20 ᠤ ᠡᠳᠦᠷ᠂ ᠰᠤᠷᠭᠠᠨ ᠬᠥᠮᠦᠵᠢᠯ ᠤᠨ ᠶᠠᠮᠤᠨ ᠪᠡᠭᠡᠵᠢᠩ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠰᠤᠷᠭᠠᠨ ᠬᠥᠮᠦᠵᠢᠯ ᠤᠨ ᠣᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭᠠᠨ ᠤ ᠪᠠᠶᠢᠳᠠᠯ ᠢ ᠲᠠᠨᠢᠯᠴᠠᠭᠤᠯᠪᠠ᠃ ᠰᠤᠷᠭᠠᠨ ᠬᠥᠮᠦᠵᠢᠯ ᠤᠨ | ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠠᠷᠪᠠᠨ ᠵᠢᠯ ᠤᠨ ᠲᠤᠷᠰᠢ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠣᠯᠠᠨ | ᠤᠯᠤᠰ ᠤᠨ ᠬᠠᠮᠲᠤᠷᠠᠯᠴᠠᠭ᠎ᠠ ᠨᠡᠭᠡᠭᠡᠯᠲᠡ ᠶᠢᠨ ᠶᠡᠷᠦᠩᠬᠡᠶ ᠪᠠᠶᠢᠷᠢᠯᠠᠭᠤᠯᠤᠯᠲᠠ ᠲᠠᠰᠤᠷᠠᠯᠲᠠ ᠥᠬᠡᠶ ᠰᠢᠯᠢᠳᠡᠭᠵᠢᠵᠦ᠂ ᠰᠤᠷᠭᠠᠨ ᠬᠥᠮᠦᠵᠢᠯ ᠤᠨ ︽ᠨᠠᠶᠢᠵᠠ ᠶᠢᠨ | ᠲᠣᠭᠤᠷᠢᠭ︾ ᠨᠠᠩ ᠶᠡᠭᠡ ᠪᠣᠯᠵᠠᠶ᠃ ᠮᠠᠨ ᠤ ᠤᠯᠤᠰ 181 ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠯᠤᠰ ᠯᠤᠭ᠎ᠠ ᠰᠤᠷᠭᠠᠨ ᠬᠥᠮᠦᠵᠢᠯ ᠤᠨ | ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠨᠡᠶᠢᠳᠡᠮ ᠥᠷᠨᠢᠭᠦᠯᠵᠦ᠂ 159 ᠤᠯᠤᠰ ᠪᠠ ᠭᠠᠵᠠᠷ ᠣᠷᠣᠨ ᠲᠠᠢ ᠬᠠᠮᠲᠤᠷᠠᠨ ᠺᠦᠩᠽᠢ ᠶᠢᠨ ᠳᠡᠭᠡᠳᠦ ᠰᠤᠷᠭᠠᠭᠤᠯᠢ ︵ | ᠺᠦᠩᠽᠢ ᠶᠢᠨ ᠬᠢᠴᠢᠶᠡᠯ ᠤᠨ ᠲᠠᠩᠬᠢᠮ︶ ᠶᠢ ᠡᠷᠬᠢᠯᠡᠵᠤ᠂ 58 ᠤᠯᠤᠰ ᠯᠤᠭ᠎ᠠ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢ ᠬᠠᠷᠢᠯᠴᠠᠨ ᠮᠡᠳᠡᠷᠡᠬᠦ | ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠰᠤᠷᠭᠠᠨ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠦᠨ᠂ ᠤᠯᠤᠰ ᠤᠨ ᠰᠤᠷᠭᠠᠨ ᠬᠥᠮᠦᠵᠢᠯ ᠤᠨ ᠬᠦᠷᠢᠶᠡᠨ ᠳᠠᠬᠢ ᠬᠤᠯᠪᠣᠯᠳᠤᠨ ᠨᠡᠪᠲᠡᠷᠡᠯᠴᠡᠬᠦ ᠶᠢ ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠵᠤ᠂ | ᠯᠦ ᠪᠠᠨ ᠤ ᠦᠢᠯᠡᠳᠬᠡᠯ ᠤᠨ ᠭᠠᠵᠠᠷ ᠢ 23 ᠪᠠᠶᠢᠭᠤᠯᠤᠨ᠂ ᠭᠠᠳᠠᠭᠠᠳᠤ ᠳᠠᠬᠢ ᠳᠤᠮᠳᠠᠳᠤ ᠤᠯᠤᠰ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ | ᠲᠤᠷᠰᠢᠯᠲᠠ ᠶᠢ ᠡᠬᠢᠯᠡᠭᠦᠯᠪᠡ ᠭᠡᠵᠡᠢ᠃ | ᠰᠤᠷᠭᠠᠨ ᠬᠥᠮᠦᠵᠢᠯ ᠤᠨ ᠶᠠᠮᠤᠨ ᠤ ᠪᠦᠷᠢᠳᠬᠡᠯ ᠢ ᠦᠨᠳᠦᠰᠦᠯᠡᠪᠡᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ | ᠡᠯ᠎ᠡ ᠲᠥᠷᠥᠯ ᠤᠨ ᠭᠠᠳᠠᠭᠠᠳᠤ ᠳᠤ ᠰᠤᠷᠤᠯᠴᠠᠭᠰᠠᠳ ᠤᠨ ᠳᠣᠲᠣᠷ᠎ᠠ 80 % ᠨᠢ ᠰᠤᠷᠤᠯᠭ᠎ᠠ ᠪᠠᠨ ᠪᠡᠶᠡᠯᠡᠭᠦᠯᠦᠭᠰᠡᠨ ᠤ ᠳᠠᠷᠠᠭ᠎ᠠ ᠤᠯᠤᠰ ᠲᠠᠭᠠᠨ ᠪᠤᠴᠠᠨ ᠢᠷᠡᠵᠦ | ᠬᠥᠭᠵᠢᠭᠰᠡᠨ ᠪᠠᠶᠢᠨ᠎ᠠ᠃ ᠡᠭᠦᠨ ᠤ ᠬᠠᠮᠲᠤ ᠳᠤᠮᠳᠠᠳᠤ ᠭᠠᠳᠠᠭᠠᠳᠤ ᠬᠠᠮᠲᠤᠷᠠᠨ ᠰᠤᠷᠭᠠᠭᠤᠯᠢ ᠡᠷᠭᠢᠯᠡᠬᠦ ᠠᠵᠢᠯ ᠥᠷᠨᠢᠨ ᠬᠥᠭᠵᠢᠵᠦ᠂ ᠬᠢᠨᠠᠨ ᠵᠥᠪᠰᠢᠶᠡᠷᠡᠬᠦ᠂ | ᠬᠠᠮᠢᠶᠠᠷᠬᠤ᠂ ᠦᠨᠡᠯᠡᠨ ᠵᠢᠱᠢᠬᠦ᠂ ᠤᠬᠤᠷᠢᠨ ᠭᠠᠷᠬᠤ ᠲᠣᠭᠲᠠᠴᠠ ᠲᠠᠰᠤᠷᠠᠯᠲᠠ ᠥᠬᠡᠶ ᠲᠡᠭᠦᠯᠳᠡᠷᠵᠢᠪᠡ᠃ ᠥᠩᠭᠡᠷᠡᠭᠰᠡᠨ 10 ᠵᠢᠯ ᠳᠤ᠂ ᠰᠢᠨ᠎ᠡ ᠪᠠᠷ ᠨᠡᠮᠡᠭᠳᠡᠭᠰᠡᠨ | ᠵᠢᠩᠬᠢᠨᠢ ᠠᠩᠭᠢ ᠠᠴᠠ ᠳᠡᠭᠡᠭᠰᠢᠬᠢ ᠳᠤᠮᠳᠠᠳᠤ ᠭᠠᠳᠠᠭᠠᠳᠤ ᠶᠢᠨ ᠬᠠᠮᠲᠤᠷᠠᠨ ᠰᠤᠷᠭᠠᠭᠤᠯᠢ ᠡᠷᠭᠢᠯᠡᠬᠦ ᠪᠠᠶᠢᠭᠤᠯᠤᠮᠵᠢ ᠪᠠ ᠲᠥᠷᠥᠯ ᠵᠦᠢᠯ ᠤᠨ ᠳᠣᠲᠣᠷ᠎ᠠ᠂ | ᠪᠠᠶᠢᠭᠠᠯᠢ ᠠᠵᠤ ᠦᠢᠯᠡᠳᠪᠦᠷᠢ ᠬᠦᠲᠡᠭᠡ ᠠᠵᠤ ᠠᠬᠤᠢ ᠠᠨᠠᠭᠠᠬᠤ ᠤᠬᠠᠭᠠᠨ ᠤ ᠲᠥᠷᠥᠯ ᠤᠨ ᠡᠵᠡᠯᠡᠬᠦ ᠬᠠᠷᠢᠴᠠᠯ ᠨᠢ 65 % ᠳᠤ ᠬᠦᠷᠴᠡᠶ᠃ ᠣᠶᠢᠷ᠎ᠠ ᠶᠢᠨ | ᠵᠢᠯ ᠠᠴᠠ ᠨᠠᠰᠢ᠂ ᠳᠤᠮᠳᠠᠳᠤ ᠭᠠᠳᠠᠭᠠᠳᠤ ᠬᠠᠮᠲᠤᠷᠠᠨ ᠰᠤᠷᠭᠠᠭᠤᠯᠢ ᠡᠷᠭᠢᠯᠡᠬᠦ ᠨᠢ ᠬᠢᠵᠢᠭ ᠤᠨ ᠪᠠᠶᠢᠳᠠᠯ ᠠᠴᠠ ᠪᠣᠯᠵᠣ ᠭᠠᠳᠠᠭᠠᠳᠤ ᠳᠤ ᠭᠠᠷᠴᠤ ᠰᠤᠷᠤᠯᠴᠠᠬᠤ ᠳᠤ | ᠬᠠᠷᠰᠢ ᠰᠠᠭᠠᠳ ᠤᠴᠠᠷᠠᠭᠰᠠᠨ ᠪᠠᠶᠢᠳᠠᠯ ᠢ ᠰᠢᠢᠳᠪᠦᠷᠢᠯᠡᠬᠦ ᠳᠤ ᠢᠳᠡᠪᠬᠢᠲᠡᠶ ᠦᠢᠯᠡᠳᠦᠯ ᠦᠵᠡᠭᠦᠯᠵᠦ᠂ ᠨᠡᠶᠢᠲᠡ 10000 ᠰᠢᠬᠠᠮ ᠬᠥᠮᠦᠨ ᠢ ᠡᠯᠰᠡᠪᠡ᠃ |