦᠢᠯ ᠤᠨ ᠲᠣᠭᠲᠠᠭᠠᠯ ᠢ ᠦᠨᠳᠤᠰᠤᠯᠡᠨ ᠭᠦᠢᠴᠡᠳᠬᠡᠬᠦ ᠪᠠᠨ ᠲᠤᠷᠭᠤᠠ | ᠵᠣᠭᠰᠣᠭᠠᠭᠰᠠᠨ ᠪᠠᠶᠢᠪᠠᠯ᠂ ᠨᠦᠬᠦᠭᠡ ᠲᠠᠯ᠎ᠠ ᠳᠠᠭᠠᠨ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ ᠨᠦᠬᠦᠭᠡ ᠲᠠᠯ᠎ᠠ ᠨᠢ ᠵᠣᠬᠢᠰᠲᠠᠶ ᠳᠠᠭᠠᠭᠠᠯᠲᠠ ᠬᠠᠩᠭᠠᠭᠰᠠᠨ ᠪᠠᠶᠢᠪᠠᠯ | ᠂ ᠭᠦᠢᠴᠡᠳᠬᠡᠬᠦ ᠪᠠᠨ ᠰᠡᠷᠭᠦᠭᠡᠬᠦ ᠬᠡᠷᠡᠭᠲᠡᠶ᠃ ᠭᠦᠢᠴᠡᠳᠬᠡᠬᠦ ᠪᠠᠨ ᠲᠤᠷᠭᠤᠠ ᠵᠣᠭᠰᠣᠭᠠᠭᠰᠠᠨ ᠤ ᠲᠡᠷᠠᠭ᠎ᠠ᠂ ᠨᠦᠬᠦᠭᠡ ᠲᠠᠯ᠎ᠠ ᠨᠢ ᠵᠦᠢ ᠵᠣᠬᠢᠰᠲᠠᠢ ᠬᠤᠭᠤᠴᠠᠭᠠᠨ | ᠳᠣᠲᠣᠷ᠎ᠠ ᠭᠦᠢᠴᠡᠳᠬᠡᠬᠦ ᠴᠢᠳᠠᠪᠤᠷᠢ ᠪᠠᠨ ᠰᠡᠷᠭᠦᠭᠡᠭᠰᠡᠨ ᠥᠭᠡᠢ ᠪᠥᠭᠡᠳ ᠵᠣᠬᠢᠰᠲᠠᠢ ᠳᠠᠭᠠᠭᠠᠯᠲᠠ ᠬᠠᠩᠭᠠᠭᠰᠠᠨ ᠥᠭᠡᠢ ᠪᠠᠶᠢᠪᠠᠯ᠂ ᠭᠤᠤᠯ ᠦᠭᠴᠡᠭᠡ ᠶᠢ | ᠭᠦᠢᠴᠡᠳᠬᠡᠬᠦ ᠥᠭᠡᠢ ᠭᠡᠵᠦ ᠥᠪᠡᠷ ᠤᠨ ᠤᠶᠢᠯᠠ ᠠᠵᠢᠯᠯᠠᠭ᠎ᠠ ᠪᠠᠷ ᠢᠶᠠᠨ ᠢᠯᠡᠷᠬᠡᠶᠢᠯᠡᠭᠰᠡᠨ ᠢᠶᠠᠷ ᠦᠵᠡᠨ᠎ᠡ᠂ ᠭᠦᠢᠴᠡᠳᠬᠡᠬᠦ ᠪᠠᠨ ᠲᠤᠷᠭᠤᠠ ᠵᠣᠭᠰᠣᠭᠠᠭᠰᠠᠨ ᠨᠢᠭᠡ | ᠲᠠᠯ᠎ᠠ ᠨᠢ ᠭᠡᠷ᠎ᠡ ᠶᠢ ᠴᠤᠴᠠᠯᠵᠤ ᠪᠣᠯᠬᠤ ᠪᠥᠭᠡᠳ ᠨᠦᠬᠦᠭᠡ ᠲᠠᠯ᠎ᠠ ᠪᠠᠷ ᠢᠶᠠᠨ ᠬᠡᠷ᠎ᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠤ ᠪᠣᠯᠤᠨ᠎ᠠ᠃ | ᠲᠠᠪᠤᠨ ᠵᠠᠭᠤ ᠬᠤᠷᠢ ᠶᠢᠰᠤᠳᠦᠭᠡᠷ ᠵᠦᠢᠯ ᠠᠪᠴᠠᠭᠠᠲᠠᠨ ᠰᠠᠯᠤᠬᠰᠠᠨ᠂ ᠨᠡᠶᠢᠯᠡᠭᠰᠡᠨ ᠪᠤᠶᠤ ᠣᠷᠣᠨ ᠰᠠᠭᠤᠴᠠ ᠪᠠᠨ ᠬᠤᠪᠢᠷᠠᠭᠤᠯᠤᠭᠰᠠᠨ ᠢᠶᠠᠨ | ᠥᠭᠴᠡᠭᠡᠲᠡᠨ ᠳᠤ ᠮᠡᠳᠡᠭᠳᠡᠭᠰᠡᠨ ᠥᠭᠡᠢ ᠠᠴᠠ ᠪᠤᠯᠵᠦ ᠥᠭᠴᠡᠭᠡ ᠶᠢ ᠭᠦᠢᠴᠡᠳᠬᠡᠬᠦ ᠶᠢ ᠪᠡᠷᠬᠡᠳᠡᠢ ᠪᠤᠯᠭᠠᠭᠰᠠᠨ ᠪᠠᠶᠢᠪᠠᠯ᠂ ᠥᠭᠴᠡᠭᠡᠲᠡᠨ ᠭᠦᠢᠴᠡᠳᠬᠡᠬᠦ ᠪᠠᠨ | ᠲᠤᠷᠭᠤᠠ ᠵᠣᠭᠰᠣᠭᠠᠬᠤ ᠪᠤᠶᠤ ᠬᠠᠷᠠᠯᠲᠠ ᠪᠣᠳᠠᠰ ᠢ ᠭᠠᠷᠭᠠᠨ ᠬᠠᠳᠠᠭᠠᠯᠠᠭᠤᠯᠵᠤ ᠪᠣᠯᠤᠨ᠎ᠠ᠃ ︵ᠦᠷᠬᠦᠯᠵᠢᠯᠡᠯ ᠪᠤᠢ︶ | | | | | | |