ᠳᠤᠮᠳᠠᠲᠤ ᠪᠠᠭ᠎ᠠ ᠰᠤᠷᠭᠠᠭᠤᠯᠢ ᠶᠢᠨ ᠬᠢᠴᠢᠶᠡᠯ ᠳᠤ ᠰᠢᠨ᠎ᠡ ᠬᠤᠪᠢᠷᠠᠯᠲᠠ ᠭᠠᠷᠴᠤ ᠪᠡᠶ᠎ᠡ ᠶᠢᠨ ᠲᠠᠮᠢᠷ ᠭᠤᠷᠪᠠᠳᠤᠭᠠᠷ ᠶᠡᠭᠡ ᠬᠢᠴᠢᠶᠡᠯ ᠲᠥᠷᠦᠯ ᠪᠣᠯᠪᠠ
ᠨᠡᠶᠢᠲᠡᠯᠡᠭᠰᠡᠨ ᠴᠠᠭ᠄
2022/9/30
        ᠡᠨᠡ ᠨᠠᠮᠤᠷ ᠰᠤᠷᠭᠠᠭᠤᠯᠢ ᠡᠬᠢᠯᠡᠭᠰᠡᠨ ᠤ ᠲᠠᠷᠠᠭ᠎ᠠ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠱᠠᠲᠤᠨ ᠳᠤ ᠰᠢᠨ᠎ᠡ ᠬᠢᠴᠢᠶᠡᠯ ᠤᠨ ᠲᠥᠰᠦᠯ ᠪᠠ ᠬᠢᠴᠢᠶᠡᠯ ᠤᠨ  ᠪᠠᠷᠢᠮᠵᠢᠶ᠎ᠡ ︵2022 ᠣᠨ ᠤ ᠬᠡᠪᠯᠡᠯ︶ ᠶᠢ ᠡᠬᠢᠯᠡᠵᠦ ᠬᠡᠷᠡᠭᠵᠢᠭᠦᠯᠪᠠ᠂ ᠲᠡᠭᠡᠪᠡᠯ ᠰᠢᠨ᠎ᠡ ᠬᠢᠴᠢᠶᠡᠯ ᠤᠨ ᠪᠠᠷᠢᠮᠵᠢᠶ᠎ᠠ ᠨᠢ ᠵᠢᠭᠠᠨ ᠰᠤᠷᠭᠠᠯᠲᠠ ᠳᠤ ᠶᠠᠮᠠᠷ ᠬᠤᠪᠢᠷᠠᠯᠳᠠ ᠠᠪᠴᠢᠷᠠᠬᠰᠠᠨ ᠪᠣᠯ︖              ᠡᠯ᠎ᠠ ᠬᠢᠴᠢᠶᠡᠯ ᠤᠨ ᠬᠢᠴᠢᠶᠡᠯ ᠤᠨ ᠴᠠᠭ ᠤᠨ ᠬᠠᠷᠢᠴᠠᠯ ᠳᠤ ᠲᠣᠬᠢᠷᠠᠭᠤᠯᠤᠯᠲᠠ ᠬᠢᠭᠰᠡᠨ ᠶᠠᠪᠤᠳᠠᠯ ᠪᠤᠯ 2022 ᠣᠨ ᠤ ᠡᠩ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠨ᠎ᠠ ᠬᠢᠴᠢᠶᠡᠯ ᠤᠨ ᠪᠠᠷᠢᠮᠵᠢᠶ᠎ᠠ ᠶᠢᠨ ᠬᠠᠮᠤᠭ ᠤᠨ ᠶᠡᠭᠡ ᠬᠤᠪᠢᠷᠠᠯᠳᠠ ᠮᠦᠨ᠃ ᠲᠠᠩ ᠬᠢᠴᠢᠶᠠᠯ ᠤᠨ ᠵᠤᠬᠰᠤᠴᠠ ᠠᠴᠠ ᠦᠵᠡᠪᠡᠯ᠂ ᠬᠡᠯᠡ ᠪᠢᠴᠢᠭ ᠤᠨ ᠬᠢᠴᠢᠶᠡᠯ ᠤᠨ ᠴᠠᠭ ᠤᠨ ᠬᠠᠷᠢᠴᠠᠯ ᠨᠢ ᠠᠷᠪᠠᠨ ᠲᠥᠷᠦᠯ ᠤᠨ ᠶᠡᠷᠦᠩᠬᠡᠢ ᠬᠢᠴᠢᠶᠠᠯ ᠤᠨ ᠴᠠᠭ ᠤᠨ ᠬᠠᠮᠤᠭ ᠤᠨ ᠶᠡᠭᠡ ᠬᠤᠪᠢ ᠶᠢ ᠡᠵᠡᠯᠡᠵᠦ᠂ 20% -22% ᠲᠤ ᠬᠦᠷᠴᠦ ᠪᠠᠶᠢᠨ᠎ᠠ︔ᠤᠯᠠᠮᠵᠢᠯᠠᠯᠲᠦ ᠭᠤᠷᠪᠠᠨ ᠶᠡᠭᠡ ᠭᠤᠣᠯ ᠬᠢᠴᠢᠶᠠᠯ ᠤᠨ ᠲᠤᠲᠤᠷᠠᠬᠢ ᠭᠠᠳᠠᠭᠠᠲᠤ ᠬᠡᠯᠡᠨ ᠤ ᠬᠠᠷᠢᠴᠠᠯ ᠨᠢ ᠵᠥᠪᠬᠡᠨ 6%  ᠠᠴᠠ 8% ᠶᠢ ᠡᠵᠡᠯᠡᠵᠦ᠂ ᠶᠣᠰᠤ ᠰᠤᠷᠲᠠᠬᠤᠨ ᠪᠠ ᠬᠠᠤᠯᠢ ᠪᠠᠷ ᠵᠠᠰᠠᠬᠤ ᠬᠢᠴᠢᠶᠡᠯ ᠲᠠᠢ ᠲᠡᠩᠴᠡᠵᠦ ᠪᠠᠶᠢᠨ᠎ᠠ᠃ ᠲᠣᠭᠠᠨ ᠤ ᠤᠬᠠᠭᠠᠨ 13%  ᠠᠴᠠ15% ᠶᠢ ᠡᠵᠡᠯᠡᠨ᠎ᠡ᠂ ᠪᠡᠶ᠎ᠠ ᠶᠢᠨ ᠲᠠᠮᠢᠷ ᠡᠷᠡᠭᠦᠯ ᠮᠡᠨᠳᠦ ᠶᠢᠨ ᠬᠢᠴᠢᠶᠡᠯ ᠶᠡᠷᠦᠩᠬᠡᠢ ᠬᠢᠴᠢᠶᠡᠯ ᠤᠨ ᠴᠠᠭ ᠤᠨ10%- 11% ᠶᠢ ᠡᠵᠡᠯᠡᠵᠤ᠂ ᠭᠠᠳᠠᠭᠠᠳᠤ ᠬᠡᠯᠡ᠂ ᠹᠢᠽᠢᠺ᠂ ᠠᠮᠢᠳᠦ ᠪᠣᠳᠠᠰ ᠪᠠ ᠰᠢᠨᠵᠢᠯᠡᠬᠦ ᠤᠬᠠᠭᠠᠨ ᠤ ᠬᠢᠴᠢᠶᠡᠯ ᠤᠨ ᠴᠠᠭ ᠤᠨ ᠬᠠᠷᠢᠴᠠᠯ ᠠᠴᠠ ᠪᠦᠷ ᠶᠡᠭᠡ ᠪᠠᠶᠢᠵᠦ᠂ ᠬᠡᠯᠡ ᠪᠢᠴᠢᠭ ᠪᠠ ᠲᠣᠭᠠᠨ ᠤ ᠤᠬᠠᠭᠠᠨ ᠤ ᠲᠠᠷᠠᠭᠠᠬᠢ ᠭᠤᠷᠪᠠᠳᠤᠭᠠᠷ ᠶᠡᠭᠡ ᠬᠢᠴᠢᠶᠡᠯ ᠲᠥᠷᠦᠯ ᠪᠣᠯᠵᠠᠢ᠃              ᠲᠣᠭᠠᠨ ᠤ ᠤᠬᠠᠭᠠᠠ            ᠲᠣᠭᠠᠨ ᠤ ᠤᠬᠠᠭᠠᠨ ᠤ ᠰᠤᠷᠤᠯᠭ᠎ᠠ ᠶᠢᠨ ᠱᠠᠲᠤᠨ ᠳᠤ ᠲᠣᠬᠢᠷᠠᠭᠤᠯᠤᠯᠲᠠ ᠬᠢᠵᠦ᠂ ᠤᠤᠯ ᠤᠨ ᠭᠤᠷᠪᠠᠨ ᠱᠠᠳᠤ ᠶᠢ ᠳᠥᠷᠪᠡᠨ ᠱᠠᠲᠤ ᠪᠣᠯᠭᠠᠨ ᠲᠣᠬᠢᠷᠠᠭᠤᠯᠵᠠᠢ᠃ ᠥᠭᠡᠷ᠎ᠡ ᠪᠠᠷ ᠬᠡᠯᠡᠪᠡᠯ᠂ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠤᠤᠯ ᠤᠨ ᠨᠢᠭᠡᠳᠤᠭᠡᠷ ᠬᠤᠶᠠᠳᠤᠭᠠᠷ ᠭᠤᠷᠪᠠᠳᠤᠭᠠᠷ ᠣᠨ ᠨᠢᠭᠡ ᠰᠤᠷᠤᠯᠭ᠎ᠠ ᠶᠢᠨ ᠱᠠᠳᠤ᠂ ᠳᠦᠷᠪᠡᠳᠤᠭᠡᠷ ᠲᠠᠪᠤᠳᠤᠭᠠᠷ ᠵᠢᠷᠭᠤᠳᠤᠭᠠᠷ ᠣᠨ ᠨᠢᠭᠡ ᠰᠤᠷᠤᠯᠭ᠎ᠠ ᠶᠢᠨ ᠱᠠᠳᠤ ᠪᠠᠶᠢᠭᠰᠡᠨ ᠢ ᠨᠢᠭᠡᠳᠤᠭᠡᠷ ᠬᠤᠶᠠᠳᠤᠭᠠᠷ ᠣᠨ ᠨᠢᠭᠡ ᠰᠤᠷᠤᠯᠭ᠎ᠠ ᠶᠢᠨ ᠱᠠᠲᠤ᠂ ᠭᠤᠷᠪᠠᠳᠤᠭᠠᠷ ᠳᠥᠷᠪᠡᠳᠦᠭᠡᠷ ᠣᠨ ᠨᠢᠭᠡ ᠰᠤᠷᠤᠯᠭ᠎ᠠ ᠶᠢᠨ ᠱᠠᠲᠦ᠂ ᠲᠠᠪᠤᠳᠤᠭᠠᠷ ᠵᠢᠷᠭᠤᠳᠤᠭᠠᠷ ᠤᠨ ᠨᠢᠭᠡ ᠰᠣᠷᠤᠯᠭ᠎ᠠ ᠶᠢᠨ ᠱᠠᠲᠤ ᠪᠠ ᠠᠩᠬ᠎ᠠ ᠳᠤᠮᠳᠠᠳᠤ ᠶᠢ ᠨᠢᠭᠡ ᠰᠤᠷᠤᠯᠭ᠎ᠠ ᠶᠢᠨ ᠱᠠᠳᠤ ᠪᠣᠯᠭᠠᠨ ᠲᠣᠬᠢᠷᠠᠭᠤᠯᠪᠠ᠃             ᠭᠠᠳᠠᠭᠠᠳᠤ ᠬᠡᠯᠡ             ᠰᠢᠨ᠎ᠡ ᠬᠢᠴᠢᠶᠡᠯ ᠤᠨ ᠪᠠᠷᠢᠮᠵᠢᠶ᠎ᠠ ᠶᠢᠨ ᠠᠩᠭ᠍ᠯᠢ ᠬᠡᠯᠡᠨ ᠤ ᠬᠦᠴᠢᠷ ᠤᠨ ᠬᠡᠮᠵᠢᠶ᠎ᠠ ᠪᠠ ᠠᠮᠢᠳᠤᠯᠢᠭ ᠬᠡᠮᠵᠢᠶ᠎ᠡ ᠴᠥᠮ ᠡᠳᠦᠢ ᠲᠡᠳᠦᠢ ᠨᠡᠮᠡᠭᠳᠡᠵᠡᠢ᠃ ᠶᠠᠭᠤᠨ ᠤ ᠡᠮᠦᠨ᠎ᠡ ᠰᠢᠨ᠎ᠠ ᠬᠢᠴᠢᠶᠡᠯ ᠤᠨ ᠪᠠᠷᠢᠮᠵᠢᠶ᠎ᠠ ᠶᠢᠨ ᠦᠭᠡᠰ ᠤᠨ ᠰᠠᠩ ᠪᠠᠭ᠎ᠠ ᠬᠡᠮᠵᠢᠶ᠎ᠡ ᠪᠠᠷ ᠨᠡᠮᠡᠭᠳᠡᠵᠤ᠂ ᠵᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠠᠩᠭ᠍ᠯᠢ ᠬᠡᠯᠡᠨ ᠤ ᠰᠤᠷᠬᠤ ᠴᠢᠬᠤᠯᠠᠲᠠᠢ ᠶᠡᠷᠦᠩᠬᠡᠢ ᠦᠭᠡᠰ ᠤᠨ ᠰᠠᠩ1600  ᠪᠠᠶᠢᠭᠰᠡᠨ ᠠᠴᠠ ᠪᠠᠨ 2000 ᠪᠣᠯᠵᠤ ᠨᠡᠮᠡᠭᠳᠡᠭᠰᠡᠨ ᠪᠥᠭᠡᠳ ᠠᠩᠭ᠍ᠯᠢ ᠬᠡᠯᠡ ᠶᠢᠨ ᠬᠡᠷᠡᠭᠯᠡᠬᠦ ᠴᠢᠳᠠᠪᠤᠷᠢ ᠶᠢ ᠨᠡᠩ ᠴᠢᠬᠤᠯᠠᠴᠢᠯᠠᠪᠠ᠃              ᠪᠠᠶ᠎ᠠ ᠶᠢᠨ ᠲᠠᠮᠢᠷ             ᠬᠡᠯᠡ ᠪᠢᠴᠢᠭ ᠲᠤᠭ‌‍᠎ᠠ᠎ᠠ ᠠᠴᠠ ᠭᠠᠳᠠᠨᠠᠬᠢ ᠭᠤᠷᠪᠠᠨ ᠶᠡᠭᠡ ᠭᠤᠣᠯ ᠬᠢᠴᠢᠶᠡᠯ ᠤᠨ ᠬᠢᠴᠢᠶᠡᠯ ᠤᠨ ᠴᠠᠭ ᠲᠤ ᠢᠯᠡᠤᠠᠲᠠ ᠬᠤᠪᠢᠷᠠᠯᠲᠠ ᠭᠠᠷᠤᠭᠰᠠᠨ ᠠᠴᠠ ᠭᠠᠳᠠᠨ᠎ᠠ ᠪᠡᠶ᠎ᠡ ᠶᠢᠨ ᠲᠠᠮᠢᠷ ᠤᠨ ᠪᠠᠶᠢᠷᠢ ᠰᠠᠭᠤᠷᠢ ᠤᠯᠠᠮ ᠨᠢᠭᠡ ᠠᠯᠬᠤᠮ ᠳᠡᠭᠡᠭᠰᠢᠯᠡᠵᠦ ᠬᠢᠴᠢᠶᠠᠯ ᠤᠨ ᠴᠠᠭ ᠤᠨ ᠬᠠᠷᠢᠴᠠᠯ ᠨᠢ ᠠᠩᠭ᠍ᠯᠢ ᠬᠡᠯᠡ ᠠᠴᠠ ᠳᠠᠪᠠᠵᠤ ᠭᠤᠷᠪᠠᠳᠤᠭᠠᠷ ᠲᠤ ᠣᠷᠤᠵᠤ᠂ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠡᠳᠠᠵᠤ ᠪᠠᠶᠢᠨ᠎ᠠ᠃ ᠰᠢᠨ᠎ᠡ ᠬᠢᠴᠢᠶᠡᠯ ᠤᠨ ᠪᠠᠷᠢᠮᠵᠢᠶ᠎ᠠ ᠶᠢ ᠦᠨᠳᠦᠰᠦᠯᠡᠪᠡᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠤᠨ ᠠᠭᠤᠯᠭ᠎ᠠ ᠳᠤ ᠭᠤᠣᠯᠳᠠᠭᠤ ᠦᠨᠳᠦᠰᠦᠨ ᠬᠥᠳᠡᠯᠭᠡᠭᠡᠨ ᠤ ᠮᠡᠷᠭᠡᠵᠢᠯ ᠴᠢᠳᠠᠪᠤᠷᠢ᠂᠂ ᠪᠡᠶ᠎ᠡ ᠶᠢᠨ ᠲᠠᠮᠢᠷ᠂ ᠡᠷᠡᠭᠦᠯ ᠮᠡᠨᠳᠦ ᠶᠢᠨ ᠬᠥᠮᠦᠵᠢᠯ᠂ ᠲᠤᠰᠬᠠᠢ ᠵᠦᠢᠯ ᠤᠨ ᠬᠥᠳᠡᠯᠭᠡᠭᠡᠨ ᠤ ᠮᠡᠷᠭᠡᠵᠢᠯ ᠴᠢᠳᠠᠪᠤᠷᠢ ᠪᠠ ᠬᠢᠴᠢᠶᠡᠯ ᠠᠯᠤᠰᠯᠠᠭᠰᠠᠨ ᠭᠤᠣᠯ ᠰᠡᠳᠦᠪᠳᠦ ᠰᠤᠷᠤᠯᠴᠠᠯᠭ᠎ᠠ ᠪᠠᠭᠲᠠᠨ᠎ᠠ᠃              ᠪᠤᠰᠤᠳ ᠬᠢᠴᠢᠶᠠᠯ            ᠪᠡᠶ᠎ᠡ ᠶᠢᠨ ᠲᠠᠮᠢᠷ ᠤᠨ ᠬᠢᠴᠢᠶᠡᠯ ᠤᠨ ᠴᠠᠭ ᠤᠨ ᠨᠡᠮᠡᠭᠳᠡᠬᠦ ᠶᠢ ᠳᠠᠭᠠᠯᠳᠤᠨ ᠰᠢᠨ᠎ᠡ ᠬᠢᠴᠢᠶᠡᠯ ᠤᠨ ᠪᠠᠷᠢᠮᠵᠢᠶ᠎ᠠ ᠨᠢ ᠪᠤᠰᠤᠳ ᠬᠢᠴᠢᠶᠡᠯ ᠤᠨ ᠴᠠᠭ ᠢ ᠰᠢᠯᠢᠳᠡᠭᠵᠢᠭᠦᠯᠦᠨ ᠳᠤᠬᠢᠷᠠᠭᠤᠯᠪᠠ᠃ ᠤᠷᠠᠯᠢᠬ ᠤᠨ ᠬᠢᠴᠢᠶᠡᠯ ᠤᠨ ᠪᠠᠶᠢᠷᠢᠯᠠᠭᠤᠯᠤᠯᠲᠠ ᠶᠢ ᠥᠭᠡᠷᠡᠴᠢᠯᠡᠵᠦ᠂ ᠨᠢᠭᠡᠳᠤᠭᠡᠷ ᠤᠨ ᠠᠴᠠ ᠳᠣᠯᠤᠳᠤᠭᠠᠷ ᠣᠨ ᠳᠤ ᠳᠠᠭᠤᠤ ᠬᠥᠭᠵᠢᠮ᠂ ᠤᠷᠠᠨ ᠵᠢᠷᠤᠭ ᠢᠶᠠᠷ ᠭᠤᠣᠯ ᠰᠢᠵᠢᠮ ᠪᠣᠯᠭᠠᠵᠦ᠂ ᠪᠥᠵᠢᠭ᠂ ᠰᠢ ᠵᠦᠴᠦᠭᠡ᠂ ᠺᠢᠨᠣ᠋ ᠲᠧᠯᠸᠢᠰ ᠵᠡᠷᠭᠡ ᠠᠭᠤᠯᠭ᠎ᠠ ᠶᠢ ᠠᠭᠤᠰᠬᠠᠵᠤ᠂ ᠨᠠᠢᠮᠠᠳᠤᠭᠠᠷ  ᠤᠨ‌ᠡᠴᠡ ᠵᠢᠰᠦᠳᠦᠭᠡᠷ ᠤᠨ ᠳᠤ ᠲᠥᠷᠦᠯ ᠬᠤᠪᠢᠶᠠᠨ ᠰᠣᠩᠭᠤᠨ ᠬᠢᠴᠢᠶᠡᠯᠯᠡᠬᠦ ᠪᠣᠯᠤᠨ᠎ᠠ᠃ ︵︽ᠦᠪᠦᠷ ᠮᠤᠩᠭᠤᠯ ᠤᠨ ᠡᠳᠦᠷ ᠤᠨ ᠰᠤᠨᠢᠨ︾ ᠤ ᠵᠢᠷᠬᠢᠶ᠎ᠠ ᠶᠢᠨ ᠲᠠᠪᠴᠠᠩ ᠠᠴᠠ︶ 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ