ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ 2024 ᠣᠨ ᠤ ︽ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ︾ ᠶᠢᠨ ᠨᠡᠷ᠎ᠡ ᠮᠡᠳᠡᠭᠦᠯᠦᠨ ᠰᠢᠯᠭᠠᠭᠤᠯᠬᠤ ᠬᠢᠷᠢ ᠬᠡᠮ ᠢ ᠨᠣᠲᠠᠯᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/10/18
                                   ᠥᠪᠥᠷ ᠰᠤᠷᠭᠠᠨ ᠰᠣᠳᠤᠯᠤᠨ ᠰᠤᠷᠤᠭᠴᠢ ᠪᠢᠴᠢᠭ ︹2023︺ 40 ᠳ᠋ᠦ᠋ᠭᠡᠷ ᠲᠣᠭᠠᠲᠤ         2024 ᠣᠨ ᠤ ︽ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ︾ ︵ᠳᠣᠷᠣᠭᠰᠢ ︽ᠭᠤᠤᠯᠯᠠᠭᠴᠢ ᠲᠥᠯᠥᠪᠯᠡᠭᠡ︾ ᠭᠡᠵᠦ ᠳᠦᠭᠦᠮᠴᠢᠯᠡᠨ᠎ᠡ︶ ᠳᠤ ᠨᠡᠷ᠎ᠡ ᠮᠡᠳᠡᠭᠦᠯᠦᠨ ᠰᠢᠯᠭᠠᠭᠤᠯᠬᠤ ᠬᠢᠷᠢ ᠬᠡᠮ ᠢ ᠨᠤᠲᠠᠯᠠᠬᠤ ᠠᠵᠢᠯ ᠢ ᠰᠠᠶᠢᠲᠤᠷ ᠬᠢᠬᠦ ᠶᠢᠨ ᠲᠥᠯᠦᠭᠡ᠂ ᠡᠳᠦᠭᠡ ᠬᠤᠯᠪᠣᠭᠳᠠᠯ ᠪᠥᠬᠦᠶ ᠵᠦᠢᠯ ᠢ ᠳᠤᠤᠷᠠᠬᠢ ᠮᠡᠲᠦ ᠮᠡᠳᠡᠭᠳᠡᠪᠡ᠄        ᠨᠢᠭᠡ᠂ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ        ᠰᠤᠷᠭᠠᠨ ᠬᠥᠮᠦᠵᠢᠯ ᠤᠨ ᠶᠠᠮᠤᠨ ᠤ ᠲᠣᠭᠲᠠᠭᠠᠭᠰᠠᠨ ᠳ᠋ᠣᠺᠲ᠋ᠣᠷ᠂ ᠮᠠᠰᠲ᠋ᠧᠷ ᠤᠨ ᠰᠣᠳᠤᠯᠤᠨ ᠰᠤᠷᠤᠭᠴᠢ ᠰᠢᠯᠭᠠᠭᠤᠯᠬᠤ ᠨᠥᠬᠦᠴᠡᠯ ᠳᠤ ᠨᠡᠶᠢᠴᠡᠬᠦ ᠴᠥᠭᠡᠨ ᠲᠣᠭᠠᠲᠤ ᠦᠨᠳᠦᠰᠦᠲᠡᠨ ᠤ ᠲᠤᠰ ᠬᠤᠭᠤᠴᠠᠭᠠᠨ ᠤ ᠰᠢᠯᠭᠠᠭᠤᠯᠤᠭᠰᠠᠳ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢ ᠪᠠᠶᠢᠬᠤ ᠬᠡᠷᠡᠭᠲᠡᠶ︔ ᠴᠥᠭᠡᠨ ᠲᠣᠭᠠᠲᠤ ᠦᠨᠳᠦᠰᠦᠲᠡᠨ ᠤ ᠥᠩᠭᠡᠷᠡᠭᠰᠡᠨ ᠬᠤᠭᠤᠴᠠᠭᠠᠨ ᠤ ᠰᠢᠯᠭᠠᠭᠤᠯᠤᠭᠰᠠᠳ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ︵ᠰᠤᠷᠤᠭᠴᠢ ᠶᠢᠨ ᠬᠠᠮᠲᠤ ᠶᠢᠨ ᠡᠷᠦᠬᠡ ᠠᠮᠠ ᠶᠢ ᠪᠠᠭᠲᠠᠭᠠᠬᠤ ᠦᠭᠡᠶ︶ ᠲᠠᠢ ᠪᠠᠶᠢᠵᠤ᠂ ᠡᠭᠦᠨ ᠳᠤ ᠠᠵᠢᠯ ᠤᠨ ᠪᠠᠶᠢᠷᠢ ᠪᠠᠶᠢᠭ᠎ᠠ ᠰᠢᠯᠭᠠᠭᠤᠯᠤᠭᠴᠢ ᠶᠢᠨ ᠠᠵᠢᠯᠯᠠᠵᠤ ᠪᠠᠶᠢᠭ᠎ᠠ ᠨᠢᠭᠡᠴᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠶᠢᠬᠤ ᠬᠡᠷᠡᠭᠲᠡᠶ᠃ ᠬᠢᠲᠠᠳ ᠦᠨᠳᠦᠰᠦᠲᠡᠨ ᠤ ᠰᠢᠯᠭᠠᠭᠤᠯᠤᠭᠴᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠲᠠᠩᠰᠠ ᠲᠠᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ 3 ᠵᠢᠯ ᠠᠴᠠ ᠳᠡᠭᠡᠭᠰᠢ ᠠᠵᠢᠯᠯᠠᠭᠰᠠᠨ ᠪᠥᠭᠡᠳ ᠨᠡᠷ᠎ᠡ ᠮᠡᠳᠡᠭᠦᠯᠬᠦ ᠦᠶ᠎ᠡ ᠳᠤ ᠮᠥᠨ ᠬᠦ ᠠᠵᠢᠯᠯᠠᠵᠤ ᠪᠠᠶᠢᠬᠤ ᠬᠡᠷᠡᠭᠲᠡᠶ᠃        ᠬᠤᠶᠠᠷ᠂ ᠭᠦᠢᠴᠡᠳᠭᠡᠬᠦ ᠠᠷᠭ᠎ᠠ ᠮᠠᠶ᠋ᠢᠭ        ᠪᠥᠬᠦ ᠶᠠᠪᠤᠴᠠ ᠶᠢ ᠰᠦᠯᠵᠢᠶᠡᠨ ᠳᠤ ᠭᠦᠢᠴᠡᠳᠭᠡᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠯᠪᠠᠨ ᠰᠦᠯᠵᠢᠶ᠎ᠡ — ᠭᠦᠢᠴᠡᠳᠭᠡᠬᠦ ᠦᠢᠯᠡᠴᠢᠯᠡᠭᠡ — ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠲᠥᠯᠥᠪᠯᠡᠭᠡ﹀ ᠶᠢᠨ ᠨᠡᠷ᠎ᠡ ᠮᠡᠳᠡᠭᠦᠯᠦᠨ ᠳᠠᠩᠰᠠᠯᠠᠭᠤᠯᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ︾ ︵ᠳᠣᠷᠣᠭᠰᠢ ︽ᠦᠢᠯᠡᠴᠢᠯᠡᠭᠡᠨ ᠤ ᠰᠢᠰᠲ᠋ᠧᠮ︾ ᠭᠡᠵᠦ ᠳᠦᠭᠦᠮᠴᠢᠯᠡᠨ᠎ᠡ︶ ᠳᠤ ᠣᠷᠣᠵᠤ ᠨᠡᠷ᠎ᠡ ᠮᠡᠳᠡᠭᠦᠯᠦᠨ ᠰᠢᠯᠭᠠᠭᠤᠯᠬᠤ ᠪᠤᠶᠤ ᠰᠢᠭᠤᠳ ᠰᠦᠯᠵᠢᠶᠡᠨ ᠬᠠᠶ᠋ᠢᠭ ᠢᠶᠠᠷ ︽ᠦᠢᠯᠡᠴᠢᠯᠡᠭᠡᠨ ᠤ ᠰᠢᠰᠲ᠋ᠧᠮ︾ ᠤᠨ ᠲᠦᠷᠦᠭᠦᠦ ᠨᠢᠭᠤᠷ ᠲᠤ ᠣᠷᠣᠨ᠎ᠠ᠃        http://ssmzggbm.nmgov.edu.cn/nmjy/nmjy_notice/index.act        ᠭᠦᠢᠴᠡᠳᠭᠡᠬᠦ ᠶᠠᠪᠤᠴᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ︿ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠲᠥᠯᠥᠪᠯᠡᠭᠡ﹀ ᠶᠢᠨ ᠮᠠᠰᠲ᠋ᠧᠷ ᠤᠨ ᠰᠣᠳᠤᠯᠤᠨ ᠰᠤᠷᠤᠭᠴᠢ ᠪᠠᠷ ᠨᠡᠷ᠎ᠡ ᠮᠡᠳᠡᠭᠦᠯᠦᠨ ᠰᠢᠯᠭᠠᠭᠤᠯᠬᠤ ᠲᠥᠬᠦᠮ ᠴᠤᠪᠤᠷᠠᠯ ᠵᠢᠷᠤᠭ︾ ︵ᠳᠠᠭᠠᠯᠳᠤᠭᠤᠯᠤᠯ 1︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠲᠥᠯᠥᠪᠯᠡᠭᠡ﹀ ᠶᠢᠨ ᠰᠣᠳᠤᠯᠤᠨ ᠰᠤᠷᠤᠭᠴᠢ ᠪᠠᠷ ᠨᠡᠷ᠎ᠡ ᠮᠡᠳᠡᠭᠦᠯᠵᠦ ᠳᠠᠩᠰᠠᠯᠠᠭᠤᠯᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠬᠦ ᠲᠣᠳᠣᠷᠬᠠᠶᠢᠯᠠᠯᠲᠠ︾ ︵ᠳᠠᠭᠠᠯᠳᠤᠭᠤᠯᠤᠯ 2︶ ᠪᠠᠷ ᠯᠠᠪᠯᠠᠯᠲᠠ ᠪᠣᠯᠭᠠᠨ᠎ᠠ᠃        ᠭᠤᠷᠪᠠ᠂ ᠭᠦᠢᠴᠡᠳᠭᠡᠬᠦ ᠴᠠᠭ ᠬᠤᠭᠤᠴᠠᠭ᠎ᠠ        ︵ᠨᠢᠭᠡ︶ ᠮᠠᠰᠲ᠋ᠧᠷ ᠰᠣᠳᠤᠯᠤᠨ ᠰᠤᠷᠤᠭᠴᠢ        2023 ᠣᠨ ᠤ 10 ᠳ᠋ᠤᠭᠠᠷ ᠰᠠᠷ᠎ᠠ ᠶᠢᠨ 8 - 19 ᠤ ᠡᠳᠦᠷ᠃         ︵ᠬᠤᠶᠠᠷ︶ ᠳ᠋ᠣᠺᠲ᠋ᠣᠷ ᠰᠣᠳᠤᠯᠤᠨ ᠰᠤᠷᠤᠭᠴᠢ        2023 ᠣᠨ ᠤ 10 ᠳ᠋ᠤᠭᠠᠷ ᠰᠠᠷ᠎ᠠ ᠶᠢᠨ 10-2024 ᠣᠨ ᠤ 5 ᠳ᠋ᠤᠭᠠᠷ ᠰᠠᠷ᠎ᠠ ᠶᠢᠨ 31 ᠤ ᠡᠳᠦᠷ᠃        ︵ᠭᠤᠷᠪᠠ︶ ᠵᠦᠪᠯᠡᠯᠭᠡ ᠥᠭᠬᠦ ᠤᠲᠠᠰᠤᠨ ᠤ ᠭᠥᠯᠢᠶᠡᠨ ᠠᠪᠴᠤ ᠰᠢᠢᠳᠪᠦᠷᠢᠯᠡᠬᠦ ᠴᠠᠭ        ᠦᠳᠡ ᠶᠢᠨ ᠡᠮᠦᠨ᠎ᠡ 9᠄ 00-12᠄ 00᠂ ᠦᠳᠡ ᠶᠢᠨ ᠬᠤᠶᠢᠨ᠎ᠠ 14᠄ 30-17᠄ 00᠃ ᠮᠠᠰᠲ᠋ᠧᠷ ᠤᠨ ᠲᠥᠪᠯᠡᠷᠡᠭᠦᠯᠦᠨ ᠨᠡᠷ᠎ᠡ ᠮᠡᠳᠡᠭᠦᠯᠬᠦ ᠴᠠᠭ ᠠᠴᠠ ᠭᠠᠳᠠᠨ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠬᠢᠨᠠᠨ ᠪᠠᠶᠢᠴᠠᠭᠠᠬᠤ ᠠᠵᠢᠯ ᠢ ᠭᠦᠢᠴᠡᠳᠭᠡᠬᠦ ᠥᠬᠡᠶ᠃        ᠳᠥᠷᠪᠡ᠂ ᠬᠡᠷᠡᠭᠰᠡᠬᠦ ᠮᠠᠲ᠋ᠧᠷᠢᠶᠠᠯ        ᠰᠢᠯᠭᠠᠭᠤᠯᠤᠭᠴᠢ ᠮᠡᠳᠡᠭᠡ ᠵᠠᠩᠭᠢ ᠪᠠᠨ ᠲᠠᠭᠯᠠᠵᠤ᠂ ᠪᠡᠶ᠎ᠡ ᠶᠢᠨ ᠦᠨᠡᠮᠯᠡᠯ᠂ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ ᠤᠨ ᠲᠦᠷᠦᠭᠦᠦ ᠨᠢᠭᠤᠷ ᠪᠠ ᠲᠣᠰ ᠬᠥᠮᠦᠨ ᠤ ᠨᠢᠭᠤᠷ᠂ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ᠂ ᠬᠤᠪᠢ ᠬᠥᠮᠦᠨ ᠤ ᠮᠠᠯᠠᠭᠠᠶ ᠥᠬᠡᠶ ᠦᠨᠡᠮᠯᠡᠯ ᠤᠨ ᠬᠡᠷᠡᠯ ᠵᠢᠷᠤᠭ ᠢᠶᠠᠨ ᠳᠠᠮᠵᠢᠭᠤᠯᠤᠨ᠎ᠠ᠃ ᠠᠵᠢᠯ ᠤᠨ ᠪᠠᠶᠢᠷᠢ ᠳᠤ ᠪᠠᠶᠢᠭ᠎ᠠ ᠰᠢᠯᠭᠠᠭᠤᠯᠤᠭᠴᠢ ᠠᠵᠢᠯᠯᠠᠵᠤ ᠪᠠᠶᠢᠭ᠎ᠠ ᠨᠢᠭᠡᠴᠢ ᠪᠣᠯᠤᠨ ᠠᠵᠢᠯᠲᠠᠨ ᠠᠵᠢᠯᠴᠢᠨ ᠤ ᠭᠠᠷ ᠤᠨ ᠥᠰᠥᠭ ᠵᠢᠷᠤᠭᠰᠠᠨ ᠬᠥᠳᠡᠯᠮᠦᠷᠢ ᠶᠢᠨ ᠭᠡᠷ᠎ᠡ ᠶᠢ ᠡᠷᠬᠡᠪᠰᠢ ᠳᠡᠭᠡᠭᠰᠢ ᠳᠠᠮᠵᠢᠭᠤᠯᠵᠤ᠂ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ︵ᠪᠤᠶᠤ ᠴᠠᠯᠢᠩ︶ ᠤᠨ ᠭᠡᠷᠡᠴᠢ ᠮᠠᠲ᠋ᠧᠷᠢᠶᠠᠯ ᠢ ᠲᠤᠰᠢᠶᠠᠬᠤ ᠬᠡᠷᠡᠭᠲᠡᠶ᠃        ︽2024 ᠣᠨ ᠤ ︿ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ﹀ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ ᠮᠠᠲ᠋ᠧᠷᠢᠶᠠᠯ ᠤᠨ ᠨᠠᠷᠢᠨ ᠬᠠᠭᠤᠳᠠᠰᠤ ᠵᠢᠴᠢ ᠲᠠᠭᠯᠠᠨ ᠮᠡᠳᠡᠭᠦᠯᠬᠦ ᠱᠠᠭᠠᠷᠳᠠᠯᠭ᠎ᠠ︾ ︵ᠳᠠᠭᠠᠯᠳᠤᠭᠤᠯᠤᠯ 3︶ ᠶᠢ ᠨᠠᠷᠢᠯᠢᠭ ᠦᠵᠡᠭᠡᠷᠡᠢ᠃         ᠰᠢᠯᠭᠠᠭᠤᠯᠤᠭᠴᠢ ᠳᠤ ᠨᠠᠩ ᠰᠠᠶᠢᠨ ᠦᠢᠯᠡᠴᠢᠯᠡᠵᠦ᠂ ᠰᠢᠯᠭᠠᠭᠤᠯᠤᠭᠴᠢ ᠶᠢᠨ ᠮᠠᠲ᠋ᠧᠷᠢᠶᠠᠯ ᠢᠶᠠᠨ ᠳᠠᠬᠢᠨ ᠳᠠᠪᠲᠠᠨ ᠲᠤᠰᠢᠶᠠᠬᠤ ᠠᠴᠠ ᠵᠠᠶᠢᠯᠠᠰᠬᠢᠵᠦ᠂ ᠰᠢᠯᠭᠠᠭᠤᠯᠤᠭᠴᠢ ᠶᠢᠨ ᠠᠩᠬᠠᠨ ᠤ ᠨᠡᠷ᠎ᠡ ᠮᠡᠳᠡᠭᠦᠯᠬᠦ ᠶᠢ ᠪᠠᠲᠤᠯᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠲᠢᠩᠬᠢᠮ 2023 ᠣᠨ ᠤ ᠨᠡᠷ᠎ᠡ ᠮᠡᠳᠡᠭᠦᠯᠬᠦ ᠠᠵᠢᠯ ᠠᠴᠠ ᠣᠯᠵᠤ ᠮᠡᠳᠡᠭᠰᠡᠨ ᠠᠰᠠᠭᠤᠳᠠᠯ ᠢ ︽2023 ᠣᠨ ᠤ ᠨᠡᠷ᠎ᠡ ᠮᠡᠳᠡᠭᠦᠯᠬᠦ ᠬᠢᠷᠢ ᠬᠡᠮ ᠢ ᠨᠤᠲᠠᠯᠠᠬᠤ ᠠᠵᠢᠯ ᠳᠤ ᠪᠠᠶᠢᠩᠭᠤ ᠲᠣᠬᠢᠶᠠᠯᠳᠤᠳᠠᠭ ᠠᠰᠠᠭᠤᠳᠠᠯ ᠤᠨ ᠬᠤᠷᠢᠶᠠᠩᠭᠤᠶᠢᠯᠠᠯ︾ ︵ᠳᠠᠭᠠᠯᠳᠤᠭᠤᠯᠤᠯ 9︶ ᠪᠣᠯᠭᠠᠨ ᠡᠮᠬᠢᠳᠬᠡᠪᠡ᠂ ᠰᠢᠯᠭᠠᠭᠤᠯᠤᠭᠴᠢ ᠤᠷᠢᠳᠴᠢᠯᠠᠨ ᠪᠠᠶᠢᠴᠠᠭᠠᠨ ᠦᠵᠡᠬᠦ ᠪᠣᠯᠪᠠᠤ᠃        ᠣᠨᠴᠠᠭᠠᠶᠢᠯᠠᠨ ᠰᠠᠨᠠᠭᠤᠯᠬᠤ ᠨᠢ᠄ ᠡᠷᠡᠮᠡᠯᠵᠡᠯ ᠲᠠᠭᠯᠠᠬᠤ ᠳᠤ ᠪᠠᠨ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠠᠴᠠ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠣᠷᠣᠭᠴᠢ ᠡᠯᠰᠡᠬᠦ ᠡᠰᠡᠬᠦ᠂ ᠰᠣᠷᠣᠭᠴᠢ ᠡᠯᠰᠡᠬᠦ ᠲᠤᠰᠬᠠᠶ ᠮᠡᠷᠭᠡᠵᠢᠯ ᠪᠠ ᠰᠣᠷᠣᠭᠴᠢ ᠡᠯᠰᠡᠬᠦ ᠲᠥᠯᠥᠪᠯᠡᠭᠡ ᠲᠠᠢ ᠬᠤᠯᠪᠤᠭᠳᠠᠬᠤ ᠪᠠᠶᠢᠳᠠᠯ ᠢ ᠨᠤᠲᠠᠯᠠᠭᠠᠷᠠᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠤᠷᠤᠭᠴᠢ ᠡᠯᠰᠡᠬᠦ ᠲᠥᠯᠥᠪᠯᠡᠭᠡ ᠥᠬᠡᠶ ᠳᠡᠭᠡᠳᠦ ᠰᠤᠷᠭᠠᠭᠤᠯᠢ ᠳᠤ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠤ ᠳᠠᠷᠠᠭ᠎ᠠ ᠲᠠᠩᠰᠠ ᠡᠪᠬᠡᠮᠡᠯ ᠢᠶᠠᠨ ᠳᠤᠰᠢᠶᠠᠬᠤ ᠠᠷᠭ᠎ᠠ ᠥᠬᠡᠶ᠂ ᠰᠤᠷᠤᠭᠴᠢ ᠡᠯᠰᠡᠬᠦ ᠠᠷᠭ᠎ᠠ ᠥᠬᠡᠶ᠃        ᠲᠠᠪᠤ᠂ ᠰᠢᠯᠭᠠᠬᠤ ᠺᠣᠳ᠋ ᠢ ᠤᠯᠬᠤ        ︵ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠡᠷ᠎ᠡ ᠮᠡᠳᠡᠭᠦᠯᠬᠦ ᠴᠡᠭ ᠢ ᠰᠣᠩᠭᠤᠭᠰᠠᠨ ᠮᠠᠰᠲ᠋ᠧᠷ ᠰᠣᠳᠤᠯᠤᠨ ᠰᠤᠷᠤᠭᠴᠢ᠂ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠳᠤ ᠭᠠᠷᠴᠤ ︽ᠰᠢᠯᠭᠠᠭᠤᠯᠤᠭᠴᠢ ᠶᠢ ᠳᠠᠩᠰᠠᠯᠠᠬᠤ ᠬᠦᠰᠦᠨᠦᠭ︾ ᠢ ᠪᠠᠭᠤᠯᠭᠠᠵᠤ᠂ ᠰᠦᠯᠵᠢᠶᠡᠨ ᠳᠤ ᠨᠡᠷ᠎ᠡ ᠮᠡᠳᠡᠭᠦᠯᠬᠦ ᠰᠢᠯᠭᠠᠬᠤ ᠺᠣᠳ᠋ ᠢ ᠣᠯᠤᠨ᠎ᠠ᠃        ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠡᠷ᠎ᠡ ᠮᠡᠳᠡᠭᠦᠯᠬᠦ ᠴᠡᠭ ᠢ ᠰᠣᠩᠭᠤᠭᠰᠠᠨ ᠦᠭᠡᠢ ᠮᠠᠰᠲ᠋ᠧᠷ ᠰᠣᠳᠤᠯᠤᠨ ᠰᠤᠷᠤᠭᠴᠢ ᠂ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠳᠤ ᠭᠠᠷᠴᠤ ︽ᠰᠢᠯᠭᠠᠭᠤᠯᠤᠭᠴᠢ ᠶᠢ ᠳᠠᠩᠰᠠᠯᠠᠬᠤ ᠬᠦᠰᠦᠨᠦᠭ︾ ᠢ ᠪᠠᠭᠤᠯᠭᠠᠭᠰᠠᠨ  ᠤ ᠳᠠᠷᠠᠭ᠎ᠠ᠂ ᠨᠡᠷ᠎ᠡ ᠮᠡᠳᠡᠭᠦᠯᠬᠦ ᠴᠡᠭ ᠤᠨ ᠪᠠᠶᠢᠭ᠎ᠠ ᠮᠤᠵᠢ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠤ ᠪᠠᠷ ᠰᠦᠯᠵᠢᠶᠡᠨ ᠳᠤ ᠨᠡᠷ᠎ᠡ ᠮᠡᠳᠡᠭᠦᠯᠬᠦ ᠰᠤᠷᠭᠠᠭᠤᠯᠢ ᠶᠢᠨ ᠰᠢᠯᠭᠠᠬᠤ ᠺᠣᠳ᠋ ᠢ ᠣᠯᠤᠨ᠎ᠠ᠃        ︵ᠭᠤᠷᠪᠠ︶ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠪᠠᠶᠢᠴᠠᠭᠠᠬᠤ ᠠᠵᠢᠯ ᠢ ᠣᠷᠣᠨ ᠤ ᠭᠠᠳᠠᠨ᠎ᠠ ᠶᠠᠪᠤᠭᠳᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠡᠷ᠎ᠡ ᠮᠡᠳᠡᠭᠦᠯᠬᠦ ᠴᠡᠭ ᠢ ᠰᠣᠩᠭᠤᠭᠰᠠᠨ ᠮᠠᠰᠲ᠋ᠧᠷ ᠰᠢᠯᠭᠠᠭᠤᠯᠤᠭᠴᠢ᠂ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠪᠠᠶᠢᠴᠠᠭᠠᠬᠤ ᠭᠠᠵᠠᠷ ᠤᠨ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠢᠭᠡᠨᠲᠡ ᠲᠠᠮᠠᠭ᠎ᠠ ︵ᠪᠤᠶᠤ ᠳᠣᠲᠣᠭᠠᠳᠤ ᠶᠢᠨ ᠰᠠᠯᠠᠭ᠎ᠠ ᠮᠥᠴᠢᠷ ᠤᠨ ᠲᠠᠮᠠᠭ᠎ᠠ︶ ᠳᠠᠷᠤᠵᠤ ᠨᠤᠲᠠᠯᠠᠭᠰᠠᠨ ︽ᠰᠢᠯᠭᠠᠭᠤᠯᠤᠭᠴᠢ ᠶᠢ ᠳᠠᠩᠰᠠᠯᠠᠬᠤ ᠬᠦᠰᠦᠨᠦᠭᠲᠦ︾ ᠶᠢᠨ ᠡᠯᠧᠺᠳ᠋ᠷᠣᠨ ᠬᠡᠪᠯᠡᠯ ︵ᠬᠡᠷᠡᠯ ᠵᠢᠷᠤᠭ ᠪᠤᠶᠤ ᠰᠢᠷᠪᠢᠯᠲᠡ︶ ᠢ 19536293@qq.com  ᠲᠤ ᠢᠯᠡᠭᠡᠵᠦ᠂ ᠢᠯᠡᠭᠡᠭᠰᠡᠨ ᠢᠮᠧᠯ ᠢ 24 ᠴᠠᠭ ᠤᠨ ᠳᠠᠷᠠᠭ᠎ᠠ ᠣᠯᠤᠭᠰᠠᠨ ᠭᠡᠬᠦ ᠬᠠᠷᠢᠭᠤ ᠥᠬᠡᠶ ᠪᠣᠯ ᠳᠠᠬᠢᠨᠲᠠ ᠢᠯᠡᠭᠡᠬᠦ ᠪᠤᠶᠤ ᠠᠰᠠᠭᠤᠨ ᠯᠠᠪᠯᠠᠬᠤ ᠤᠲᠠᠰᠤ᠄ 0471 - 32611 ᠳᠤ ᠤᠲᠠᠰᠤᠳᠠᠵᠤ ᠯᠠᠪᠯᠠᠨ᠎ᠠ᠃        ︵ᠳᠥᠷᠪᠡ︶ ᠮᠠᠰᠲ᠋ᠧᠷ ᠰᠢᠯᠭᠠᠭᠤᠯᠤᠭᠴᠢ ᠰᠢᠯᠭᠠᠬᠤ ᠺᠣᠳ᠋ ᠢ ᠣᠯᠤᠭᠰᠠᠨ ᠤ ᠳᠠᠷᠠᠭ᠎ᠠ᠂ 2023 ᠣᠨ ᠤ 10 ᠰᠠᠷ᠎ᠠ ᠶᠢᠨ 25 ᠤ ᠡᠳᠦᠷ ᠠᠴᠠ ᠡᠮᠦᠨ᠎ᠡ ᠳᠤᠮᠳᠠᠳᠤ ᠤᠯᠤᠰ ᠤᠨ ᠰᠣᠳᠤᠯᠤᠨ ᠰᠤᠷᠤᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶᠡᠨ ᠳᠤ ᠭᠠᠷᠴᠤ ᠨᠡᠷ᠎ᠡ ᠮᠡᠳᠡᠭᠦᠯᠦᠨ᠎ᠡ᠃         ︵ᠲᠠᠪᠤ︶ ᠳ᠋ᠣᠺᠲ᠋ᠣᠷ ᠰᠢᠯᠭᠠᠭᠤᠯᠤᠭᠰᠠᠳ ᠰᠢᠯᠭᠠᠬᠤ ᠺᠣᠳ᠋ ᠠᠪᠬᠤ ᠴᠢᠬᠤᠯᠠ ᠥᠬᠡᠶ᠃        ᠵᠢᠷᠭᠤᠭ᠎ᠠ᠂ ᠴᠥᠭᠡᠨ ᠲᠣᠭᠠᠲᠤ ᠦᠨᠳᠦᠰᠦᠲᠡᠨ ᠤ ᠳᠡᠭᠡᠳᠦ ᠳᠡᠰ ᠤᠨ ᠭᠤᠣᠯᠯᠠᠭᠴᠢ ᠴᠢᠳᠠᠪᠤᠷᠢᠲᠠᠨ ᠤ ᠲᠥᠯᠥᠪᠯᠡᠭᠡ ᠶᠢᠨ ᠰᠣᠳᠤᠯᠤᠨ ᠰᠤᠷᠤᠭᠴᠢ ᠶᠢ ᠬᠠᠨᠳᠤᠯᠭᠠᠲᠠᠢ ᠡᠯᠰᠡᠬᠦ ᠬᠡᠯᠡᠯᠴᠡᠭᠡᠷ ᠤᠨ ᠪᠢᠴᠢᠭ ᠤᠨ ᠲᠤᠬᠠᠢ         ︵ᠨᠢᠭᠡ︶ ᠰᠢᠯᠭᠠᠭᠤᠯᠤᠭᠴᠢ ᠡᠯᠰᠡᠬᠦ ᠪᠠᠷ ᠪᠠᠶᠢᠭ᠎ᠠ ᠬᠢᠷᠢ ᠬᠡᠮ ᠢ ᠣᠯᠪᠠᠯ᠂ ︽ᠬᠠᠨᠳᠤᠯᠭᠠᠲᠠᠢ ᠰᠤᠷᠤᠭᠴᠢ ᠡᠯᠰᠡᠬᠦ ᠬᠡᠯᠡᠯᠴᠡᠭᠡᠷ ᠤᠨ ᠪᠢᠴᠢᠭ ᠲᠤ ᠭᠠᠷ ᠤᠨ ᠥᠰᠥᠭ ᠵᠢᠷᠤᠬᠤ ᠵᠦᠭᠯᠡᠭᠦᠷ︾ ︵ᠳᠠᠭᠠᠯᠳᠤᠭᠤᠯᠤᠯ 5︶ ᠶᠢᠨ ᠶᠣᠰᠤ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠰᠤᠷᠭᠠᠨ ᠬᠥᠮᠦᠵᠢᠯ ᠤᠨ ᠲᠢᠩᠬᠢᠮ ᠤᠨ ᠴᠣᠩᠬᠤᠪᠴᠢ ᠳᠤ ᠬᠦᠷᠴᠦ᠂ ᠬᠤᠯᠪᠣᠭᠳᠠᠯ ᠪᠥᠬᠦᠶ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ᠬᠤᠶᠠᠷ ᠡᠳᠦᠷ ᠤᠨ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠨᠣᠲᠠᠯᠠᠭᠰᠠᠨ ︽ᠬᠠᠨᠳᠤᠯᠭᠠᠲᠠᠢ ᠰᠤᠷᠤᠭᠴᠢ ᠡᠯᠰᠡᠬᠦ ᠬᠡᠯᠡᠯᠴᠡᠭᠡᠷ ᠤᠨ ᠪᠢᠴᠢᠭ︾ ᠢ ᠡᠭᠡᠭᠦᠯᠦᠨ ᠠᠪᠴᠢᠷᠠᠬᠤ ᠬᠡᠷᠡᠭᠲᠡᠶ᠃        ︵ᠬᠤᠶᠠᠷ︶ ︽ᠬᠠᠨᠳᠤᠯᠭᠠᠲᠠᠢ ᠰᠤᠷᠤᠭᠴᠢ ᠡᠯᠰᠡᠬᠦ ᠬᠡᠯᠡᠯᠴᠡᠭᠡᠷ ᠤᠨ ᠪᠢᠴᠢᠭ︾ ᠢ ᠲᠣᠭᠲᠠᠭᠠᠬᠤ ᠶᠠᠪᠤᠴᠠ ᠳᠤ᠂ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︾ ᠤᠨ ᠠᠯᠪᠠᠨ ᠲᠠᠮᠠᠭ᠎ᠠ ᠪᠠ ᠰᠤᠷᠭᠠᠨ ᠬᠥᠮᠥᠵᠢᠯ ᠤᠨ ᠲᠢᠩᠬᠢᠮ ᠤᠨ ᠭᠤᠤᠯ ᠬᠠᠷᠢᠭᠤᠴᠠᠯᠭᠠᠲᠠᠨ ︵ᠪᠤᠶᠤ ᠳᠣᠭᠲᠠᠭᠰᠠᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ︶ ᠤ ᠭᠠᠷ ᠤᠨ ᠥᠰᠥᠭ ᠵᠢᠷᠤᠭᠰᠠᠨ ︵ᠪᠤᠶᠤ ᠲᠠᠮᠠᠭ᠎ᠠ ᠳᠠᠷᠤᠭᠰᠠᠨ︶ ︽ᠬᠠᠨᠳᠤᠯᠭᠠᠲᠠᠢ ᠰᠤᠷᠤᠭᠴᠢ ᠡᠯᠰᠡᠬᠦ ᠬᠡᠯᠡᠯᠴᠡᠭᠡᠷ ᠤᠨ ᠪᠢᠴᠢᠭ︾ ᠢ ᠬᠡᠷᠡᠭᠯᠡᠨ᠎ᠡ᠃ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠨᠢ ᠮᠠᠨ ᠤ ᠲᠢᠩᠬᠢᠮ ᠳᠤ ᠳᠠᠩᠰᠠᠯᠠᠭᠤᠯᠤᠭᠰᠠᠨ ᠥᠬᠡᠶ ᠪᠠᠶᠢᠳᠠᠯ ᠳᠤ᠂ ᠲᠣᠰ ᠰᠤᠷᠭᠠᠭᠤᠯᠢ ᠶᠢᠨ ᠠᠯᠪᠠᠨ ᠲᠠᠮᠠᠭ᠎ᠠ ᠪᠠ ᠰᠤᠷᠭᠠᠭᠤᠯᠢ ᠶᠢᠨ ᠬᠠᠷᠢᠭᠤᠴᠠᠯᠭᠠᠲᠠᠨ ᠤ ᠭᠠᠷ ᠤᠨ ᠥᠰᠥᠭ ᠵᠢᠷᠤᠭᠰᠠᠨ ︵ᠪᠤᠶᠤ ᠲᠠᠮᠠᠭ᠎ᠠ ᠳᠠᠷᠤᠭᠰᠠᠨ︶ ︽ᠬᠠᠨᠳᠤᠯᠭᠠᠲᠠᠢ ᠰᠤᠷᠤᠭᠴᠢ ᠡᠯᠰᠡᠬᠦ ᠬᠡᠯᠡᠯᠴᠡᠭᠡᠷ ᠤᠨ ᠪᠢᠴᠢᠭ︾ ᠢ ᠬᠡᠷᠡᠭᠯᠡᠭᠡᠷᠡᠢ᠃ ᠠᠵᠢᠯ ᠤᠨ ᠪᠠᠶᠢᠷᠢ ᠳᠤ ᠪᠠᠶᠢᠭ᠎ᠠ ᠰᠢᠯᠭᠠᠭᠤᠯᠤᠭᠴᠢ ᠶᠢᠨ ᠠᠵᠢᠯᠯᠠᠵᠤ ᠪᠠᠶᠢᠭ᠎ᠠ ᠨᠢᠭᠡᠴᠢ ᠴᠦ ᠡᠭᠦᠨ ᠢ ᠦᠨᠳᠦᠰᠦᠯᠡᠨ ᠬᠡᠷᠡᠭᠵᠢᠭᠦᠯᠦᠨ᠎ᠡ᠃       ︵ᠭᠤᠷᠪᠠ︶ ᠰᠢᠯᠭᠠᠭᠤᠯᠤᠭᠴᠢ ᠶᠢᠨ ᠲᠥᠷᠥᠯ ᠢ ᠰᠢᠰᠲ᠋ᠧᠮ ᠬᠠᠭᠠᠭᠰᠠᠨ ᠤ ᠳᠠᠷᠠᠭ᠎ᠠ ᠬᠤᠪᠢᠷᠠᠭᠤᠯᠵᠤ ᠪᠣᠯᠬᠤ ᠥᠬᠡᠶ᠂ ︽ᠬᠠᠨᠳᠤᠯᠭᠠᠲᠠᠢ ᠰᠤᠷᠤᠭᠴᠢ ᠡᠯᠰᠡᠬᠦ ᠬᠡᠯᠡᠯᠴᠡᠭᠡᠷ ᠤᠨ ᠪᠢᠴᠢᠭ︾ ᠲᠤ ᠭᠠᠷ ᠤᠨ ᠥᠰᠥᠭ ᠵᠢᠷᠤᠬᠤ ᠠᠷᠭ᠎ᠠ ᠮᠠᠶ᠋ᠢᠭ ᠢ ︽ᠰᠢᠯᠭᠠᠭᠤᠯᠤᠭᠴᠢ ᠶᠢ ᠳᠠᠩᠰᠠᠯᠠᠬᠤ ᠬᠦᠰᠦᠨᠦᠭ︾ ᠲᠠᠬᠢ ᠰᠢᠯᠭᠠᠭᠤᠯᠤᠭᠴᠢ ᠶᠢᠨ ᠲᠥᠷᠥᠯ ᠤᠨ ᠮᠡᠳᠡᠭᠡ ᠵᠠᠩᠭᠢ ᠪᠠᠷ ᠪᠠᠷᠢᠮᠵᠢᠶ᠎ᠠ ᠪᠣᠯᠭᠠᠨ᠎ᠠ᠂ ᠠᠵᠢᠯ ᠤᠨ ᠪᠠᠶᠢᠷᠢ ᠳᠤ ᠪᠠᠶᠢᠭ᠎ᠠ ᠰᠢᠯᠭᠠᠭᠤᠯᠤᠭᠴᠢ ᠪᠣᠯᠭᠤᠮᠵᠢᠲᠠᠶ ᠰᠣᠩᠭᠤᠭᠠᠷᠠᠶ᠃        ︵ᠳᠥᠷᠪᠡ︶ ᠰᠤᠷᠭᠠᠨ ᠬᠥᠮᠦᠵᠢᠯ ᠤᠨ ᠶᠠᠮᠤᠨ ᠤ ᠲᠣᠭᠲᠠᠭᠠᠯ ᠶᠣᠰᠤ ᠪᠠᠷ ︽ᠭᠤᠤᠯᠯᠠᠭᠴᠢ ᠲᠥᠯᠥᠪᠯᠡᠭᠡ︾ ᠶᠢᠨ ᠠᠵᠢᠯ ᠤᠨ ᠪᠠᠶᠢᠷᠢ ᠳᠤ ᠪᠠᠶᠢᠭ᠎ᠠ ᠪᠤᠰᠤ ᠰᠣᠳᠤᠯᠤᠨ ᠰᠤᠷᠤᠭᠴᠢ ᠲᠡᠭᠦᠰᠦᠭᠰᠡᠨ ᠤ ᠳᠠᠷᠠᠭ᠎ᠠ᠂ ᠡᠷᠬᠡᠪᠰᠢ ᠬᠠᠨᠳᠤᠯᠭᠠᠲᠠᠢ ᠮᠤᠵᠢ ᠪᠤᠶᠤ ᠥᠪᠥᠷ ᠮᠣᠩᠭᠤᠯ᠂ ᠭᠤᠸᠠᠩᠰᠢ᠂ ᠭᠦᠢᠵᠧᠦ᠂ ᠶᠦᠨᠨᠠᠨ᠂ ᠲᠥᠪᠡᠳ᠂ ᠬᠥᠬᠡᠨᠠᠭᠤᠷ᠂ ᠨᠢᠩᠰᠢᠶᠠ᠂ ᠰᠢᠨᠵᠢᠶᠠᠩ ︵ᠪᠢᠩᠲ᠋ᠤᠸᠠᠨ ᠢ ᠪᠠᠭᠲᠠᠭᠠᠨ᠎ᠠ︶ ᠵᠡᠷᠭᠡ ᠬᠠᠨᠳᠤᠯᠭᠠᠲᠠᠢ ᠭᠠᠵᠠᠷ ᠣᠷᠣᠨ ᠳᠤ ᠣᠴᠢᠵᠤ ᠠᠵᠢᠯ ᠤᠯᠬᠤ ᠬᠡᠷᠡᠭᠲᠡᠶ᠂ ᠭᠡᠷ᠎ᠡ ᠠᠴᠠ ᠵᠥᠷᠢᠴᠡᠵᠦ ᠪᠣᠯᠬᠤ ᠥᠬᠡᠶ᠃ ᠮᠠᠨ ᠤ ᠣᠷᠣᠨ ᠳᠤ ᠨᠡᠷ᠎ᠡ ᠮᠡᠳᠡᠭᠦᠯᠬᠦ ᠬᠢᠷᠢ ᠬᠡᠮ ᠢ ᠣᠯᠤᠭᠰᠠᠨ᠂ ᠳᠡᠭᠡᠷ᠎ᠡ ᠳᠤᠷᠠᠳᠤᠭᠰᠠᠨ 8 ᠮᠤᠵᠢ ︵ᠣᠷᠣᠨ︶ ᠳᠤ ᠠᠵᠢᠯ ᠣᠯᠤᠭᠠᠳᠤᠶ ᠪᠤᠶᠤ ᠳᠡᠭᠡᠷ᠎ᠡ ᠳᠤᠷᠠᠳᠤᠭᠰᠠᠨ 8 ᠮᠤᠵᠢ ︵ᠣᠷᠣᠨ︶ ᠳᠤ ᠠᠵᠢᠯ ᠣᠯᠤᠭᠰᠠᠨ ᠪᠣᠯᠪᠠᠴᠤ ᠦᠢᠯᠡᠴᠢᠯᠡᠬᠦ ᠵᠢᠯ ᠤᠨ ᠬᠢᠵᠠᠭᠠᠷ ᠲᠤ ᠪᠠᠨ ᠬᠦᠷᠦᠭᠡᠳᠦᠶ ᠥᠩᠭᠡᠷᠡᠭᠰᠡᠨ ᠵᠢᠯ ᠤᠨ ᠲᠡᠭᠦᠰᠦᠭᠰᠡᠳ ᠪᠣᠯ ᠳᠠᠩᠰᠠ ᠡᠪᠬᠡᠮᠡᠯ ᠵᠢᠴᠢ ᠲᠡᠭᠦᠰᠬᠦ ᠦᠨᠡᠮᠯᠡᠯ ᠪᠠ ᠡᠷᠳᠡᠮ ᠤᠨ ᠴᠣᠯᠠ ᠶᠢᠨ ᠦᠨᠡᠮᠯᠡᠯ ᠢᠶᠠᠨ ᠰᠢᠯᠵᠢᠭᠦᠯᠵᠦ ᠪᠣᠯᠬᠤ ᠦᠭᠡᠶ᠃ ᠰᠢᠯᠭᠠᠭᠤᠯᠤᠭᠴᠢ ᠨᠡᠷ᠎ᠡ ᠮᠡᠳᠡᠭᠦᠯᠬᠦ ᠠᠴᠠ ᠪᠠᠨ ᠡᠮᠦᠨ᠎ᠡ ᠣᠯᠠᠨ ᠵᠦᠢᠯ ᠤᠨ ᠠᠷᠭ᠎ᠠ ᠵᠠᠮ ᠢᠶᠠᠷ ᠨᠡᠷ᠎ᠡ ᠮᠡᠳᠡᠭᠦᠯᠬᠦ ᠲᠤᠰᠬᠠᠶ ᠮᠡᠷᠭᠡᠵᠢᠯ ᠤᠨ ᠢᠶᠠᠨ ᠳᠡᠭᠡᠷ᠎ᠡ ᠳᠤᠷᠠᠳᠤᠭᠰᠠᠨ ᠲᠣᠭᠲᠠᠭᠰᠠᠨ ᠭᠠᠵᠠᠷ ᠣᠷᠣᠨ ᠳᠤ ᠠᠵᠢᠯ ᠤᠯᠬᠤ ᠳᠤ ᠠᠮᠠᠷᠬᠠᠨ ᠡᠰᠡᠬᠦ ᠶᠢ ᠣᠶᠢᠯᠠᠭᠠᠵᠤ᠂ ᠴᠥᠭᠡᠨ ᠲᠣᠭᠠᠲᠤ ᠦᠨᠳᠦᠰᠦᠲᠡᠨ ᠤ ᠭᠤᠤᠯᠯᠠᠭᠴᠢ ᠲᠥᠯᠥᠪᠯᠡᠭᠡ ᠳᠤ ᠨᠡᠷ᠎ᠡ ᠮᠡᠳᠡᠭᠦᠯᠬᠦ ᠡᠰᠡᠬᠦ ᠪᠠᠨ ᠪᠣᠯᠭᠤᠮᠵᠢᠲᠠᠶ ᠲᠣᠭᠲᠠᠭᠠᠬᠤ ᠬᠡᠷᠡᠭᠲᠡᠶ᠃ ᠴᠥᠭᠡᠨ ᠲᠣᠭᠠᠲᠤ ᠦᠨᠳᠦᠰᠦᠲᠡᠨ ᠤ ᠭᠤᠣᠯᠯᠠᠭᠴᠢ ᠲᠥᠯᠥᠪᠯᠡᠭᠡ ᠶᠢᠨ ᠠᠵᠢᠯ ᠤᠨ ᠪᠠᠶᠢᠷᠢ ᠠᠴᠠ ᠰᠣᠳᠤᠯᠤᠨ ᠰᠤᠷᠤᠬᠴᠢ ᠶᠢ ᠲᠡᠭᠦᠰᠬᠡᠭᠰᠡᠨ ᠤ ᠲᠠᠷᠠᠭ᠎ᠠ ᠡᠷᠬᠡᠪᠰᠢ ᠤᠤᠯ ᠤᠨ ᠨᠢᠭᠡᠴᠢ ᠳᠤ ᠪᠠᠨ ᠪᠤᠴᠠᠵᠤ ᠠᠵᠢᠯᠯᠠᠬᠤ ᠬᠡᠷᠡᠭᠲᠡᠢ᠂ ᠭᠡᠷ᠎ᠡ ᠶᠢ ᠵᠥᠷᠢᠴᠡᠵᠦ ᠪᠣᠯᠬᠤ ᠦᠭᠡᠢ᠃        ᠳᠣᠯᠤᠭ᠎ᠠ᠂ ᠠᠩᠬᠠᠷᠬᠤ ᠵᠦᠢᠯ        ︵ᠨᠢᠭᠡ︶ ᠰᠢᠯᠭᠠᠭᠤᠯᠤᠭᠰᠠᠳ ᠨᠡᠷ᠎ᠡ ᠮᠡᠳᠡᠭᠦᠯᠵᠦ ᠰᠢᠯᠭᠠᠭᠤᠯᠬᠤ ᠳᠡᠭᠡᠳᠦ ᠰᠤᠷᠭᠠᠭᠤᠯᠢ ᠶᠢᠨ ᠢᠶᠠᠨ ᠰᠣᠷᠣᠭᠴᠢ ᠡᠯᠰᠡᠬᠦ ᠲᠣᠪᠴᠢ ᠲᠦᠷᠢᠮ ᠢ ᠨᠠᠷᠢᠨ ᠬᠢᠨᠠᠮᠠᠭᠠᠶ ᠤᠩᠰᠢᠵᠤ᠂ ︽ᠭᠤᠤᠯᠯᠠᠭᠴᠢ ᠲᠥᠯᠥᠪᠯᠡᠭᠡ︾ ᠶᠢᠨ ᠰᠣᠳᠤᠯᠤᠨ ᠰᠤᠷᠤᠭᠴᠢ ᠶᠢᠨ ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠢ ᠣᠶᠢᠯᠠᠭᠠᠵᠤ᠂ ᠨᠡᠷ᠎ᠡ ᠮᠡᠳᠡᠭᠦᠯᠵᠦ ᠰᠢᠯᠭᠠᠭᠤᠯᠬᠤ ᠠᠴᠠ ᠪᠠᠨ ᠡᠮᠦᠨ᠎ᠡ ᠨᠡᠷ᠎ᠡ ᠮᠡᠳᠡᠭᠦᠯᠵᠦ ᠰᠢᠯᠭᠠᠭᠤᠯᠬᠤ ᠰᠤᠷᠭᠠᠭᠤᠯᠢ ᠶᠢᠨ ᠢᠶᠠᠨ ᠰᠣᠳᠤᠯᠤᠨ ᠰᠤᠷᠤᠭᠴᠢ ᠡᠯᠰᠡᠬᠦ ᠠᠵᠢᠯ ᠤᠨ ᠰᠠᠯᠠᠭ᠎ᠠ ᠮᠥᠴᠢᠷ ᠲᠠᠢ ᠬᠠᠷᠢᠯᠴᠠᠬᠤ ᠪᠤᠶᠤ ᠰᠤᠷᠭᠠᠭᠤᠯᠢ ᠶᠢᠨ ᠢᠶᠠᠨ ᠠᠯᠪᠠᠨ ᠰᠦᠯᠵᠢᠶ᠎ᠡ ᠠᠴᠠ ᠨᠡᠷ᠎ᠡ ᠮᠡᠳᠡᠭᠦᠯᠵᠦ ᠰᠢᠯᠭᠠᠭᠤᠯᠬᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠭᠡᠯ ᠲᠤᠭ᠎ᠠ᠂ ᠨᠡᠷ᠎ᠡ ᠮᠡᠳᠡᠭᠦᠯᠬᠦ ᠴᠡᠭ ᠪᠠ ᠠᠬᠤᠢ ᠲᠠᠯᠠᠪᠠᠢ ᠳᠤ ᠨᠤᠲᠠᠯᠠᠬᠤ ᠵᠡᠷᠭᠡ ᠵᠦᠢᠯ ᠢ ᠣᠶᠢᠯᠠᠭᠠᠬᠤ ᠬᠡᠷᠡᠭᠲᠡᠶ᠃        ︵ᠬᠤᠶᠠᠷ︶ ᠰᠢᠯᠭᠠᠭᠤᠯᠤᠭᠴᠢ ᠥᠪᠡᠷ ᠤᠨ ᠲᠤᠰᠢᠶᠠᠭᠰᠠᠨ ᠦᠨᠡᠮᠯᠡᠯ᠂ ᠮᠠᠲ᠋ᠧᠷᠢᠶᠠᠯ ᠪᠠ ᠲᠠᠭᠯᠠᠨ ᠪᠢᠴᠢᠭᠰᠡᠨ ᠠᠭᠤᠯᠭ᠎ᠠ ᠶᠢᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠳᠤ ᠬᠤᠯᠪᠣᠭᠳᠠᠪᠠᠯ᠂ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ ᠠᠷᠭ᠎ᠠ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠵᠠᠷᠯᠢᠭ 33 ᠳ᠋ᠤᠭᠠᠷ ᠲᠣᠭᠠᠲᠤ︶ ᠶᠢᠨ ᠶᠣᠰᠤ ᠪᠠᠷ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠨ᠎ᠡ᠃ ᠰᠢᠯᠭᠠᠭᠤᠯᠤᠭᠴᠢ ᠶᠢᠨ ᠪᠣᠶ ᠪᠥᠬᠦᠶ ᠮᠡᠳᠡᠭᠡ ᠵᠠᠩᠭᠢ ᠶᠢ ᠰᠢᠰᠲ᠋ᠧᠮ ᠬᠠᠭᠠᠭᠰᠠᠨ ᠤ ᠳᠠᠷᠠᠭ᠎ᠠ ᠬᠤᠪᠢᠷᠠᠭᠤᠯᠵᠤ ᠪᠣᠯᠬᠤ ᠥᠬᠡᠶ᠂ ᠰᠢᠯᠭᠠᠭᠤᠯᠤᠭᠴᠢ ᠪᠣᠯᠭᠤᠮᠵᠢᠲᠠᠶ ᠲᠠᠭᠯᠠᠭᠠᠷᠠᠶ᠃        ︵ᠭᠤᠷᠪᠠ︶ ᠰᠢᠯᠭᠠᠭᠤᠯᠤᠭᠴᠢ ᠶᠢ ᠪᠦᠬᠦ ᠤᠯᠤᠰ ᠤᠨ ᠡᠩ ᠤᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠪᠣᠯᠤᠨ ︽ᠭᠤᠣᠯᠯᠠᠬᠤ ᠲᠥᠯᠥᠪᠯᠡᠭᠡ︾ ᠶᠢᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠶᠢᠨ ᠬᠤᠭᠤᠷᠣᠨᠳᠣ ᠲᠣᠬᠢᠷᠠᠭᠤᠯᠤᠨ ᠡᠯᠰᠡᠵᠦ ᠪᠣᠯᠬᠤ ᠦᠭᠡᠶ᠃        ︵ᠳᠥᠷᠪᠡ︶ ᠠᠵᠢᠯ ᠤᠨ ᠪᠠᠶᠢᠷᠢ ᠳᠤ ᠪᠠᠶᠢᠭ᠎ᠠ ᠰᠢᠯᠭᠠᠭᠤᠯᠤᠭᠴᠢ ︽ᠰᠢᠯᠭᠠᠭᠤᠯᠤᠭᠴᠢ ᠶᠢ ᠳᠠᠩᠰᠠᠯᠠᠬᠤ ᠬᠦᠰᠦᠨᠦᠭ︾ ᠢ ᠤᠯᠬᠤ ᠳᠤ᠂ ᠡᠷᠬᠡᠪᠰᠢ ᠬᠥᠮᠦᠨ ᠬᠡᠷᠡᠭᠯᠡᠵᠦ ᠪᠠᠶᠢᠭ᠎ᠠ ᠨᠢᠭᠡᠴᠢ ︵ᠪᠤᠶᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ︶ ᠶᠢᠨ ᠬᠠᠷᠢᠭᠤᠴᠠᠯᠭᠠᠲᠠᠨ ᠤ ᠭᠠᠷ ᠤᠨ ᠥᠰᠥᠭ ᠵᠢᠷᠤᠭᠰᠠᠨ ︽ᠠᠵᠢᠯ ᠤᠨ ᠪᠠᠶᠢᠷᠢ ᠠᠴᠠ ᠨᠡᠷ᠎ᠡ ᠮᠡᠳᠡᠭᠦᠯᠬᠦ ᠵᠦᠪᠰᠢᠶᠡᠷᠡᠯ / ᠠᠵᠢᠯ ᠤᠨ ᠪᠠᠶᠢᠷᠢ ᠳᠤ ᠪᠠᠶᠢᠭ᠎ᠠ ᠪᠤᠰᠤ ᠨᠡᠷ᠎ᠡ ᠮᠡᠳᠡᠭᠦᠯᠬᠦ ᠵᠦᠪᠰᠢᠶᠡᠷᠡᠯ︾ ᠪᠠ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠢᠨ ᠬᠠᠮᠲᠤ ᠠᠵᠢᠯᠯᠠᠵᠤ ᠪᠠᠶᠢᠭ᠎ᠠ ᠨᠢᠭᠡᠴᠢ ︵ᠪᠤᠶᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ︶ ᠶᠢᠨ ᠲᠠᠮᠠᠭ᠎ᠠ ᠶᠢ ᠳᠠᠷᠤᠭᠰᠠᠨ ᠤ ᠳᠠᠷᠠᠭ᠎ᠠ ᠰᠠᠶ᠋ᠢ ᠬᠦᠴᠦᠨ ᠲᠠᠢ ᠪᠣᠯᠤᠨ᠎ᠠ᠃        ︵ᠲᠠᠪᠤ︶ ᠮᠠᠰᠲ᠋ᠧᠷ ᠰᠢᠯᠭᠠᠭᠤᠯᠬᠤ ᠪᠠᠷ ᠨᠡᠷ᠎ᠡ ᠮᠡᠳᠡᠭᠦᠯᠬᠦ ᠰᠣᠳᠤᠯᠤᠨ ᠰᠤᠷᠤᠭᠴᠢ ᠳᠤᠮᠳᠠᠳᠤ ᠤᠯᠤᠰ ᠤᠨ ᠰᠣᠳᠤᠯᠤᠨ ᠰᠤᠷᠤᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶᠡᠨ ᠳᠤ ᠨᠡᠷ᠎ᠡ ᠮᠡᠳᠡᠭᠦᠯᠬᠦ ᠳᠤ ᠪᠠᠨ ︽ᠲᠤᠰᠬᠠᠶ ᠪᠤᠯᠤᠩ ᠤᠨ ᠲᠥᠯᠥᠪᠯᠡᠭᠡ︾ ᠪᠤᠯᠤᠩ ᠳᠤ ︽ᠴᠥᠭᠡᠨ ᠲᠣᠭᠠᠲᠤ ᠦᠨᠳᠦᠰᠦᠲᠡᠨ ᠤ ᠭᠤᠤᠯᠯᠠᠭᠴᠢ ᠲᠥᠯᠥᠪᠯᠡᠭᠡ︾ ᠶᠢ ᠰᠣᠩᠭᠤᠬᠤ ᠶᠢᠨ ᠬᠠᠮᠲᠤ ᠰᠢᠯᠭᠠᠬᠤ ᠺᠣᠳ᠋ ᠢᠶᠠᠨ ᠣᠷᠣᠭᠤᠯᠵᠤ᠂ ᠨᠡᠷ᠎ᠡ ᠮᠡᠳᠡᠭᠦᠯᠬᠦ ᠲᠥᠷᠥᠯ ᠢ ︽ᠬᠠᠨᠳᠤᠯᠭᠠᠲᠠᠢ ᠡᠯᠰᠡᠬᠦ︾ ᠶᠢ ᠰᠣᠩᠭᠤᠬᠤ ᠶᠢ ᠰᠠᠨᠠᠭᠤᠯᠤᠶ᠎ᠠ᠃ ᠠᠵᠢᠯ ᠤᠨ ᠪᠠᠶᠢᠷᠢ ᠳᠤ ᠪᠠᠶᠢᠭ᠎ᠠ ᠰᠢᠯᠭᠠᠭᠤᠯᠤᠭᠴᠢ ᠶᠢᠨ ᠬᠠᠨᠳᠤᠯᠭᠠᠲᠤ ᠨᠢᠭᠡᠴᠢ ᠶᠢ ᠣᠲᠣ ᠶᠢᠨ ᠠᠵᠢᠯᠯᠠᠵᠤ ᠪᠠᠶᠢᠭ᠎ᠠ ᠨᠢᠭᠡᠴᠢ ᠪᠠᠷ ᠲᠠᠭᠯᠠᠵᠤ᠂ ᠠᠵᠢᠯ ᠤᠨ ᠪᠠᠶᠢᠷᠢ ᠳᠤ ᠪᠠᠶᠢᠭ᠎ᠠ ᠪᠤᠰᠤ ᠰᠢᠯᠭᠠᠭᠤᠯᠤᠭᠴᠢ ᠶᠢᠨ ᠬᠠᠨᠳᠤᠯᠭᠠᠲᠤ ᠨᠢᠭᠡᠴᠢ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︾ ᠭᠡᠵᠦ ᠲᠠᠭᠯᠠᠨ᠂ ᠬᠠᠨᠳᠤᠯᠭᠠᠲᠤ ᠨᠢᠭᠡᠴᠢ ᠶᠢᠨ ᠪᠠᠶᠢᠭ᠎ᠠ ᠭᠠᠵᠠᠷ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ︾ ᠭᠡᠵᠦ ᠲᠠᠭᠯᠠᠨ᠎ᠠ᠃        ᠨᠠᠢᠮᠠ᠂ ᠬᠠᠷᠢᠯᠴᠠᠬᠤ ᠠᠷᠭ᠎ᠠ ᠮᠠᠶ᠋ᠢᠭ        ᠬᠢᠷᠢ ᠬᠡᠮ ᠢ ᠬᠢᠨᠠᠨ ᠪᠠᠶᠢᠴᠠᠭᠠᠵᠤ ᠵᠦᠪᠯᠡᠯᠭᠡ ᠥᠭᠬᠦ ᠤᠲᠠᠰᠤ᠄ 0471 - 3261804᠂ ᠮᠠᠰᠲ᠋ᠧᠷ᠂ ᠳ᠋ᠣᠺᠲ᠋ᠣᠷ ᠤᠨ ᠬᠢᠷᠢ ᠬᠡᠮ ᠢ ᠬᠢᠨᠠᠨ ᠪᠠᠶᠢᠴᠠᠭᠠᠬᠤ ᠬᠤᠭᠤᠴᠠᠭᠠᠨ ᠳᠤ ᠨᠡᠭᠡᠭᠡᠨ᠎ᠡ︔        0471 - 3261715᠂ ᠵᠥᠪᠬᠡᠨ ᠮᠠᠰᠲ᠋ᠧᠷ ᠤᠨ ᠬᠢᠷᠢ ᠬᠡᠮ ᠢ ᠬᠢᠨᠠᠨ ᠪᠠᠶᠢᠴᠠᠭᠠᠬᠤ ᠬᠤᠭᠤᠴᠠᠭᠠᠨ ᠳᠤ ᠨᠡᠭᠡᠭᠡᠨ᠎ᠡ︔        ᠬᠠᠨᠳᠤᠯᠭᠠᠲᠠᠢ ᠰᠤᠷᠤᠭᠴᠢ ᠡᠯᠰᠡᠬᠦ ᠬᠡᠯᠡᠯᠴᠡᠭᠡᠷ ᠤᠨ ᠪᠢᠴᠢᠭ ᠤᠨ ᠵᠦᠪᠯᠡᠯᠭᠡ ᠥᠭᠬᠦ ᠤᠲᠠᠰᠤ᠄        0471 - 2856607        ᠠᠬᠤᠢ ᠲᠠᠯᠠᠪᠠᠶ ᠳᠤ ᠲᠤᠰᠢᠶᠠᠬᠤ ᠮᠠᠲ᠋ᠧᠷᠢᠶᠠᠯ ᠤᠨ ᠬᠠᠷᠢᠯᠴᠠᠬᠤ ᠤᠲᠠᠰᠤ᠄ 0471 - 53332469᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠤᠷᠭᠠᠨ ᠬᠥᠮᠦᠵᠢᠯ ᠤᠨ ᠲᠢᠩᠬᠢᠮ ᠤᠨ ᠴᠣᠩᠬᠤᠪᠴᠢ᠂ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ 13 ᠳ᠋ᠤᠭᠠᠷ ᠠᠰᠠᠷ ᠤᠨ 35 ᠳ᠋ᠤᠭᠠᠷ ᠴᠣᠩᠬᠤᠪᠴᠢ᠃        ᠲᠣᠰ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠬᠤᠭᠤᠴᠠᠭᠠᠨ ᠳᠤ᠂ ᠵᠢᠱᠢᠶᠡᠯᠡᠪᠡᠯ ᠰᠤᠷᠭᠠᠨ ᠬᠥᠮᠦᠵᠢᠯ ᠤᠨ ᠶᠠᠮᠤᠨ 2024 ᠣᠨ ᠤ ᠠᠵᠢᠯ ᠤᠨ ᠮᠡᠳᠡᠭᠳᠡᠯ ᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠨᠢ ᠲᠣᠰ ᠪᠢᠴᠢᠭ ᠮᠠᠲ᠋ᠧᠷᠢᠶᠠᠯ ᠲᠠᠢ ᠨᠢᠭᠡᠳᠦᠯ ᠥᠬᠡᠶ ᠪᠣᠯ᠂ ᠰᠤᠷᠭᠠᠨ ᠬᠥᠮᠦᠵᠢᠯ ᠤᠨ ᠶᠠᠮᠤᠨ ᠤ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠵᠤ᠂ ᠬᠠᠮᠢᠶ᠎ᠠ ᠪᠥᠬᠦᠶ ᠠᠭᠤᠯᠭ᠎ᠠ ᠶᠢ ᠠᠰ ᠲᠤ ᠨᠢ ᠮᠡᠳᠡᠭᠳᠡᠨ᠎ᠡ᠃ ᠳᠠᠭᠠᠯᠳᠤᠭᠤᠯᠤᠯ᠄ 1 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ︽ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ︾ ᠶᠢᠨ ᠮᠠᠰᠲ᠋ᠧᠷ ᠤᠨ ᠰᠢᠯᠭᠠᠯᠲᠠ ᠳᠤ ᠨᠡᠷ᠎ᠡ ᠮᠡᠳᠡᠭᠦᠯᠬᠦ ᠲᠣᠪᠴᠢ ᠴᠤᠪᠤᠷᠠᠯ ᠵᠢᠷᠤᠭ       2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ︾ ᠶᠢᠨ ᠰᠢᠯᠭᠠᠯᠲᠠ ᠳᠤ ᠨᠡᠷ᠎ᠡ ᠮᠡᠳᠡᠭᠦᠯᠦᠨ ᠳᠠᠩᠰᠠᠯᠠᠭᠤᠯᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠬᠦ ᠲᠣᠳᠣᠷᠬᠠᠶᠢᠯᠠᠯᠲᠠ        3 . 2024 ᠣᠨ ᠤ ︽ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ︾ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ ᠮᠠᠲ᠋ᠧᠷᠢᠶᠠᠯ ᠤᠨ ᠨᠠᠷᠢᠨ ᠬᠠᠭᠤᠳᠠᠰᠤ ᠵᠢᠴᠢ ᠲᠠᠭᠯᠠᠨ ᠮᠡᠳᠡᠭᠦᠯᠬᠦ ᠱᠠᠭᠠᠷᠳᠠᠯᠭ᠎ᠠ       4 . ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ︵ᠵᠠᠭᠪᠤᠷ︶       5 . 2024 ᠣᠨ ᠤ ︽ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ︾ ᠶᠢᠨ ᠬᠠᠨᠳᠤᠯᠭᠠᠲᠠᠢ ᠰᠤᠷᠤᠭᠴᠢ ᠡᠯᠰᠡᠬᠦ ᠬᠡᠯᠡᠯᠴᠡᠭᠡᠷ ᠤᠨ ᠪᠢᠴᠢᠭ ᠲᠤ ᠭᠠᠷ ᠤᠨ ᠥᠰᠥᠭ ᠵᠢᠷᠤᠬᠤ ᠵᠦᠭᠯᠡᠭᠦᠷ       6 . ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠲᠥᠯᠥᠪᠯᠡᠭᠡ ᠶᠢᠨ ᠰᠣᠳᠤᠯᠤᠨ ᠰᠤᠷᠤᠭᠴᠢ ᠶᠢ ᠬᠠᠨᠳᠤᠯᠭᠠᠲᠠᠢ ᠡᠯᠰᠡᠬᠦ ᠬᠡᠯᠡᠯᠴᠡᠭᠡᠷ ᠤᠨ ᠪᠢᠴᠢᠭ ︵ᠠᠵᠢᠯ ᠤᠨ ᠪᠠᠶᠢᠷᠢ ᠳᠤ ᠪᠠᠶᠢᠭ᠎ᠠ ᠪᠠ ᠠᠵᠢᠯ ᠤᠨ ᠪᠠᠶᠢᠷᠢ ᠳᠤ ᠪᠠᠶᠢᠭ᠎ᠠ ᠪᠤᠰᠤ ᠬᠤᠶᠠᠷ ᠵᠦᠢᠯ ᠤᠨ ᠵᠠᠭᠪᠤᠷ︶       7 . ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ︵ᠵᠠᠭᠪᠤᠷ︶       8 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠳᠡᠭᠡᠳᠦ ᠲᠠᠰ ᠤᠨ ᠭᠤᠤᠯᠯᠠᠭᠴᠢ ᠴᠢᠳᠠᠪᠤᠷᠢᠲᠠᠨ ᠤ ᠲᠥᠯᠥᠪᠯᠡᠭᠡ ᠶᠢᠨ ᠰᠣᠳᠤᠯᠤᠨ ᠰᠤᠷᠤᠭᠴᠢ ᠶᠢᠨ ᠮᠡᠳᠡᠭᠡ ᠵᠠᠩᠭᠢ ᠶᠢ ᠳᠠᠩᠰᠠᠯᠠᠬᠤ ᠬᠦᠰᠦᠨᠦᠭ       9 . 2023 ᠣᠨ ᠤ ᠨᠡᠷ᠎ᠡ ᠮᠡᠳᠡᠭᠦᠯᠵᠦ ᠰᠢᠯᠭᠠᠭᠤᠯᠬᠤ ᠬᠢᠷᠢ ᠬᠡᠮ ᠢ ᠨᠤᠲᠠᠯᠠᠬᠤ ᠠᠵᠢᠯ ᠤᠨ ᠪᠠᠶᠢᠩᠭᠤ ᠲᠣᠬᠢᠶᠠᠯᠳᠤᠳᠠᠭ ᠠᠰᠠᠭᠤᠳᠠᠯ ᠤᠨ ᠬᠤᠷᠢᠶᠠᠩᠭᠤᠶᠢᠯᠠᠯ                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                                  2023 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ