ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | ᠥᠪᠥᠷ ᠵᠠᠰᠠᠭ ᠠᠯᠪᠠᠨ ᠲᠠᠷᠬᠠᠭᠠᠭᠰᠠᠨ ﹇2023 ﹈ 6 ᠳ᠋ᠤᠭᠠᠷ ᠲᠣᠭᠠᠲᠤ | | | | | ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ | | | | | | | | | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄ | ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠯᠠᠬᠤ ᠭᠠᠵᠠᠷ ᠢ ᠬᠠᠮᠠᠭᠠᠯᠠᠬᠤ ᠲᠤᠬᠠᠢ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ ᠂ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ | ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ | ᠲᠦᠪᠰᠢᠨ ᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠴᠢᠩᠭ᠎ᠠ ᠰᠠᠬᠢᠵᠤ ᠂ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠂ ᠴᠢᠨᠠᠷ ᠂ ᠠᠮᠢ ᠠᠬᠤᠢ ︽ ᠭᠤᠷᠪᠠ ᠶᠢ | ᠨᠢᠭᠡ ᠴᠣᠭᠴᠠᠵᠢᠭᠤᠯᠤᠭᠰᠠᠨ ︾ ᠬᠠᠮᠠᠭᠠᠯᠠᠯᠲᠠ ᠶᠢ ᠪᠦᠬᠦ ᠲᠠᠯ᠎ᠠ ᠪᠠᠷ ᠠᠬᠢᠭᠤᠯᠵᠤ ᠂ ᠤᠯᠤᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠪᠠᠭᠤᠯᠭᠠᠭᠰᠠᠨ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠪᠠᠭᠠᠰᠬᠠᠬᠤ | ᠦᠭᠡᠢ ᠪᠠᠶᠢᠬᠤ ᠶᠢ ᠦᠨᠡᠨ ᠬᠦ ᠪᠠᠲᠤᠯᠠᠵᠤ ᠂ ᠲᠠᠷᠢᠶᠠᠯᠠᠬᠤ ᠭᠠᠵᠠᠷ ᠢ ︽ ᠲᠠᠷᠢᠶᠠᠯᠠᠩ ᠤᠨ ᠪᠤᠰᠤ ᠪᠣᠯᠭᠠᠬᠤ ︾ ᠶᠢ ᠡᠷᠡᠰ ᠬᠤᠷᠢᠭᠯᠠᠵᠤ ᠂ ᠲᠠᠷᠢᠶᠠᠯᠠᠬᠤ ᠭᠠᠵᠠᠷ ᠢ | ︽ ᠠᠮᠤ ᠪᠤᠳᠠᠭᠠᠨ ᠤ ᠪᠤᠰᠤ ᠪᠣᠯᠭᠠᠬᠤ ︾ ᠶᠢ ᠰᠡᠷᠭᠡᠶᠢᠯᠡᠵᠦ ᠂ ᠬᠠᠮᠠᠭᠠᠯᠠᠯᠲᠠ ᠨᠠᠩ ᠬᠦᠴᠦᠲᠡᠢ ᠂ ᠬᠡᠷᠡᠭᠵᠢᠭᠦᠯᠦᠯᠲᠡ ᠨᠠᠩ ᠤᠷᠤᠭᠰᠢᠲᠠᠢ ᠂ ᠬᠠᠮᠢᠶᠠᠷᠤᠯᠲᠠ ᠨᠠᠩ | ᠥᠨᠳᠥᠷ ᠪᠦᠲᠦᠮᠵᠢᠲᠡᠶ ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠶᠢᠨ ᠲᠤᠰᠠᠳᠠ ᠂ ᠡᠳᠦᠭᠡ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠳᠣᠣᠷᠠᠬᠢ ᠮᠡᠲᠦ ᠰᠠᠨᠠᠯ ᠢ ᠳᠤᠷᠠᠳᠪᠠ ᠃ | ᠨᠢᠭᠡ ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠤᠨ᠎ᠠ | ︵ᠨᠢᠭᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠬᠢᠨᠠᠯᠲᠠ ᠲᠠᠯᠪᠢᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ᠡᠯ᠎ᠡ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠨᠢ ᠲᠠᠷᠢᠶᠠᠯᠠᠬᠤ ᠭᠠᠵᠠᠷ ᠢ | ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ ᠂ ᠨᠠᠮ ᠤᠨ ᠬᠤᠷᠢᠶ᠎ᠠ ᠤᠳᠤᠷᠢᠳᠤᠭᠰᠠᠨ ᠂ ᠵᠠᠰᠠᠭ ᠤᠨ ᠣᠷᠳᠣᠨ ᠬᠠᠷᠢᠭᠤᠴᠠᠭᠰᠠᠨ ᠂ | ᠰᠠᠯᠠᠭ᠎ᠠ ᠮᠥᠴᠢᠷ ᠬᠠᠮᠵᠢᠯᠴᠠᠭᠰᠠᠨ ᠂ ᠣᠯᠠᠨ ᠨᠡᠶᠢᠲᠡ ᠣᠷᠣᠯᠴᠠᠭᠰᠠᠨ ᠂ ᠳᠡᠭᠡᠳᠦ ᠳᠣᠣᠷᠠᠳᠤ ᠱᠠᠲᠤ ᠶᠢᠨ ᠬᠢᠨ ᠬᠤᠯᠪᠤᠭᠠᠯᠠᠨ ᠬᠥᠳᠡᠯᠦᠯᠴᠡᠭᠰᠡᠨ ᠲᠠᠷᠢᠶᠠᠯᠠᠬᠤ | ᠭᠠᠵᠠᠷ ᠢ ᠬᠠᠮᠠᠭᠠᠯᠠᠬᠤ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠡᠬᠢ ᠡᠭᠦᠰᠦᠯ ᠠᠴᠠ ᠨᠢ ᠴᠢᠩᠭ᠎ᠠ ᠡᠵᠡᠮᠳᠡᠬᠦ ᠂ | ᠶᠠᠪᠤᠴᠠ ᠶᠢ ᠨᠢ ᠴᠢᠩᠭ᠎ᠠ ᠬᠠᠮᠢᠶᠠᠷᠬᠤ ᠂ ᠤᠷᠰᠢᠭ ᠢ ᠨᠢ ᠴᠢᠩᠭ᠎ᠠ ᠰᠢᠢᠳᠬᠡᠬᠦ ᠶᠢ ᠪᠡᠶᠡᠯᠡᠭᠦᠯᠵᠦ ᠂ ᠲᠣᠰ ᠭᠠᠵᠠᠷ ᠣᠷᠣᠨ ᠤ ᠪᠠᠨ ᠲᠠᠷᠢᠶᠠᠯᠠᠬᠤ ᠭᠠᠵᠠᠷ ᠢ | ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠬᠤᠷ ᠬᠠᠮᠢᠶ᠎ᠠ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠲᠠᠷᠢᠶᠠᠴᠢᠨ ᠮᠠᠯᠴᠢᠨ ᠪᠠ ᠰᠢᠨ᠎ᠡ | ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠲᠠᠷᠢᠶᠠᠯᠠᠬᠤ ᠭᠠᠵᠠᠷ ᠢ ᠬᠠᠮᠠᠭᠠᠯᠠᠬᠤ ᠢᠳᠡᠪᠬᠢᠵᠢᠯ ᠢ ᠨᠢ ᠭᠦᠢᠴᠡᠳ | ᠳᠠᠶᠢᠴᠢᠯᠠᠵᠤ ᠂ ᠲᠠᠷᠢᠶᠠᠯᠠᠬᠤ ᠭᠠᠵᠠᠷ ᠢ ᠬᠠᠮᠠᠭᠠᠯᠠᠬᠤ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ ᠃ ︽ ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ︾ ᠢ | ᠰᠦᠪᠡᠭᠴᠢᠯᠡᠨ ᠪᠠᠶᠢᠭᠤᠯᠵᠤ ᠂ ᠬᠤᠰᠢᠭᠤ ᠰᠢᠶᠠᠨ ︵ᠬᠤᠲᠠ ᠂ ᠲᠣᠭᠤᠷᠢᠭ︶ ᠂ ᠰᠤᠮᠤ ᠰᠢᠶᠠᠩ ᠪᠠᠯᠭᠠᠰᠤ ᠂ ᠭᠠᠴᠠᠭ᠎ᠠ ᠲᠣᠰᠬᠤᠨ ᠭᠤᠷᠪᠠᠨ ᠱᠠᠲᠤ ᠪᠠᠷ ᠢᠶᠠᠨ | ᠬᠤᠯᠪᠤᠭᠠᠯᠠᠨ ᠬᠥᠳᠡᠯᠦᠯᠴᠡᠵᠦ ᠪᠦᠬᠦᠨ ᠢ ᠬᠠᠮᠤᠷᠤᠭᠤᠯᠤᠭᠰᠠᠨ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ ᠃ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠢᠯᠠᠩᠭᠤᠶ᠎ᠠ ᠰᠤᠮᠤ ᠰᠢᠶᠠᠩ ᠪᠠᠯᠭᠠᠰᠤ ᠶᠢᠨ | ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠶᠢᠨ ᠬᠠᠤᠯᠢ | ᠬᠡᠷᠡᠭᠵᠢᠭᠦᠯᠵᠦ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ ᠂ ᠲᠠᠷᠢᠶᠠᠯᠠᠬᠤ ᠭᠠᠵᠠᠷ ᠢ ᠬᠠᠮᠠᠭᠠᠯᠠᠬᠤ ᠨᠢᠭᠡᠳᠦᠭᠡᠷ ᠹᠷᠣᠨᠲ ᠤᠨ ᠬᠠᠤᠯᠢ | ᠬᠡᠷᠡᠭᠵᠢᠭᠦᠯᠦᠯᠲᠡ ᠶᠢ ᠦᠨᠡᠨ ᠬᠦ ᠴᠢᠩᠭᠠᠳᠬᠠᠵᠤ ᠂ ᠲᠠᠷᠢᠶᠠᠯᠠᠬᠤ ᠭᠠᠵᠠᠷ ᠢ ᠰᠦᠢᠳᠬᠡᠵᠦ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ | ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ | ᠬᠠᠮᠠᠭᠠᠯᠠᠯᠲᠠ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠩᠭᠤ ᠬᠢᠨᠠᠯᠲᠠ | ᠲᠠᠯᠪᠢᠵᠤ ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤ ᠨᠢ ᠬᠠᠷᠢᠭᠤ ᠲᠤᠰᠬᠠᠵᠤ ᠂ ᠴᠢᠩᠭ᠎ᠠ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ | ᠬᠡᠷᠡᠭᠲᠡᠢ ᠃ | ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠡᠭᠦᠷᠭᠡ ᠬᠠᠷᠢᠭᠤᠴᠠᠯᠭ᠎ᠠ ᠠᠵᠢᠯ ᠡᠭᠦᠷᠭᠡ ᠶᠢᠨ ᠬᠢᠨ ᠶᠣᠰᠣᠭᠠᠷ ᠂ ᠬᠠᠮᠵᠢᠯᠴᠠᠵᠤ ᠬᠤᠷᠰᠢᠯᠴᠠᠬᠤ ᠪᠠᠨ ᠴᠢᠩᠭᠠᠳᠬᠠᠨ ᠂ ᠨᠠᠶᠢᠳᠠᠪᠤᠷᠢᠵᠢᠭᠤᠯᠤᠯᠲᠠ ᠶᠢ ᠦᠨᠡᠨ ᠬᠦ | ᠰᠠᠶᠢᠲᠤᠷ ᠠᠳᠬᠤᠬᠤ ᠬᠡᠷᠡᠭᠲᠡᠢ ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ ᠂ ᠲᠠᠷᠢᠶᠠᠯᠠᠬᠤ ᠭᠠᠵᠠᠷ ᠢ ᠬᠠᠮᠠᠭᠠᠯᠠᠬᠤ ᠶᠢᠨ ᠬᠠᠷᠢᠭᠤᠴᠠᠯᠭᠠᠲᠤ ᠬᠠᠷᠠᠯᠲᠠ ᠪᠠᠨ ᠨᠠᠷᠢᠯᠢᠭᠵᠢᠭᠤᠯᠤᠨ ᠵᠠᠳᠠᠯᠵᠤ ᠂ ᠲᠠᠷᠢᠶᠠᠯᠠᠬᠤ ᠭᠠᠵᠠᠷ ᠢ | ᠬᠠᠮᠠᠭᠠᠯᠠᠬᠤ ᠢᠯᠠᠩᠭᠤᠶ᠎ᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠢᠶᠠᠷᠤᠨ ᠬᠠᠮᠠᠭᠠᠯᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠃ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠴᠢᠨᠠᠷ ᠢ ᠬᠠᠮᠠᠭᠠᠯᠠᠬᠤ ᠪᠠ | ᠰᠠᠶᠢᠵᠢᠷᠠᠭᠤᠯᠬᠤ ᠠᠵᠢᠯᠯᠠᠭᠠᠨ ᠢ ᠬᠡᠷᠡᠭᠵᠢᠭᠦᠯᠵᠦ ᠂ ᠲᠠᠷᠢᠶᠠᠯᠠᠬᠤ ᠭᠠᠵᠠᠷ ᠢ ᠰᠡᠯᠭᠦᠵᠦ ᠳᠠᠷᠢᠬᠤ ᠵᠢᠴᠢ ᠲᠠᠷᠢᠶᠠᠯᠠᠬᠤ ᠭᠠᠵᠠᠷ ᠤᠨ ᠥᠩ ᠰᠢᠮ᠎ᠡ ᠳᠠᠬᠢ | ᠬᠠᠮᠢᠶᠠᠷᠤᠯᠲᠠ ᠪᠠᠨ ᠴᠢᠩᠭᠠᠳᠬᠠᠨ ᠂ ᠲᠠᠷᠢᠶᠠᠯᠠᠬᠤ ᠭᠠᠵᠠᠷ ᠢ ᠠᠲᠠᠷᠰᠢᠭᠤᠯᠵᠤ ᠲᠠᠷᠢᠶᠠᠯᠠᠬᠤ ᠪᠠᠨ ᠪᠣᠯᠢᠬᠤ ᠦᠵᠡᠭᠳᠡᠯ ᠢ ᠴᠢᠩᠭ᠎ᠠ ᠰᠡᠷᠭᠡᠶᠢᠯᠡᠨ ᠂ ᠲᠠᠷᠢᠶᠠᠯᠠᠬᠤ | ᠮᠠᠯᠵᠢᠬᠤ ᠣᠷᠣᠨ ᠤ ᠭᠠᠵᠠᠷ ᠰᠢᠷᠣᠢ ᠪᠠᠨ ᠰᠢᠯᠵᠢᠭᠦᠯᠦᠨ ᠡᠷᠭᠢᠯᠳᠦᠭᠦᠯᠬᠦ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠤᠭᠤᠳᠴᠤ ᠂ ᠰᠢᠨ᠎ᠡ ᠪᠠᠷ ᠨᠡᠮᠡᠭᠳᠡᠭᠰᠡᠨ | ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠲᠠᠷᠢᠬᠤ ᠶᠢ ᠬᠥᠲᠥᠯᠥᠨ ᠵᠢᠯᠤᠭᠤᠳᠴᠤ ᠂ ᠲᠠᠷᠢᠶᠠᠯᠠᠬᠤ ᠭᠠᠵᠠᠷ ᠢ ︽ ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠬᠦ ᠶᠢᠨ ᠬᠠᠮᠲᠤ ᠂ ᠬᠥᠳᠡᠭᠡ ᠲᠣᠰᠬᠤᠨ ᠤ ᠠᠷᠠᠳ ᠤᠨ ᠬᠠᠤᠯᠢ ᠪᠤᠰᠤ ᠪᠠᠷ ᠭᠠᠵᠠᠷ ᠰᠢᠷᠣᠢ ᠶᠢ ᠡᠵᠡᠯᠡᠨ ᠬᠡᠷᠡᠭᠯᠡᠵᠦ ᠣᠷᠣᠨ ᠰᠠᠭᠤᠴᠠ ᠪᠠᠶᠢᠭᠤᠯᠬᠤ ᠶᠢ | ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ︔ ᠲᠠᠷᠢᠶᠠᠯᠠᠬᠤ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠳᠠᠯ ᠳᠤ ᠨᠠᠷᠢᠨ | ᠪᠠᠶᠢᠴᠠᠭᠠᠯᠲᠠ ᠬᠢᠬᠦ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠪᠠ | ᠴᠢᠩᠭ᠎ᠠ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠣᠲᠣ ᠶᠢᠨ ᠬᠡᠷᠡᠭᠵᠢᠭᠦᠯᠵᠦ ᠪᠠᠶᠢᠭ᠎ᠠ | ᠵᠠᠷᠤᠳᠠᠯ ᠢ ᠪᠠᠲᠤᠯᠠᠬᠤ ᠠᠷᠭ᠎ᠠ ᠵᠠᠮ ᠢᠶᠠᠷ ᠳᠠᠮᠵᠢᠭᠤᠯᠤᠨ ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰᠬᠠᠢ ᠪᠡᠯᠡ ᠮᠥᠩᠭᠦ ᠶᠢ | ᠨᠢᠭᠡᠳᠦᠯᠲᠡᠢ ᠲᠥᠯᠥᠪᠯᠡᠵᠦ ᠂ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢ ᠳᠡᠮᠵᠢᠵᠦ ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠂ | ᠬᠤᠰᠢᠭᠤ ᠰᠢᠶᠠᠨ ︵ᠬᠤᠲᠠ ᠂ ᠲᠣᠭᠤᠷᠢᠭ︶ ᠯᠤᠭ᠎ᠠ ᠬᠠᠮᠲᠤ ᠪᠠᠷ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠃ ᠠᠮᠢ ᠠᠬᠤᠢ | ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠤᠨ ᠡᠬᠢ ᠡᠭᠦᠰᠦᠯ ᠢ ᠬᠠᠮᠢᠶᠠᠷᠤᠨ | ᠡᠵᠡᠮᠳᠡᠬᠦ ᠪᠠᠨ ᠴᠢᠩᠭᠠᠳᠬᠠᠬᠤ ᠬᠡᠷᠡᠭᠲᠡᠢ ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠠᠵᠢᠯ ᠢᠶᠠᠨ ᠰᠠᠶᠢᠲᠤᠷ | ᠬᠢᠵᠦ ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠪᠠᠨ ᠭᠦᠢᠴᠡᠳᠬᠡᠭᠰᠡᠨ ᠪᠠᠶᠢᠳᠠᠯ ᠢ ᠰᠢᠯᠭᠠᠨ ᠬᠢᠨᠠᠬᠤ ᠳᠤ ᠢᠳᠡᠪᠬᠢᠲᠡᠢ ᠣᠷᠣᠯᠴᠠᠬᠤ | ᠬᠡᠷᠡᠭᠲᠡᠢ ᠃ ᠬᠢᠨᠠᠨ ᠪᠤᠳᠤᠬᠤ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠢ ᠤᠳᠤᠷᠢᠳᠬᠤ | ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠬᠤ ᠠᠭᠤᠯᠭ᠎ᠠ ᠳᠤ ᠣᠷᠣᠭᠤᠯᠬᠤ ᠬᠡᠷᠡᠭᠲᠡᠢ ᠃ | ᠬᠥᠭᠵᠢᠭᠦᠯᠦᠯᠲᠡ ᠪᠠ ᠥᠭᠡᠷᠡᠴᠢᠯᠡᠯᠲᠡ ᠂ ᠵᠠᠮ ᠬᠠᠷᠢᠯᠴᠠᠭ᠎ᠠ ᠲᠡᠭᠡᠭᠡᠪᠦᠷᠢ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠨᠧᠷᠭᠢ ᠂ ᠤᠰᠤᠨ | ᠠᠰᠢᠭᠯᠠᠯᠲᠠ ᠂ ᠤᠢ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠨᠢ ᠲᠥᠯᠦᠪᠵᠢᠭᠦᠯᠭᠡ ᠨᠠᠶᠢᠷᠠᠭᠤᠯᠤᠨ ᠵᠣᠬᠢᠶᠠᠬᠤ ᠂ ᠲᠥᠷᠥᠯ ᠵᠦᠢᠯ ᠢ ᠬᠢᠨᠠᠨ | ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠠᠵᠢᠯ ᠳᠤ ᠪᠠᠨ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠤᠨ ᠦᠵᠡᠯ ᠤᠬᠠᠮᠰᠠᠷ ᠢᠶᠠᠨ ᠴᠢᠩᠭᠠᠷᠠᠭᠤᠯᠵᠤ ᠂ | ᠲᠠᠷᠢᠶᠠᠯᠠᠬᠤ ᠭᠠᠵᠠᠷ ᠢ ᠬᠠᠮᠠᠭᠠᠯᠠᠬᠤ ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠂ ᠬᠥᠭᠵᠢᠯᠲᠡ ᠶᠢ ᠪᠠᠲᠤᠯᠠᠬᠤ ᠶᠢᠨ ᠬᠤᠭᠤᠷᠣᠨᠳᠣᠬᠢ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ ᠂ ᠬᠦᠴᠦᠲᠡᠢ ᠬᠠᠮᠠᠭᠠᠯᠠᠬᠤ ᠂ ᠪᠦᠲᠦᠮᠵᠢᠲᠡᠶ ᠪᠠᠲᠤᠯᠠᠬᠤ ᠪᠠ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ ᠶᠢ ᠦᠨᠡᠨ ᠬᠦ | ᠪᠡᠶᠡᠯᠡᠭᠦᠯᠬᠦ ᠬᠡᠷᠡᠭᠲᠡᠢ ᠃ | ︵ᠭᠤᠷᠪᠠ︶ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ ᠰᠢᠯᠭᠠᠨ ᠬᠢᠨᠠᠬᠤ ᠳᠦᠷᠢᠮ ᠢ ᠲᠡᠭᠦᠯᠳᠡᠷᠵᠢᠭᠦᠯᠦᠨ᠎ᠡ ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢᠨ ᠰᠢᠯᠭᠠᠨ ᠬᠢᠨᠠᠬᠤ ᠳᠦᠷᠢᠮ ᠢᠶᠠᠨ ᠤᠯᠠᠮ ᠨᠢᠭᠡ | ᠠᠯᠬᠤᠮ ᠲᠡᠭᠦᠯᠳᠡᠷᠵᠢᠭᠦᠯᠵᠦ ᠂ ᠴᠤᠯ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠲᠠᠯᠠᠪᠠᠶ ᠶᠢᠨ ᠰᠢᠯᠭᠠᠨ ᠬᠢᠨᠠᠯᠲᠠ ᠪᠠᠶᠢᠭᠰᠠᠨ ᠠᠴᠠ ᠪᠠᠨ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠂ ᠴᠢᠨᠠᠷ ᠂ ᠠᠮᠢ ᠠᠬᠤᠢ ︽ᠭᠤᠷᠪᠠ ᠶᠢ ᠨᠢᠭᠡ | ᠴᠣᠭᠴᠠᠵᠢᠭᠤᠯᠤᠭᠰᠠᠨ︾ ᠰᠢᠯᠭᠠᠨ ᠬᠢᠨᠠᠯᠲᠠ ᠲᠡᠶᠢᠰᠢ ᠬᠤᠪᠢᠷᠠᠭᠤᠯᠬᠤ ᠬᠡᠷᠡᠭᠲᠡᠢ ᠃ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠪᠠᠲᠤᠯᠠᠭᠰᠠᠨ ᠰᠠᠭᠤᠷᠢᠨ ᠳᠡᠭᠡᠷ᠎ᠡ ᠂ ᠲᠠᠷᠢᠶᠠᠯᠠᠬᠤ ᠭᠠᠵᠠᠷ ᠤᠨ ᠴᠢᠨᠠᠷ ᠪᠠ ᠠᠮᠢ ᠠᠬᠤᠢ ᠶᠢᠨ ᠬᠦᠴᠦᠨ | ᠵᠦᠢᠯ ᠢ ᠰᠢᠯᠭᠠᠨ ᠬᠢᠨᠠᠬᠤ ᠳᠠᠬᠢ ᠡᠵᠡᠯᠡᠬᠦ ᠬᠤᠪᠢᠳᠠᠯ ᠢ ᠨᠡᠮᠡᠭᠳᠡᠭᠦᠯᠦᠨ᠎ᠡ ᠃ ᠲᠠᠷᠢᠶᠠᠯᠠᠬᠤ ᠭᠠᠵᠠᠷ ᠢ ᠬᠠᠮᠠᠭᠠᠯᠠᠬᠤ ᠡᠭᠦᠷᠭᠡ ᠬᠦᠨᠳᠦ ᠂ ᠬᠠᠮᠠᠭᠠᠯᠠᠬᠤ | ᠬᠠᠷᠢᠭᠤᠴᠠᠯᠭ᠎ᠠ ᠪᠠ ᠦᠷ᠎ᠡ ᠪᠦᠲᠦᠮᠵᠢ ᠪᠠᠷ ᠲᠣᠪᠣᠶᠢᠮ᠎ᠠ ᠠᠶᠢᠮᠠᠭ ᠬᠤᠲᠠ ᠶᠢ ᠰᠠᠶᠢᠰᠢᠶᠠᠨ᠎ᠠ ︔ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ | ᠦᠭᠡᠢ ᠂ ᠴᠢᠩᠭ᠎ᠠ ᠬᠢᠨᠠᠨ ᠬᠠᠮᠢᠶᠠᠷᠤᠭᠰᠠᠨ ᠦᠭᠡᠢ ᠂ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠪᠣᠯ ᠬᠠᠤᠯᠢ ᠲᠣᠭᠲᠠᠭᠠᠯ ᠶᠣᠰᠣᠭᠠᠷ | ᠬᠠᠷᠢᠭᠤᠴᠠᠯᠭ᠎ᠠ ᠨᠡᠬᠡᠮᠵᠢᠯᠡᠨ᠎ᠡ ᠃ | ︵ᠳᠥᠷᠪᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠲᠠᠯ᠎ᠠ ᠪᠠᠷ ᠬᠢ ᠢᠯᠡᠷᠡᠭᠦᠯᠵᠦ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠰᠢᠨ᠎ᠡ | ᠪᠠᠶᠢᠳᠠᠯ ᠂ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ ᠂ ᠪᠥᠬᠦ ᠶᠠᠪᠤᠴᠠ ᠳᠤ ᠨᠢ ᠬᠢᠨᠠᠨ ᠬᠠᠮᠢᠶᠠᠷᠬᠤ ᠂ ᠴᠠᠭ ᠲᠤᠬᠠᠢ ᠳᠤ ᠨᠢ ᠢᠯᠡᠷᠡᠭᠦᠯᠬᠦ ᠂ | ᠲᠦᠷᠭᠡᠨ ᠰᠢᠢᠳᠪᠦᠷᠢᠯᠡᠬᠦ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠰᠢᠨ᠎ᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠃ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠭᠠᠵᠠᠷ ᠰᠢᠷᠣᠢ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠬᠦ | ᠠᠵᠢᠯ ᠲᠠᠢ ᠤᠶᠠᠯᠳᠤᠭᠤᠯᠤᠨ ᠂ ᠪᠥᠬᠦ ᠣᠷᠣᠨ ᠤ ᠲᠠᠷᠢᠶᠠᠯᠠᠬᠤ ᠭᠠᠵᠠᠷ ᠲᠤ ᠰᠠᠷ᠎ᠠ ᠪᠦᠷᠢ ᠨᠢᠭᠡ ᠤᠳᠠᠭ᠎ᠠ ᠪᠦᠬᠦᠨ ᠢ ᠬᠠᠮᠤᠷᠤᠭᠤᠯᠤᠭᠰᠠᠨ ᠳᠠᠭᠠᠭᠤᠯᠢ ᠣᠳᠣᠨ ᠤ | ᠠᠯᠤᠰ ᠰᠡᠷᠡᠯ ᠤᠨ ᠵᠢᠷᠤᠭ ᠢᠶᠠᠷ ᠲᠣᠭᠤᠷᠢᠨ ᠪᠠᠶᠢᠴᠠᠭᠠᠬᠤ ᠶᠢᠨ ᠬᠠᠮᠲᠤ ᠂ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠪᠠᠷ ᠲᠣᠭᠤᠷᠢᠨ | ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠤᠨ ᠨᠠᠷᠢᠨ ᠬᠠᠭᠤᠳᠠᠰᠤ ᠶᠢ 5 ᠡᠳᠦᠷ ᠤᠨ ᠳᠣᠲᠣᠷ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠳᠤ ᠪᠠᠭᠤᠯᠭᠠᠬᠤ ᠬᠡᠷᠡᠭᠲᠡᠢ ︔ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠰᠠᠭᠤᠳᠠᠯ ᠤᠨ ᠨᠠᠷᠢᠨ | ᠬᠠᠭᠤᠳᠠᠰᠤ ᠶᠢ ᠬᠦᠯᠢᠶᠡᠨ ᠠᠪᠤᠭᠰᠠᠨ 5 ᠡᠳᠦᠷ ᠤᠨ ᠳᠣᠲᠣᠷ᠎ᠠ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ | ᠪᠠᠭᠤᠯᠭᠠᠨ᠎ᠠ ︔ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ | ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠯᠭᠠᠵᠤ᠂ ᠬᠠᠤᠯᠢ ᠠᠴᠠ | ᠵᠥᠷᠢᠴᠡᠭᠰᠡᠨ ᠢ ᠨᠢ ᠨᠤᠲᠠᠯᠠᠭᠰᠠᠨ ᠪᠣᠯ᠂ ᠬᠤᠰᠢᠭᠤ ᠰᠢᠶᠠᠨ ︵ᠬᠤᠲᠠ ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ | ᠴᠠᠭ ᠲᠤᠬᠠᠢ ᠳᠤ ᠨᠢ ᠰᠢᠢᠳᠪᠦᠷᠢᠯᠡᠬᠦ ᠶᠢᠨ ᠬᠠᠮᠲᠤ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ | ᠨᠢ ᠲᠣᠭᠲᠠᠭᠠᠭᠰᠠᠨ ᠴᠠᠭ ᠬᠢᠵᠠᠭᠠᠷ ᠤᠨ ᠶᠣᠰᠣᠭᠠᠷ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠨᠢ ᠠᠰᠠᠭᠤᠳᠠᠯ ᠤᠨ ᠨᠠᠷᠢᠨ ᠬᠠᠭᠤᠳᠠᠰᠤ ᠶᠢ ᠪᠠᠭᠤᠯᠭᠠᠭᠰᠠᠨ ᠠᠬᠢᠴᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠪᠣᠯᠣᠨ ᠰᠤᠮᠤ ᠰᠢᠶᠠᠩ | ᠪᠠᠯᠭᠠᠰᠤ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠰᠢᠮᠳᠠᠭᠤᠯᠤᠨ ᠪᠠᠶᠢᠴᠠᠭᠠᠵᠤ ᠂ | ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠦᠭᠡᠢ ᠪᠠᠶᠢᠬᠤ ᠶᠢ ᠣᠯᠵᠤ ᠮᠡᠳᠡᠪᠡᠯ ᠲᠣᠰ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠪᠠᠨ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ ᠂ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠬᠠᠭᠤᠯᠤᠨ ᠮᠡᠳᠡᠭᠦᠯᠬᠦ ᠬᠡᠷᠡᠭᠲᠡᠢ ᠃ | ︵ᠲᠠᠪᠤ︶ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠶᠢ | ᠴᠢᠩᠭᠠᠷᠠᠭᠤᠯᠤᠨ᠎ᠠ ᠃ ᠬᠤᠰᠢᠭᠤ ᠰᠢᠶᠠᠨ ︵ᠬᠤᠲᠠ ᠂ ᠲᠣᠭᠤᠷᠢᠭ︶ ᠂ ᠰᠤᠮᠤ ᠰᠢᠶᠠᠩ ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ | ᠬᠠᠷᠢᠭᠤᠴᠠᠬᠤ ᠪᠠᠶᠢᠭᠤᠯᠤᠮᠵᠢ ᠪᠣᠯ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠣᠯ ᠴᠣᠭᠴᠠ ᠪᠣᠯᠣᠨ᠎ᠠ ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠬᠡᠷᠡᠭᠵᠢᠭᠦᠯᠬᠦ ᠬᠦᠴᠦᠨ ᠢᠶᠠᠨ ᠦᠨᠡᠨ ᠬᠦ ᠴᠢᠩᠭᠠᠷᠠᠭᠤᠯᠵᠤ ᠂ ᠢᠯᠠᠩᠭᠤᠶ᠎ᠠ ᠰᠤᠮᠤ ᠰᠢᠶᠠᠩ ᠪᠠᠯᠭᠠᠰᠤ ᠶᠢᠨ | ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ ᠂ ᠬᠢᠨᠠᠨ ᠰᠡᠷᠭᠡᠶᠢᠯᠡᠬᠦ ᠠᠵᠢᠯ ᠢ ᠤᠷᠢᠳ ᠢᠶᠠᠷ ᠬᠢᠬᠦ ᠂ ᠭᠤᠣᠯᠳᠠᠯᠭ᠎ᠠ ᠪᠠᠨ ᠦᠨᠳᠦᠰᠦᠨ | ᠱᠠᠲᠤᠨ ᠳᠤ ᠰᠢᠯᠵᠢᠭᠦᠯᠬᠦ ᠶᠢ ᠠᠬᠢᠭᠤᠯᠵᠤ ᠂ ᠲᠠᠷᠢᠶᠠᠯᠠᠬᠤ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠠᠭ ᠲᠤᠬᠠᠢ ᠳᠤ ᠨᠢ | ᠢᠯᠡᠷᠡᠭᠦᠯᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ ᠪᠠᠶᠢᠭᠤᠯᠤᠮᠵᠢ | ᠨᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠂ ᠴᠢᠬᠤᠯᠠ ᠶᠡᠭᠡ | ᠨᠡᠶᠢᠲᠡᠯᠢᠭ ᠬᠡᠷᠡᠭ ᠢ ᠢᠯᠡ ᠪᠠᠷ ᠨᠡᠪᠲᠡᠷᠡᠭᠦᠯᠦᠨ ᠮᠡᠳᠡᠭᠡᠯᠡᠬᠦ ᠪᠠ ᠨᠡᠷᠡᠯᠡᠨ ᠵᠢᠭᠠᠵᠤ ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠨᠢ ᠵᠢᠯ ᠪᠦᠷᠢ ᠬᠠᠤᠯᠢ ᠠᠴᠠ ᠵᠥᠷᠢᠴᠡᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠲᠠᠯᠠᠪᠠᠶ ᠶᠢᠨ ᠬᠠᠷᠢᠴᠠᠯ ᠢᠶᠠᠷ ᠥᠨᠳᠥᠷ ᠂ | ᠲᠠᠷᠢᠶᠠᠯᠠᠬᠤ ᠪᠠᠨ ᠪᠣᠯᠢᠵᠤ ᠠᠲᠠᠷᠰᠢᠭᠤᠯᠤᠭᠰᠠᠨ ᠢᠶᠠᠷ ᠬᠦᠨᠳᠦ ᠨᠣᠴᠢᠲᠠᠢ ᠡᠳᠦᠢ ᠲᠡᠳᠦᠢ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠢ | ᠰᠣᠩᠭᠤᠵᠤ ᠰᠢᠮᠳᠠᠭᠤᠯᠤᠨ ᠪᠠᠶᠢᠴᠠᠭᠠᠭᠰᠠᠨ ᠰᠠᠨᠠᠯ ᠤᠨ ᠪᠢᠴᠢᠭ ᠪᠠᠭᠤᠯᠭᠠᠵᠤ ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ ᠂ ᠦᠶᠯᠡ | ᠪᠠᠶᠢᠳᠠᠯ ᠨᠢ ᠬᠦᠨᠳᠦ ᠨᠣᠴᠢᠲᠠᠢ ᠪᠣᠯ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠳᠤ | ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠪᠦᠷᠢᠯᠡᠯᠲᠡ ᠥᠭᠬᠦ ᠪᠠᠷ ᠳᠤᠷᠠᠳᠤᠨ ᠳᠡᠪᠰᠢᠭᠦᠯᠦᠨ᠎ᠡ ᠃ ᠬᠤᠰᠢᠭᠤ ᠰᠢᠶᠠᠨ ︵ᠬᠤᠲᠠ ᠂ ᠲᠣᠭᠤᠷᠢᠭ︶ | ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠰᠦᠢᠳᠬᠡᠵᠦ ᠬᠠᠤᠯᠢ ᠠᠴᠠ | ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠯᠵᠢᠭᠦᠯᠦᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ ᠂ ᠬᠦᠴᠦᠲᠡᠢ ᠳᠠᠷᠤᠯᠲᠠ ᠦᠵᠡᠭᠦᠯᠦᠨ | ᠰᠦᠷᠳᠡᠭᠦᠯᠬᠦ ᠪᠠᠶᠢᠳᠠᠯ ᠢ ᠪᠣᠶ ᠪᠣᠯᠭᠠᠬᠤ ᠬᠡᠷᠡᠭᠲᠡᠢ ᠃ | ᠬᠤᠶᠠᠷ ᠂ ᠲᠠᠷᠢᠶᠠᠯᠠᠬᠤ ᠭᠠᠵᠠᠷ ᠤᠨ ᠲᠥᠯᠦᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠪᠠᠨ ᠪᠦᠬᠦ ᠲᠠᠯ᠎ᠠ ᠪᠠᠷ ᠴᠢᠩᠭᠠᠳᠬᠠᠨ᠎ᠠ | ︵ᠵᠢᠷᠭᠤᠭ᠎ᠠ︶ ᠲᠠᠷᠢᠶᠠᠯᠠᠬᠤ ᠭᠠᠵᠠᠷ ᠤᠨ ᠲᠥᠯᠦᠪᠵᠢᠭᠦᠯᠭᠡ ᠶᠢ ᠬᠠᠮᠢᠶᠠᠷᠤᠨ ᠡᠵᠡᠮᠳᠡᠬᠦ ᠪᠠᠨ ᠪᠥᠬᠦ ᠲᠠᠯ᠎ᠠ ᠪᠠᠷ ᠴᠢᠩᠭᠠᠳᠬᠠᠨ᠎ᠠ ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠂ ᠬᠤᠲᠠ ᠪᠠᠯᠭᠠᠰᠤ ᠂ ᠲᠠᠷᠢᠶᠠᠯᠠᠩ ᠂ ᠠᠮᠢ ᠠᠬᠤᠢ | ᠭᠤᠷᠪᠠᠨ ᠲᠦᠷᠦᠯ ᠤᠨ ᠣᠷᠣᠨ ᠵᠠᠢ ᠶᠢ ᠵᠦᠢ ᠵᠣᠬᠢᠰᠲᠠᠢ ᠬᠤᠪᠢᠶᠠᠷᠢᠯᠠᠨ ᠲᠣᠭᠲᠠᠭᠠᠵᠤ ᠂ ᠭᠠᠵᠠᠷ ᠰᠢᠷᠣᠢ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠬᠠᠮᠤᠭ ᠤᠨ | ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠎ᠠ ᠃ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ | ᠲᠣᠬᠢᠷᠠᠭᠤᠯᠤᠯᠲᠠ ᠶᠢ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠴᠢᠳᠠᠪᠤᠷᠢ ᠯᠤᠭ᠎ᠠ | ᠬᠤᠯᠪᠣᠭᠳᠠᠭᠤᠯᠬᠤ ᠪᠣᠳᠣᠯᠭ᠎ᠠ ᠶᠢ ᠬᠡᠷᠡᠭᠵᠢᠭᠦᠯᠵᠦ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠦᠯᠡᠳᠡᠭᠡᠯ ᠬᠡᠪᠴᠢᠶ᠎ᠡ ᠨᠢ ᠨᠡᠯᠢᠶᠡᠳ ᠶᠡᠭᠡ ᠂ | ᠠᠰᠢᠭᠯᠠᠯᠲᠠ ᠪᠦᠳᠦᠭᠦᠯᠢᠭ ᠂ ᠲᠠᠷᠢᠶᠠᠯᠠᠬᠤ ᠭᠠᠵᠠᠷ ᠤᠨ ᠨᠥᠭᠡᠴᠡ ᠡᠬᠢ ᠪᠠᠶᠠᠯᠢᠭ ᠬᠦᠷᠦᠯᠴᠡᠬᠦ ᠦᠭᠡᠢ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠬᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢ ᠵᠦᠢ ᠵᠣᠬᠢᠰᠲᠠᠢ ᠲᠣᠬᠢᠷᠠᠭᠤᠯᠤᠨ ᠬᠠᠰᠤᠵᠤ ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠬᠤ ᠭᠠᠵᠠᠷ ᠢ ᠠᠯᠢ ᠴᠢᠳᠠᠬᠤ ᠪᠠᠷ ᠡᠵᠡᠯᠡᠭᠦᠯᠬᠦ ᠦᠭᠡᠢ ᠪᠤᠶᠤ ᠳᠤᠲᠠᠭᠤ ᠡᠵᠡᠯᠡᠭᠦᠯᠦᠨ᠎ᠡ ᠃ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠲᠠᠯ᠎ᠠ ᠶᠢᠨ ᠨᠤᠲᠠᠯᠠᠯᠲᠠ ᠶᠢ ᠴᠢᠩᠭᠠᠳᠬᠠᠵᠤ ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠡᠵᠡᠯᠡᠨ ᠬᠡᠷᠡᠭᠯᠡᠬᠦ ᠲᠠᠷᠢᠶᠠᠯᠠᠬᠤ ᠭᠠᠵᠠᠷ ᠤᠨ ᠬᠡᠪᠴᠢᠶ᠎ᠡ ᠶᠢ ᠴᠢᠩᠭ᠎ᠠ ᠬᠠᠷᠭᠤᠭᠤᠯᠤᠨ ᠲᠣᠭᠲᠠᠭᠠᠵᠤ ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠠᠴᠠ ᠵᠥᠷᠢᠴᠡᠨ ᠳᠤᠷ᠎ᠠ ᠪᠠᠷ ᠢᠶᠠᠨ ᠭᠠᠵᠠᠷ | ᠰᠣᠩᠭᠤᠵᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ | ᠬᠤᠪᠢᠶᠠᠷᠢᠯᠠᠨ ᠲᠣᠭᠲᠠᠭᠠᠬᠤ ᠠᠵᠢᠯ ᠢ ᠱᠠᠭᠠᠷᠳᠠᠯᠭ᠎ᠠ ᠶᠣᠰᠣᠭᠠᠷ ᠥᠷᠨᠢᠭᠦᠯᠵᠦ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ | ᠲᠣᠭᠲᠠᠭᠠᠬᠤ ᠶᠢᠨ ᠣᠨᠣᠪᠴᠢᠲᠤ ᠴᠢᠨᠠᠷ ᠂ ᠰᠢᠨᠵᠢᠯᠡᠬᠦ ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠦᠨ ᠂ ᠲᠠᠷᠢᠶᠠᠯᠠᠬᠤ ᠭᠠᠵᠠᠷ ᠢᠯᠠᠩᠭᠤᠶ᠎ᠠ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ ᠃ | ︵ᠳᠣᠯᠤᠭ᠎ᠠ︶ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠᠨ ᠪᠥᠬᠦ ᠲᠠᠯ᠎ᠠ ᠪᠠᠷ ᠴᠢᠩᠭᠠᠳᠬᠠᠨ᠎ᠠ ᠃ ᠲᠠᠷᠢᠶᠠᠯᠠᠬᠤ ᠭᠠᠵᠠᠷ ᠢ ︽ | ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠬᠤ ᠲᠤᠬᠠᠢ ᠲᠥᠪ ᠤᠨ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ︽ ᠵᠢᠷᠭᠤᠭᠠᠨ ᠴᠢᠩᠭ᠎ᠠ ᠴᠠᠭᠠᠵᠠᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠬᠦ ᠬᠡᠷᠡᠭᠲᠡᠢ ᠃ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠪᠤᠰᠤᠳ | ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠵᠠᠬᠢᠷᠤᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠂ ᠲᠠᠷᠢᠶᠠᠯᠠᠬᠤ ᠭᠠᠵᠠᠷ ᠢ | ︽ ᠲᠠᠷᠢᠶᠠᠯᠠᠩ ᠤᠨ ᠪᠤᠰᠤ ᠪᠣᠯᠭᠠᠬᠤ ︾ ᠶᠢ ᠬᠤᠷᠢᠭᠯᠠᠨ ᠵᠣᠭᠰᠣᠭᠠᠵᠤ ᠂ ᠲᠠᠷᠢᠶᠠᠯᠠᠬᠤ ᠭᠠᠵᠠᠷ ᠢ ︽ ᠠᠮᠤ ᠪᠤᠳᠠᠭᠠᠨ ᠤ ᠪᠤᠰᠤ ᠪᠣᠯᠭᠠᠬᠤ ︾ ᠶᠢ ᠰᠡᠷᠭᠡᠶᠢᠯᠡᠨ | ᠬᠤᠷᠢᠭᠯᠠᠨ᠎ᠠ ᠃ ᠲᠠᠷᠢᠶᠠᠯᠠᠬᠤ ᠭᠠᠵᠠᠷ ᠢ ᠠᠰᠢᠭᠯᠠᠬᠤ ᠲᠡᠷᠢᠭᠦᠨ ᠤ ᠲᠡᠰ ᠳᠠᠷᠠᠭᠠᠯᠠᠯ ᠢ ᠲᠣᠳᠣᠷᠬᠠᠶᠢᠯᠠᠵᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ | ᠪᠤᠳᠠᠭ᠎ᠠ ᠢᠯᠠᠩᠭᠤᠶ᠎ᠠ ᠬᠦᠨᠡᠰᠦᠨ ᠠᠮᠤ ᠶᠢᠨ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠵᠦ ᠂ ᠡᠩ ᠤᠨ ᠲᠠᠷᠢᠶᠠᠯᠠᠬᠤ ᠭᠠᠵᠠᠷ ᠢ ᠭᠤᠣᠯᠳᠠᠭᠤ ᠠᠮᠤ ᠪᠤᠳᠠᠭ᠎ᠠ ᠪᠠ | ᠬᠥᠪᠥᠩ ᠂ ᠲᠣᠰᠣ ᠂ ᠰᠢᠬᠢᠷ ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠳᠤ | ᠬᠡᠷᠡᠭᠯᠡᠨ᠎ᠡ ᠃ ᠡᠩ ᠤᠨ ᠲᠠᠷᠢᠶᠠᠯᠠᠬᠤ ᠭᠠᠵᠠᠷ ᠢ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠠᠮᠢᠶᠠᠷᠤᠨ ᠡᠵᠡᠮᠳᠡᠨ᠎ᠡ ᠃ | ᠲᠠᠷᠢᠶᠠᠯᠠᠬᠤ ᠭᠠᠵᠠᠷ ᠢ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠪᠣᠯᠭᠠᠨ ᠬᠤᠪᠢᠷᠠᠭᠤᠯᠬᠤ ᠵᠢᠴᠢ ᠲᠠᠷᠢᠶᠠᠯᠠᠩ ᠤᠨ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠬᠤ ᠳᠤ ᠣᠨ ᠤ ︽ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ︾ ᠶᠢ ᠬᠡᠷᠡᠭᠵᠢᠭᠦᠯᠦᠨ᠎ᠡ ᠃ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠤᠨ ᠣᠨ ᠤ ︽ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ︾ | ᠶᠡᠷᠦᠩᠬᠡᠢ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠂ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ | ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ ᠃ ︽ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ︾ ᠶᠢ ᠡᠩ ᠲᠡᠷᠢᠭᠦᠨ ᠳᠤ ᠬᠤᠰᠢᠭᠤ ᠰᠢᠶᠠᠨ ᠤ | ᠬᠡᠪᠴᠢᠶᠡᠨ ᠳᠤ ᠨᠠᠶᠢᠳᠠᠪᠤᠷᠢᠵᠢᠭᠤᠯᠵᠤ ᠂ ᠬᠤᠰᠢᠭᠤ ᠰᠢᠶᠠᠨ ᠤ ᠬᠡᠪᠴᠢᠶᠡᠨ ᠳᠤ ᠨᠠᠶᠢᠳᠠᠪᠤᠷᠢᠵᠢᠭᠤᠯᠬᠤ ᠶᠢᠨ ᠠᠷᠭ᠎ᠠ ᠦᠭᠡᠢ ᠶᠢ ᠨᠢ ᠠᠶᠢᠮᠠᠭ ᠬᠤᠲᠠ ᠶᠢᠨ | ᠬᠡᠪᠴᠢᠶᠡᠨ ᠳᠤ ᠨᠠᠶᠢᠳᠠᠪᠤᠷᠢᠵᠢᠭᠤᠯᠬᠤ ᠬᠡᠷᠡᠭᠲᠡᠢ︔ ᠠᠶᠢᠮᠠᠭ ᠬᠤᠲᠠ ᠶᠢᠨ ᠬᠡᠪᠴᠢᠶᠡᠨ ᠳᠤ ᠮᠥᠨ ᠴᠦ ᠨᠠᠶᠢᠳᠠᠪᠤᠷᠢᠵᠢᠭᠤᠯᠬᠤ ᠶᠢᠨ ᠠᠷᠭ᠎ᠠ ᠦᠭᠡᠢ ᠪᠣᠯ ᠂ | ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠤᠨ᠎ᠠ ᠃ | ︵ᠨᠠᠢᠮᠠ︶ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ ᠴᠢᠩᠭᠠᠷᠠᠭᠤᠯᠤᠨ᠎ᠠ ᠃ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠵᠦ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠪᠠ | ᠬᠠᠮᠠᠭᠠᠯᠠᠬᠤ ᠶᠢ ᠴᠢᠩᠳᠠᠯᠠᠨ᠎ᠠ ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠤ ᠲᠠᠷᠠᠭ᠎ᠠ ᠂ ᠶᠠᠮᠠᠷᠪᠠ ᠨᠢᠭᠡᠴᠢ | ᠪᠠ ᠬᠤᠪᠢ ᠬᠥᠮᠥᠨ ᠭᠡᠳ ᠳᠤᠷ᠎ᠠ ᠪᠠᠷ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠦᠭᠡᠢ ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ︾ ᠪᠣᠯᠣᠨ ︽ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ ᠂ ᠶᠠᠮᠠᠷᠪᠠ | ᠨᠢᠭᠡᠴᠢ ᠪᠠ ᠬᠤᠪᠢ ᠬᠥᠮᠥᠨ ᠭᠡᠳ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠭᠤᠷᠬᠠᠢ ᠪᠠᠷᠢᠬᠤ ᠂ ᠭᠡᠷ ᠪᠠᠷᠢᠬᠤ ᠂ ᠪᠤᠯᠠᠰᠢ ᠶᠢᠨ | ᠭᠠᠵᠠᠷ ᠪᠣᠯᠭᠠᠬᠤ ᠂ ᠬᠠᠶᠢᠷ ᠮᠠᠯᠲᠠᠬᠤ ᠂ ᠴᠢᠯᠠᠭᠤ ᠭᠠᠷᠭᠠᠬᠤ ᠂ ᠠᠭᠤᠷᠬᠠᠢ ᠮᠠᠯᠲᠠᠬᠤ ᠂ ᠰᠢᠷᠣᠢ ᠠᠪᠬᠤ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠪᠣᠭᠠᠯᠠᠬᠤ | ᠪᠤᠶᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠦᠢᠳᠬᠡᠬᠦ ᠪᠤᠰᠤᠳ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ ᠃ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠣᠶᠢᠲᠤ ᠭᠠᠵᠠᠷ ᠂ ᠡᠪᠡᠰᠦᠲᠦ ᠭᠠᠵᠠᠷ ᠂ ᠬᠠᠰᠢᠶ᠎ᠠ ᠵᠡᠷᠭᠡ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠵᠢᠴᠢ | ᠲᠠᠷᠢᠶᠠᠯᠠᠩ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠵᠤ ᠪᠣᠯᠬᠤ ᠦᠭᠡᠢ ᠃ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠣᠶ ᠵᠢᠮᠢᠰ ᠤᠨ ᠦᠢᠯᠡᠰ ᠢ ᠬᠥᠭᠵᠢᠭᠦᠯᠬᠦ ᠪᠠ ᠨᠠᠭᠤᠷ ᠮᠠᠯᠲᠠᠵᠤ ᠵᠢᠭᠠᠰᠤ ᠲᠡᠵᠢᠭᠡᠬᠦ ᠶᠢ ᠴᠢᠩᠭ᠎ᠠ ᠴᠠᠭᠠᠵᠠᠯᠠᠵᠤ ᠂ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠴᠢᠬᠢ ᠮᠣᠳᠣ ᠂ ᠬᠥᠷᠥᠰᠥ ᠤᠷᠭᠤᠮᠠᠯ ᠵᠡᠷᠭᠡ ᠨᠣᠭᠤᠭᠠᠷᠠᠭᠤᠯᠵᠤ ᠴᠢᠮᠡᠭᠯᠡᠬᠦ ᠳᠤ ᠬᠡᠷᠡᠭᠯᠡᠬᠦ | ᠵᠢᠴᠢ ᠲᠠᠷᠢᠶᠠᠯᠠᠬᠤ ᠳᠠᠪᠬᠤᠷᠭ᠎ᠠ ᠶᠢ ᠡᠪᠳᠡᠬᠦ ᠪᠤᠰᠤᠳ ᠤᠷᠭᠤᠮᠠᠯ ᠲᠠᠷᠢᠵᠤ ᠵᠠᠶᠢᠯᠠᠬᠤ ᠶᠢ ᠴᠢᠩᠭ᠎ᠠ ᠴᠠᠭᠠᠵᠠᠯᠠᠵᠤ ᠂ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠢ ᠡᠵᠡᠯᠡᠨ ᠬᠡᠷᠡᠭᠯᠡᠵᠦ ᠨᠠᠭᠤᠷ ᠮᠠᠯᠲᠠᠵᠤ ᠦᠵᠡᠮᠵᠢ ᠭᠠᠷᠭᠠᠬᠤ ᠂ ᠨᠣᠭᠤᠭᠠᠷᠠᠭᠤᠯᠤᠯᠲᠠ ᠶᠢᠨ ᠪᠦᠰᠡ ᠪᠠᠶᠢᠭᠤᠯᠬᠤ ᠶᠢ ᠴᠢᠩᠭ᠎ᠠ ᠴᠠᠭᠠᠵᠠᠯᠠᠵᠤ ᠂ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠡᠯᠡᠳᠬᠡᠮᠵᠢ ᠂ ᠤᠰᠤᠨ ᠭᠠᠷᠤᠯᠲᠠ ᠲᠡᠵᠢᠭᠡᠨ | ᠦᠷᠡᠵᠢᠭᠦᠯᠬᠦ ᠪᠡᠯᠡᠳᠬᠡᠮᠵᠢ ᠪᠠᠶᠢᠭᠤᠯᠬᠤ ᠪᠠ ᠲᠠᠷᠢᠶᠠᠯᠠᠬᠤ ᠳᠠᠪᠬᠤᠷᠭ᠎ᠠ ᠶᠢ ᠡᠪᠳᠡᠬᠦ ᠲᠠᠷᠢᠮᠠᠯ ᠤᠨ ᠦᠢᠯᠡᠰ ᠤᠨ ᠪᠡᠯᠡᠳᠬᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ | ᠴᠢᠩᠭ᠎ᠠ ᠴᠠᠭᠠᠵᠠᠯᠠᠨ᠎ᠠ ᠃ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠡᠯ᠎ᠡ ᠲᠦᠷᠦᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠳᠠᠬᠢ ᠬᠢᠵᠠᠭᠠᠷᠯᠠᠯ ᠢ ᠴᠢᠩᠭᠠᠳᠬᠠᠨ᠎ᠠ ᠃ | ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠰᠠᠭᠤᠷᠢ ᠪᠡᠯᠡᠳᠬᠡᠮᠵᠢ ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠢ ᠪᠠᠶᠢᠷᠢᠰᠢᠭᠤᠯᠬᠤ ᠳᠤ ᠪᠠᠨ ᠡᠷᠬᠡᠪᠰᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠪᠠᠶᠢᠷᠢᠰᠢᠭᠤᠯᠤᠯᠲᠠ ᠯᠤᠭ᠎ᠠ ᠭᠦᠢᠴᠡᠳ ᠵᠣᠯᠭᠠᠭᠤᠯᠵᠤ ᠂ ᠵᠠᠷᠴᠢᠮ ᠳᠡᠭᠡᠷ᠎ᠡ ᠪᠠᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠢᠵᠠᠭᠠᠷ ᠢ ᠳᠠᠪᠠᠵᠤ ᠪᠣᠯᠬᠤ | ᠦᠭᠡᠢ ᠃ ᠡᠨᠧᠷᠭᠢ ᠂ ᠵᠠᠮ ᠬᠠᠷᠢᠯᠴᠠᠭ᠎ᠠ ᠂ ᠤᠰᠤᠨ ᠠᠰᠢᠭᠯᠠᠯᠲᠠ ᠂ ᠴᠡᠷᠢᠭ ᠤᠨ ᠶᠠᠪᠤᠳᠠᠯ ᠤᠨ ᠪᠡᠯᠡᠳᠬᠡᠮᠵᠢ ᠵᠡᠷᠭᠡ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠰᠣᠩᠭᠤᠬᠤ ᠭᠠᠵᠠᠷ ᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠯᠠᠭᠤᠯᠬᠤ ᠳᠤ ᠦᠨᠡᠬᠡᠷ ᠬᠦᠴᠢᠷᠲᠡᠢ | ᠪᠠᠶᠢᠪᠠᠯ ᠂ ᠡᠷᠬᠡᠪᠰᠢ ᠪᠣᠯᠣᠮᠵᠢᠲᠤ ᠴᠢᠨᠠᠷ ᠤᠨ ᠰᠤᠳᠤᠯᠤᠯ ᠤᠨ ᠱᠠᠲᠤᠨ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢᠨ ᠴᠢᠬᠤᠯᠠ | ᠴᠢᠨᠠᠷ ᠂ ᠵᠦᠢ ᠶᠣᠰᠣᠴᠢ ᠴᠢᠨᠠᠷ ᠪᠠ ᠨᠥᠬᠦᠪᠦᠷᠢᠯᠡᠨ ᠬᠤᠪᠢᠶᠠᠷᠢᠯᠠᠬᠤ ᠲᠥᠰᠥᠯ ᠤᠨ ᠪᠣᠯᠣᠮᠵᠢᠲᠤ ᠴᠢᠨᠠᠷ ᠲᠤ ᠴᠢᠩᠭ᠎ᠠ ᠨᠤᠲᠠᠯᠠᠯᠲᠠ ᠬᠢᠵᠦ ᠂ ᠬᠠᠤᠯᠢ ᠶᠣᠰᠣᠭᠠᠷ | ᠵᠥᠪᠰᠢᠶᠡᠷᠡᠭᠦᠯᠬᠦ ᠶᠢᠨ ᠬᠠᠮᠲᠤ ᠬᠡᠷᠡᠭᠯᠡᠭᠰᠡᠨ ᠭᠠᠵᠠᠷ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠂ ᠤᠷᠳᠤ | ᠬᠤᠭᠤᠴᠠᠭ᠎ᠠ ᠪᠠᠷ ᠲᠣᠭᠲᠠᠪᠤᠷᠢᠲᠠᠢ ᠠᠰᠢᠭᠯᠠᠵᠤ ᠪᠣᠯᠬᠤ ᠲᠠᠷᠢᠶᠠᠯᠠᠬᠤ ᠭᠠᠵᠠᠷ ᠲᠤ ᠨᠥᠬᠦᠪᠦᠷᠢᠯᠡᠨ ᠬᠤᠪᠢᠶᠠᠷᠢᠯᠠᠬᠤ ᠬᠡᠷᠡᠭᠲᠡᠢ ᠃ ᠬᠤᠰᠢᠭᠤ ᠰᠢᠶᠠᠨ ︵ᠬᠤᠲᠠ ᠂ | ᠲᠣᠭᠤᠷᠢᠭ︶ ᠂ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠳᠤᠷ᠎ᠠ ᠪᠠᠷ ᠲᠣᠬᠢᠷᠠᠭᠤᠯᠬᠤ ᠪᠠᠷ | ᠳᠠᠮᠵᠢᠭᠤᠯᠤᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠᠨ ᠬᠢᠨᠠᠨ ᠵᠥᠪᠰᠢᠶᠡᠷᠡᠭᠦᠯᠬᠦ ᠠᠴᠠ ᠵᠠᠶᠢᠯᠠᠬᠤ ᠶᠢ ᠴᠢᠩᠭ᠎ᠠ ᠴᠠᠭᠠᠵᠠᠯᠠᠨ᠎ᠠ ᠃ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠪᠠᠶᠢᠯᠭᠠᠬᠤ ᠂ ᠠᠲᠠᠷᠰᠢᠭᠤᠯᠬᠤ ᠶᠢ ᠴᠠᠭᠠᠵᠠᠯᠠᠨ᠎ᠠ ᠃ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠯᠠᠭᠤᠯᠬᠤ ᠬᠡᠷᠡᠭᠲᠡᠢ ᠃ | ︵ᠶᠢᠰᠦ︶ ᠲᠠᠷᠢᠶᠠᠴᠢᠳ ᠮᠠᠯᠴᠢᠳ ᠤᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠵᠦ ᠭᠡᠷ ᠪᠠᠷᠢᠬᠤ ᠳᠠᠬᠢ ᠬᠠᠮᠢᠶᠠᠷᠤᠯᠲᠠ ᠶᠢ ᠴᠢᠩᠳᠠᠯᠠᠨ᠎ᠠ ᠃ ᠠᠶᠢᠯ | ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠢ ᠡᠮᠬᠢ ᠵᠢᠷᠤᠮ ᠲᠠᠢ ᠠᠬᠢᠭᠤᠯᠵᠤ ᠂ ᠲᠠᠷᠢᠶᠠᠯᠠᠬᠤ ᠮᠠᠯᠵᠢᠬᠤ ᠣᠷᠣᠨ ᠤ | ᠰᠠᠭᠤᠭᠠᠯᠢ ᠠᠷᠠᠳ ᠤᠨ ᠴᠡᠭ ᠲᠤ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠪᠣᠯᠣᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ | ᠲᠣᠭᠲᠠᠭᠠᠬᠤ ᠬᠡᠷᠡᠭᠲᠡᠢ ᠃ ᠲᠠᠷᠢᠶᠠᠴᠢᠳ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠥᠪᠯᠡᠷᠡᠭᠦᠯᠦᠨ ᠭᠡᠷ ᠪᠠᠷᠢᠬᠤ ᠪᠤᠶᠤ ᠪᠠᠭᠤᠷᠢ ᠳᠡᠭᠡᠷ᠎ᠡ ᠨᠢ ᠳᠠᠬᠢᠨ | ᠪᠠᠷᠢᠭᠤᠯᠵᠤ ᠂ ᠠᠶᠢᠯ ᠲᠣᠰᠬᠤᠨ ᠤ ᠳᠣᠲᠣᠭᠠᠳᠤ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠪᠠ ᠠᠰᠢᠭᠯᠠᠭᠠᠳᠤᠢ ᠭᠠᠵᠠᠷ ᠢ ᠭᠦᠢᠴᠡᠳ | ᠠᠰᠢᠭᠯᠠᠨ ᠂ ᠲᠠᠷᠢᠶᠠᠯᠠᠬᠤ ᠭᠠᠵᠠᠷ ᠢ ᠠᠯᠢ ᠴᠢᠳᠠᠬᠤ ᠪᠠᠷ ᠡᠵᠡᠯᠡᠭᠦᠯᠬᠦ ᠦᠭᠡᠢ ᠪᠤᠶᠤ ᠪᠠᠭ᠎ᠠ ᠡᠵᠡᠯᠡᠭᠦᠯᠦᠨ᠎ᠡ ᠃ ᠲᠠᠷᠢᠶᠠᠴᠢᠳ ᠮᠠᠯᠴᠢᠳ ᠭᠡᠷ ᠪᠠᠷᠢᠬᠤ ᠳᠤ ᠪᠠᠨ | ᠵᠥᠪᠰᠢᠶᠡᠷᠡᠯ ᠢᠶᠠᠷ ᠳᠠᠮᠵᠢᠭᠠᠳ ᠲᠠᠷᠢᠶᠠᠯᠠᠬᠤ ᠭᠠᠵᠠᠷ ᠢ ᠦᠨᠡᠨ ᠬᠦ ᠡᠵᠡᠯᠡᠨ ᠬᠡᠷᠡᠭᠯᠡᠬᠦ ᠴᠢᠬᠤᠯᠠ ᠲᠠᠢ ᠪᠣᠯ ᠬᠤᠰᠢᠭᠤ ᠰᠢᠶᠠᠨ ︵ᠬᠤᠲᠠ ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠠᠴᠠ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ ᠬᠠᠤᠯᠢ ᠶᠣᠰᠣᠭᠠᠷ | ᠭᠦᠢᠴᠡᠳᠬᠡᠬᠦ ᠬᠡᠷᠡᠭᠲᠡᠢ ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠭᠡᠷ ᠪᠠᠷᠢᠬᠤ ᠶᠢ ᠴᠢᠩᠭ᠎ᠠ ᠴᠠᠭᠠᠵᠠᠯᠠᠵᠤ ᠂ ︽ᠨᠢᠭᠡ ᠡᠷᠦᠬᠡ ᠳᠤ | ᠨᠢᠭᠡ ᠣᠷᠣᠨ ᠰᠠᠭᠤᠴᠠ ᠶᠢᠨ ᠰᠠᠭᠤᠷᠢ ᠭᠠᠵᠠᠷ ᠲᠠᠢ ᠪᠠᠶᠢᠬᠤ︾ ᠳᠦᠷᠢᠮ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠣᠷᠣᠨ | ᠰᠠᠭᠤᠴᠠ ᠶᠢᠨ ᠰᠠᠭᠤᠷᠢ ᠭᠠᠵᠠᠷ ᠤᠨ ᠲᠠᠯᠠᠪᠠᠶ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠤ ᠲᠠᠷᠢᠶᠠᠴᠢᠳ ᠮᠠᠯᠴᠢᠳ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠂ | ᠲᠠᠷᠢᠶᠠᠴᠢᠳ ᠮᠠᠯᠴᠢᠳ ᠤᠨ ᠭᠡᠷ ᠪᠠᠷᠢᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠢᠯᠠᠩᠭᠤᠶ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠢᠨᠠᠨ ᠬᠠᠮᠢᠶᠠᠷᠤᠯᠲᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠳᠡᠭᠡᠳᠦ ᠳᠣᠣᠷᠠᠳᠤ ᠱᠠᠲᠤ ᠶᠢᠨ ᠬᠢᠨ ᠬᠤᠯᠪᠤᠭᠠᠯᠠᠨ ᠬᠥᠳᠡᠯᠦᠯᠴᠡᠭᠰᠡᠨ ᠂ ᠬᠠᠮᠵᠢᠯᠴᠠᠨ ᠬᠠᠪᠰᠤᠷᠤᠯᠴᠠᠭᠰᠠᠨ ᠂ | ᠴᠤᠭᠭᠠᠷ ᠠᠳᠬᠤᠵᠤ ᠬᠠᠮᠲᠤ ᠳᠤ ᠨᠢ ᠬᠠᠮᠢᠶᠠᠷᠤᠭᠰᠠᠨ ᠲᠠᠷᠢᠶᠠᠴᠢᠳ ᠮᠠᠯᠴᠢᠳ ᠤᠨ ᠭᠡᠷ ᠪᠠᠷᠢᠬᠤ ᠶᠢ ᠬᠠᠮᠢᠶᠠᠷᠤᠨ ᠡᠵᠡᠮᠳᠡᠬᠦ ᠪᠠᠶᠢᠷᠢᠰᠢᠯ ᠢ ᠪᠣᠶ ᠪᠣᠯᠭᠠᠨ᠎ᠠ ᠃ | ︵ᠠᠷᠪᠠ︶ ᠭᠠᠵᠠᠷ ᠰᠢᠷᠣᠢ ᠶᠢ ᠰᠢᠨᠵᠢᠭᠦᠯᠦᠨ ᠡᠷᠭᠢᠯᠳᠦᠭᠦᠯᠬᠦ ᠳᠤ ᠪᠠᠨ ︽ᠲᠠᠷᠢᠶᠠᠯᠠᠩ ᠤᠨ ᠪᠤᠰᠤ ᠪᠣᠯᠭᠠᠬᠤ︾ ᠶᠢ ᠴᠢᠩᠭ᠎ᠠ ᠰᠡᠷᠭᠡᠶᠢᠯᠡᠨ᠎ᠡ ᠃ ᠭᠠᠵᠠᠷ | ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠤ ᠪᠠᠨ ᠡᠷᠬᠡᠪᠰᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠂ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠳᠤ ᠨᠡᠶᠢᠴᠡᠭᠰᠡᠨ ᠤᠷᠢᠲᠠᠯ | ᠳᠣᠣᠷ᠎ᠠ ᠶᠠᠪᠤᠭᠳᠠᠭᠤᠯᠬᠤ ᠬᠡᠷᠡᠭᠲᠡᠢ ᠃ ᠲᠠᠷᠢᠶᠠᠯᠠᠩ ᠤᠨ ᠭᠠᠵᠠᠷ ᠢ ᠲᠠᠷᠢᠶᠠᠯᠠᠩ ᠳᠤ ᠬᠡᠷᠡᠭᠯᠡᠬᠦ ᠶᠢ ᠪᠠᠷᠢᠮᠲᠠᠯᠠᠵᠤ ᠂ ᠲᠠᠷᠢᠶᠠᠯᠠᠩ ᠤᠨ ᠭᠠᠵᠠᠷ ᠢ ᠰᠢᠯᠵᠢᠭᠦᠯᠦᠨ | ᠡᠷᠭᠢᠯᠳᠦᠭᠦᠯᠬᠦ ᠨᠡᠷ᠎ᠡ ᠪᠠᠷ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠵᠦ ᠪᠣᠯᠬᠤ ᠦᠭᠡᠢ ᠃ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠳᠤ | ᠲᠣᠬᠢᠷᠠᠭᠤᠯᠤᠯᠲᠠ ᠬᠢᠬᠦ ᠳᠤ ᠪᠠᠨ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠢ ᠂ ᠲᠠᠷᠢᠶᠠᠯᠠᠬᠤ ᠳᠠᠪᠬᠤᠷᠭ᠎ᠠ ᠶᠢ ᠡᠪᠳᠡᠵᠦ ᠪᠣᠯᠬᠤ | ᠦᠭᠡᠢ ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠭᠠᠵᠠᠷ ᠰᠢᠷᠣᠢ ᠡᠵᠡᠩᠨᠡᠬᠦ ᠡᠷᠬᠡᠲᠦ ᠬᠥᠮᠥᠨ | ᠲᠠᠷᠢᠶᠠᠯᠠᠬᠤ ᠭᠠᠵᠠᠷ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ ᠂ ᠠᠲᠠᠷᠰᠢᠭᠤᠯᠬᠤ ᠂ ᠰᠤᠯᠠ | ᠲᠠᠯᠪᠢᠬᠤ ᠂ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠵᠢᠴᠢ ᠲᠠᠷᠢᠶᠠᠯᠠᠬᠤ ᠭᠠᠵᠠᠷ ᠢ ᠰᠦᠢᠳᠬᠡᠬᠦ ᠪᠤᠰᠤᠳ ᠥᠢᠯᠡ ᠠᠵᠢᠯᠯᠠᠭ᠎ᠠ ᠶᠢ ᠴᠢᠩᠭ᠎ᠠ | ᠴᠠᠭᠠᠵᠠᠯᠠᠨ᠎ᠠ ᠃ | ᠭᠤᠷᠪᠠ ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠮᠢᠶᠠᠷᠤᠯᠲᠠ ᠶᠢ ᠴᠢᠩᠭᠠᠳᠬᠠᠨ᠎ᠠ ︵ᠠᠷᠪᠠᠨ ᠨᠢᠭᠡ︶ | ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ᠲᠠᠷᠢᠶᠠᠯᠠᠩ ᠤᠨ ᠪᠤᠰᠤ | ᠪᠦᠲᠦᠭᠡᠨ ᠪᠠᠶᠢᠭᠤᠯᠤᠯᠲᠠ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠡᠭᠦᠷᠭᠡ ᠲᠠᠢ ᠨᠢᠭᠡᠴᠢ ᠨᠢ | ᠲᠠᠷᠢᠶᠠᠯᠠᠬᠤ ᠭᠠᠵᠠᠷ ᠢ ᠨᠥᠬᠦᠪᠦᠷᠢᠯᠡᠬᠦ ᠡᠭᠦᠷᠭᠡ ᠪᠠᠨ ᠡᠷᠬᠡᠪᠰᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ ᠂ ᠲᠤᠭ᠎ᠠ ᠬᠡᠮᠵᠢᠶ᠎ᠡ ᠂ ᠴᠢᠨᠠᠷ ᠢᠶᠠᠷ ᠵᠣᠬᠢᠴᠠᠯᠳᠤᠭᠰᠠᠨ | ᠲᠠᠷᠢᠶᠠᠯᠠᠬᠤ ᠭᠠᠵᠠᠷ ᠢ ᠥᠪᠡᠷ ᠢᠶᠠᠨ ᠨᠥᠬᠦᠪᠦᠷᠢᠯᠡᠵᠦ ᠳᠡᠶᠢᠯᠬᠦ ᠦᠭᠡᠢ ᠪᠠᠶᠢᠪᠠᠯ ᠂ ᠲᠠᠷᠢᠶᠠᠯᠠᠬᠤ ᠭᠠᠵᠠᠷ ᠢ ᠬᠠᠭᠠᠯᠪᠤᠷᠢᠯᠠᠬᠤ ᠰᠦᠢᠳᠬᠡᠯ ᠢ ᠲᠣᠭᠲᠠᠭᠠᠯ ᠶᠣᠰᠣᠭᠠᠷ | ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠢ ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠳᠤ ︽ | ᠤᠷᠢᠳ ᠢᠶᠠᠷ ᠨᠥᠬᠦᠪᠦᠷᠢᠯᠡᠵᠦ ᠳᠠᠷᠠᠭ᠎ᠠ ᠨᠢ ᠡᠵᠡᠯᠡᠬᠦ ᠂ ᠨᠢᠭᠡ ᠬᠡᠰᠡᠭ ᠢ ᠡᠵᠡᠯᠡᠪᠡᠯ ᠲᠡᠷᠡ ᠬᠡᠰᠡᠭ ᠢ ᠨᠢ ᠨᠥᠬᠦᠪᠦᠷᠢᠯᠡᠬᠦ ᠂ ᠰᠠᠶᠢᠨ ᠭᠠᠵᠠᠷ ᠢ ᠡᠵᠡᠯᠡᠪᠡᠯ ᠰᠠᠶᠢᠨ | ᠭᠠᠵᠠᠷ ᠢᠶᠠᠷ ᠨᠥᠬᠦᠪᠦᠷᠢᠯᠡᠬᠦ ᠂ ᠤᠰᠤᠨ ᠲᠠᠷᠢᠶ᠎ᠠ ᠶᠢ ᠡᠵᠡᠯᠡᠪᠡᠯ ᠤᠰᠤᠨ ᠲᠠᠷᠢᠶ᠎ᠠ ᠪᠠᠷ ᠨᠥᠬᠦᠪᠦᠷᠢᠯᠡᠬᠦ︾ ᠡᠨᠡ ᠬᠦ ᠡᠵᠡᠯᠡᠭᠰᠡᠨ ᠭᠠᠵᠠᠷ ᠢ ᠨᠢ ᠨᠥᠬᠦᠪᠦᠷᠢᠯᠡᠨ | ᠲᠡᠩᠴᠡᠭᠦᠷᠢᠰᠢᠭᠦᠯᠬᠦ ᠱᠠᠭᠠᠷᠳᠠᠯᠭ᠎ᠠ ᠶᠢ ᠦᠨᠡᠨ ᠬᠦ ᠭᠦᠢᠴᠡᠳᠬᠡᠬᠦ ᠬᠡᠷᠡᠭᠲᠡᠢ ᠃ ᠦᠢᠯᠡᠳᠪᠦᠷᠢ ᠠᠭᠤᠷᠬᠠᠢ ᠶᠢᠨ ᠬᠠᠶᠠᠭᠳᠠᠭᠰᠠᠨ ᠭᠠᠵᠠᠷ ᠪᠠ ᠬᠤᠳᠠ ᠬᠥᠳᠡᠭᠡ ᠶᠢᠨ | ᠨᠡᠮᠡᠭᠳᠡᠯ ᠬᠠᠰᠤᠭᠳᠠᠯ ᠯᠤᠭ᠎ᠠ ᠬᠤᠯᠪᠣᠭᠳᠠᠭᠤᠯᠤᠭᠰᠠᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠬᠡᠷᠡᠭᠯᠡᠭᠰᠡᠨ ᠪᠠᠶᠢᠪᠠᠯ ᠂ ᠰᠡᠷᠭᠦᠭᠡᠨ ᠬᠠᠭᠠᠯᠪᠤᠷᠢᠯᠠᠬᠤ ᠶᠢ | ᠬᠠᠷᠢᠭᠤᠴᠠᠬᠤ ᠬᠤᠰᠢᠭᠤ ᠰᠢᠶᠠᠨ ︵ᠬᠤᠳᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠡᠷᠬᠡᠪᠰᠢ ᠠᠮᠠᠯᠠᠭᠰᠠᠨ ᠴᠠᠭ ᠬᠤᠭᠤᠴᠠᠭ᠎ᠠ ᠶᠣᠰᠣᠭᠠᠷ | ᠲᠠᠷᠢᠶᠠᠯᠠᠬᠤ ᠭᠠᠵᠠᠷ ᠢ ᠰᠡᠷᠭᠦᠭᠡᠨ ᠬᠠᠭᠠᠯᠪᠤᠷᠢᠯᠠᠬᠤ ᠡᠭᠦᠷᠭᠡ ᠪᠠᠨ ᠪᠡᠶᠡᠯᠡᠭᠦᠯᠵᠦ ᠂ ᠬᠤᠭᠤᠴᠠᠭ᠎ᠠ ᠬᠡᠲᠦᠷᠡᠪᠡᠯ ᠲᠤᠰ ᠬᠤᠰᠢᠭᠤ ᠰᠢᠶᠠᠨ ︵ᠬᠤᠳᠠ ᠂ ᠲᠣᠭᠤᠷᠢᠭ︶ ᠤ | ᠲᠠᠷᠢᠶᠠᠯᠠᠬᠤ ᠭᠠᠵᠠᠷ ᠢ ᠨᠥᠬᠦᠪᠦᠷᠢᠯᠡᠬᠦ ᠵᠣᠬᠢᠬᠤ ᠭᠦᠢᠴᠡᠳᠬᠡᠯ ᠲᠤᠭ᠎ᠠ ᠶᠢ ᠬᠠᠰᠤᠵᠤ ᠂ ᠬᠤᠰᠢᠭᠤ ᠰᠢᠶᠠᠨ ︵ᠬᠤᠳᠠ ᠂ ᠲᠣᠭᠤᠷᠢᠭ︶ ᠤ ᠭᠦᠢᠴᠡᠳᠬᠡᠯ ᠲᠤᠭ᠎ᠠ ᠶᠢᠨ | ᠦᠯᠡᠳᠡᠪᠦᠷᠢ ᠨᠢ ᠬᠦᠷᠦᠯᠴᠡᠬᠦ ᠦᠭᠡᠢ ᠪᠣᠯ ᠲᠡᠭᠦᠨ ᠤ ᠪᠠᠶᠢᠭ᠎ᠠ ᠠᠶᠢᠮᠠᠭ ᠬᠤᠳᠠ ᠠᠴᠠ ᠨᠥᠬᠦᠪᠦᠷᠢᠯᠡᠬᠦ ᠬᠡᠷᠡᠭᠲᠡᠢ ᠃ ᠡᠯ᠎ᠡ ᠭᠠᠵᠠᠷ ᠣᠷᠣᠨ ᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠰᠣᠩᠭᠤᠬᠤ ᠳᠤ ᠪᠠᠨ ᠬᠠᠷᠢᠶ᠎ᠠ ᠣᠷᠣᠨ ᠤ ᠳᠣᠲᠣᠷᠠᠬᠢ ᠨᠥᠬᠦᠪᠦᠷᠢᠯᠡᠬᠦ ᠲᠠᠷᠢᠶᠠᠯᠠᠬᠤ ᠭᠠᠵᠠᠷ ᠤᠨ ᠨᠥᠭᠡᠴᠡ ᠶᠢᠨ | ᠪᠠᠶᠢᠳᠠᠯ ᠢ ᠭᠦᠢᠴᠡᠳ ᠪᠣᠳᠣᠯᠬᠢᠯᠠᠵᠤ ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠳᠤ ᠪᠠᠨ ᠬᠤᠰᠢᠭᠤ ᠰᠢᠶᠠᠨ ᠤ | ᠬᠡᠪᠴᠢᠶᠡᠨ ᠳᠤ ᠥᠪᠡᠷ ᠢᠶᠠᠨ ᠲᠡᠩᠴᠡᠭᠦᠷᠢᠰᠢᠭᠦᠯᠬᠦ ᠪᠠᠷ ᠭᠤᠣᠯᠯᠠᠭᠤᠯᠵᠤ ᠂ ᠠᠶᠢᠮᠠᠭ ᠬᠤᠲᠠ ᠶᠢᠨ ᠬᠡᠪᠴᠢᠶᠡᠨ ᠳᠤ ᠲᠣᠬᠢᠷᠠᠭᠤᠯᠬᠤ ᠪᠠᠷ ᠳᠡᠳ᠋ᠯᠡᠭᠦᠯᠵᠦ ᠂ | ᠥᠪᠡᠷᠲᠡᠭᠡᠨ ᠵᠠᠰᠠᠬᠤ ᠣᠷᠣᠨ ᠵᠣᠬᠢᠬᠤ ᠬᠡᠮᠵᠢᠶ᠎ᠡ ᠪᠠᠷ ᠨᠢᠭᠡᠳᠦᠯᠲᠡᠢ ᠲᠥᠯᠥᠪᠯᠡᠬᠦ ᠪᠠᠷ ᠨᠥᠬᠦᠪᠦᠷᠢ ᠪᠣᠯᠭᠠᠬᠤ ᠬᠡᠷᠡᠭᠲᠡᠢ ᠃ | ︵ᠠᠷᠪᠠᠨ ᠬᠤᠶᠠᠷ︶ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠢᠷᠡᠯᠲᠡ ᠶᠢᠨ ᠬᠠᠮᠢᠶᠠᠷᠤᠯᠲᠠ ᠶᠢ ᠴᠢᠩᠳᠠᠯᠠᠨ᠎ᠠ ᠃ ᠡᠯ᠎ᠡ ᠠᠶᠢᠮᠠᠭ ᠤᠨ ᠵᠠᠬᠢᠷᠭ᠎ᠠ ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ | ᠠᠬᠤᠢ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠭᠰᠠᠨ ᠤᠷᠢᠲᠠᠯ ᠳᠣᠣᠷ᠎ᠠ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠠᠵᠢᠯ ᠢ ᠡᠮᠬᠢ ᠵᠢᠷᠤᠮ ᠲᠠᠢ ᠪᠠᠷ | ᠥᠷᠨᠢᠭᠦᠯᠬᠦ ᠬᠡᠷᠡᠭᠲᠡᠢ ᠃ ᠦᠷᠭᠦᠯᠵᠢᠯᠡᠭᠰᠡᠨ ᠠᠰᠢᠭᠯᠠᠭᠠᠳᠤᠢ ᠭᠠᠵᠠᠷ ᠢ ᠨᠡᠭᠡᠭᠡᠨ ᠠᠰᠢᠭᠯᠠᠬᠤ ᠶᠢ ᠴᠢᠩᠭ᠎ᠠ ᠡᠵᠡᠮᠳᠡᠵᠦ ᠂ ᠬᠦᠨᠳᠦ ᠨᠣᠴᠢᠲᠠᠢ ᠡᠯᠡᠰᠦᠵᠢᠭᠰᠡᠨ | ᠭᠠᠵᠠᠷ ᠢ ᠬᠠᠭᠠᠯᠪᠤᠷᠢᠯᠠᠬᠤ ᠶᠢ ᠴᠠᠭᠠᠵᠠᠯᠠᠵᠤ ᠂ 15 ᠭᠷᠡᠳᠦ᠋ᠰ ᠠᠴᠠ ᠳᠡᠭᠡᠭᠰᠢᠬᠢ ᠡᠭᠴᠡ ᠬᠥᠲᠥᠯ ᠳᠤ ᠲᠠᠷᠢᠶᠠᠯᠠᠬᠤ ᠭᠠᠵᠠᠷ ᠬᠠᠭᠠᠯᠪᠤᠷᠢᠯᠠᠬᠤ ᠶᠢ ᠴᠠᠭᠠᠵᠠᠯᠠᠵᠤ ᠂ | ᠲᠣᠭᠲᠠᠭᠠᠯ ᠠᠴᠠ ᠵᠥᠷᠢᠴᠡᠨ ᠣᠶ ᠰᠢᠭᠤᠢ ᠶᠢ ᠡᠪᠳᠡᠨ ᠂ ᠡᠪᠡᠰᠦ ᠪᠡᠯᠴᠢᠭᠡᠷ ᠢ ᠰᠦᠢᠳᠬᠡᠵᠦ ᠲᠠᠷᠢᠶᠠᠯᠠᠬᠤ ᠭᠠᠵᠠᠷ ᠬᠠᠭᠠᠯᠪᠤᠷᠢᠯᠠᠬᠤ ᠶᠢ ᠴᠠᠭᠠᠵᠠᠯᠠᠵᠤ ᠂ ᠨᠠᠭᠤᠷ ᠢ | ᠬᠦᠷᠢᠶᠡᠯᠡᠨ ᠲᠠᠷᠢᠶᠠᠯᠠᠬᠤ ᠭᠠᠵᠠᠷ ᠭᠠᠷᠭᠠᠬᠤ ᠪᠠ ᠭᠤᠣᠯ ᠤᠨ ᠲᠠᠩ ᠢ ᠡᠵᠡᠯᠡᠬᠦ ᠶᠢ ᠴᠠᠭᠠᠵᠠᠯᠠᠵᠤ ᠂ ᠲᠣᠭᠲᠠᠭᠠᠯ ᠠᠴᠠ ᠵᠥᠷᠢᠴᠡᠨ ᠨᠤᠭᠤ ᠭᠠᠵᠠᠷ ᠢ ᠳᠠᠷᠤᠵᠤ | ᠲᠠᠷᠢᠶᠠᠯᠠᠬᠤ ᠭᠠᠵᠠᠷ ᠪᠣᠯᠭᠠᠨ ᠬᠠᠭᠠᠯᠪᠤᠷᠢᠯᠠᠬᠤ ᠶᠢ ᠴᠠᠭᠠᠵᠠᠯᠠᠵᠤ ᠂ ᠠᠮᠢ ᠠᠬᠤᠢ ᠶᠢᠨ ᠤᠯᠠᠭᠠᠨ ᠱᠤᠭᠤᠮ ᠤᠨ ᠬᠡᠪᠴᠢᠶᠡᠨ ᠳᠤ ᠲᠠᠷᠢᠶᠠᠯᠠᠬᠤ ᠭᠠᠵᠠᠷ ᠢ | ᠬᠠᠭᠠᠯᠪᠤᠷᠢᠯᠠᠭᠠᠳ ᠬᠡᠷᠡᠭᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠶᠢ ᠴᠠᠭᠠᠵᠠᠯᠠᠨ᠎ᠠ ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠵᠢᠴᠢ ᠪᠤᠰᠤᠳ ᠬᠠᠮᠢᠶ᠎ᠠ ᠪᠦᠬᠦᠢ ᠲᠥᠯᠦᠪᠵᠢᠭᠦᠯᠭᠡ ᠶᠢ ᠦᠨᠳᠦᠰᠦᠯᠡᠨ ᠂ ᠲᠤᠬᠠᠢ ᠶᠢᠨ ᠭᠠᠵᠠᠷ ᠤᠨ ᠪᠠᠶᠢᠳᠠᠯ ᠳᠤ ᠲᠣᠬᠢᠷᠠᠭᠤᠯᠤᠨ ᠂ ᠵᠦᠢ | ᠵᠣᠬᠢᠰᠲᠠᠢ ᠪᠠᠶᠢᠷᠢᠰᠢᠭᠤᠯᠵᠤ ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠠᠷᠭ᠎ᠠ ᠶᠢ ᠠᠯᠬᠤᠮ ᠠᠯᠬᠤᠮ ᠢᠶᠠᠷ ᠬᠤᠪᠢᠷᠠᠭᠤᠯᠵᠤ ᠂ ᠲᠠᠷᠢᠶᠠᠯᠠᠬᠤ ᠳᠤ ᠲᠣᠬᠢᠷᠠᠮᠵᠢᠲᠠᠢ | ᠭᠠᠵᠠᠷ ᠰᠢᠷᠣᠢ ᠶᠢᠨ ᠪᠡᠯᠡᠳᠬᠡᠯ ᠡᠬᠢ ᠪᠠᠶᠠᠯᠢᠭ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ ᠬᠡᠷᠡᠭᠲᠡᠢ ᠃ ᠲᠠᠷᠢᠶᠠᠯᠠᠬᠤ ᠭᠠᠵᠠᠷ ᠢ | ᠨᠥᠬᠦᠪᠦᠷᠢᠯᠡᠬᠦ ᠲᠥᠷᠥᠯ ᠵᠦᠢᠯ ᠢ ᠲᠣᠭᠲᠠᠭᠠᠬᠤ ᠠᠴᠠ ᠡᠮᠦᠨ᠎ᠡ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ | ᠠᠬᠤᠢ ᠣᠷᠴᠢᠨ ᠲᠣᠭᠤᠷᠢᠨ ᠂ ᠤᠰᠤᠨ ᠠᠰᠢᠭᠯᠠᠯᠲᠠ ᠂ ᠣᠶ ᠰᠢᠭᠤᠢ ᠨᠤᠲᠤᠭ ᠪᠡᠯᠴᠢᠭᠡᠷ ᠂ ᠲᠠᠷᠢᠶᠠᠯᠠᠩ ᠮᠠᠯ ᠠᠵᠤ ᠠᠬᠤᠢ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠨᠥᠯᠥᠭᠡᠯᠡᠯ ᠪᠠ ᠪᠣᠯᠣᠮᠵᠢᠲᠤ ᠴᠢᠨᠠᠷ ᠵᠡᠷᠭᠡ ᠪᠠᠶᠢᠳᠠᠯ ᠳᠤ ᠭᠦᠢᠴᠡᠳ | ᠨᠤᠲᠠᠯᠠᠯᠲᠠ ᠬᠢᠵᠦ ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠪᠣᠶ ᠪᠣᠯᠭᠠᠭᠰᠠᠨ ᠤ ᠳᠠᠷᠠᠭ᠎ᠠ ᠦᠷᠭᠦᠯᠵᠢᠯᠡᠨ | ᠲᠣᠭᠲᠠᠭᠤᠨ ᠢᠶᠠᠷ ᠲᠠᠷᠢᠶᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠭᠠᠵᠠᠷ ᠰᠢᠷᠣᠢ ᠶᠢ ᠴᠡᠭᠴᠡᠯᠡᠨ ᠵᠠᠰᠠᠬᠤ ᠪᠠ ᠲᠠᠷᠢᠶᠠᠯᠠᠬᠤ ᠭᠠᠵᠠᠷ ᠢ ᠨᠥᠬᠦᠪᠦᠷᠢᠯᠡᠬᠦ | ᠲᠥᠷᠥᠯ ᠵᠦᠢᠯ ᠢ ᠲᠠᠷᠢᠶᠠᠯᠠᠬᠤ ᠶᠢ ᠵᠣᠭᠰᠤᠭᠠᠬᠤ ᠬᠡᠪᠴᠢᠶᠡᠨ ᠳᠤ ᠳᠤᠷ᠎ᠠ ᠪᠠᠷ ᠣᠷᠣᠭᠤᠯᠬᠤ ᠶᠢ ᠴᠢᠩᠭ᠎ᠠ ᠴᠠᠭᠠᠵᠠᠯᠠᠨ᠎ᠠ ᠃ | ︵ᠠᠷᠪᠠᠨ ᠭᠤᠷᠪᠠ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠪᠠᠶᠢᠴᠠᠭᠠᠯᠲᠠ ᠬᠢᠵᠦ ᠰᠢᠯᠭᠠᠨ ᠠᠪᠬᠤ ᠠᠵᠢᠯ ᠢ ᠴᠢᠩᠳᠠᠯᠠᠨ᠎ᠠ ᠃ ᠡᠯ᠎ᠡ ᠠᠶᠢᠮᠠᠭ ᠤᠨ | ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠵᠠᠷ | ᠰᠢᠷᠣᠢ ᠶᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠬᠢ ᠬᠠᠮᠢᠶᠠᠷᠤᠯᠲᠠ ᠪᠠᠨ | ᠴᠢᠩᠭᠠᠳᠬᠠᠵᠤ ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠵᠢᠷᠤᠮᠵᠢᠭᠤᠯᠤᠨ ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ | ᠪᠠᠷᠢᠯᠭ᠎ᠠ ᠶᠢᠨ ᠠᠵᠢᠯ ᠢ ᠬᠢᠨᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ ᠃ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ | ᠰᠠᠶᠢᠲᠤᠷ ᠬᠢᠵᠦ ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠶᠢ ᠮᠠᠭᠠᠳᠯᠠᠨ ᠲᠣᠭᠲᠠᠭᠠᠬᠤ ᠪᠠ ᠴᠢᠨᠠᠷ ᠢ ᠨᠢ ᠦᠨᠡᠯᠡᠨ | ᠲᠣᠭᠲᠠᠭᠠᠬᠤ ᠪᠠᠨ ᠴᠢᠩᠳᠠᠯᠠᠵᠤ ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠲᠤ ᠤᠷᠢᠳ ᠢᠶᠠᠷ ᠭᠠᠵᠠᠷ ᠰᠢᠷᠣᠢ ᠶᠢᠨ ᠲᠥᠷᠥᠯ ᠢ ᠨᠢ ᠬᠤᠪᠢᠷᠠᠭᠤᠯᠵᠤ | ᠳᠠᠬᠢᠭᠠᠳ ᠰᠢᠯᠭᠠᠨ ᠠᠪᠴᠤ ᠮᠡᠳᠡᠭᠦᠯᠦᠨ ᠳᠠᠩᠰᠠᠯᠠᠭᠤᠯᠬᠤ ᠶᠢ ᠬᠡᠷᠡᠭᠵᠢᠭᠦᠯᠵᠦ ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠪᠠ ᠴᠢᠨᠠᠷ ᠨᠢ | ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ | ︵ᠠᠷᠪᠠᠨ ᠳᠥᠷᠪᠡ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ᠡᠯ᠎ᠡ ᠠᠶᠢᠮᠠᠭ ᠤᠨ ᠵᠠᠬᠢᠷᠭ᠎ᠠ ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠥᠬᠦᠪᠦᠷᠢᠯᠡᠭᠰᠡᠨ | ᠲᠠᠷᠢᠶᠠᠯᠠᠬᠤ ᠭᠠᠵᠠᠷ ᠲᠠᠬᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ ᠂ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠶᠢ | ᠲᠣᠳᠣᠷᠬᠠᠶᠢᠯᠠᠨ ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠬᠠᠮᠢᠶᠠᠷᠤᠨ ᠬᠠᠮᠠᠭᠠᠯᠠᠬᠤ ᠵᠠᠷᠤᠳᠠᠯ ᠢ ᠪᠠᠲᠤᠯᠠᠨ ᠂ ᠨᠥᠬᠦᠪᠦᠷᠢᠯᠡᠭᠰᠡᠨ | ᠲᠠᠷᠢᠶᠠᠯᠠᠬᠤ ᠭᠠᠵᠠᠷ ᠲᠤ ᠦᠷᠭᠦᠯᠵᠢᠯᠡᠨ ᠲᠣᠭᠲᠠᠭᠤᠨ ᠢᠶᠠᠷ ᠳᠠᠷᠢᠵᠤ ᠪᠣᠯᠬᠤ ᠶᠢ ᠦᠨᠡᠨ ᠬᠦ ᠪᠠᠲᠤᠯᠠᠵᠤ ᠂ ᠠᠲᠠᠷᠰᠢᠭᠤᠯᠵᠤ ᠬᠠᠭᠠᠯᠪᠤᠷᠢᠯᠠᠬᠤ ᠪᠠᠨ ᠪᠣᠯᠢᠬᠤ ᠪᠠ | ᠦᠢᠯᠡᠳᠪᠦᠷᠢᠯᠡᠬᠦ ᠴᠢᠳᠠᠮᠵᠢ ᠶᠢᠨ ᠪᠠᠭᠤᠷᠠᠬᠤ ᠶᠢ ᠰᠡᠷᠭᠡᠶᠢᠯᠡᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠵᠢᠯ | ᠪᠦᠷᠢ ᠬᠥᠮᠥᠷᠭᠡ ᠳᠤ ᠣᠷᠣᠭᠤᠯᠤᠭᠰᠠᠨ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠲᠥᠷᠥᠯ ᠵᠦᠢᠯ ᠳᠤ 1 ᠤᠳᠠᠭ᠎ᠠ ᠪᠥᠬᠦ ᠲᠠᠯ᠎ᠠ ᠶᠢᠨ ᠵᠢᠷᠤᠭ ᠳᠦᠷᠰᠦ ᠶᠢᠨ | ᠬᠠᠷᠭᠤᠭᠤᠯᠤᠨ ᠪᠠᠶᠢᠴᠠᠭᠠᠯᠲᠠ ᠬᠢᠵᠦ ᠂ ᠵᠢᠷᠤᠭ ᠳᠦᠷᠰᠦ ᠳᠤ ᠰᠡᠵᠢᠭᠯᠡᠯᠲᠡᠢ ᠠᠰᠠᠭᠤᠳᠠᠯ ᠲᠠᠢ ᠲᠥᠷᠥᠯ ᠵᠦᠢᠯ ᠢ 15% ᠠᠴᠠ ᠳᠤᠲᠠᠭᠤ ᠦᠭᠡᠢ ᠪᠠᠷ ᠰᠣᠩᠭᠤᠨ | ᠠᠪᠴᠤ ᠪᠣᠳᠠᠲᠠᠢ ᠭᠠᠵᠠᠷ ᠲᠤ ᠨᠢ ᠬᠠᠷᠭᠤᠭᠤᠯᠤᠨ ᠪᠠᠶᠢᠴᠠᠭᠠᠯᠲᠠ ᠬᠢᠨ᠎ᠡ ᠃ ᠠᠲᠠᠷᠰᠢᠭᠤᠯᠵᠤ ᠬᠠᠭᠠᠯᠪᠤᠷᠢᠯᠠᠬᠤ ᠪᠠᠨ ᠪᠣᠯᠢᠭᠰᠠᠨ ᠲᠠᠯᠠᠪᠠᠶ ᠨᠢ ᠲᠣᠰ ᠵᠠᠰᠠᠭ | ᠵᠠᠬᠢᠷᠭᠠᠨ ᠤ ᠣᠷᠣᠨ ᠤ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠭᠦᠢᠴᠡᠳᠬᠡᠯ ᠲᠤᠭ᠎ᠠ ᠶᠢᠨ ᠶᠡᠷᠦᠩᠬᠡᠢ ᠲᠠᠯᠠᠪᠠᠶ ᠶᠢᠨ 10% ᠠᠴᠠ ᠳᠡᠭᠡᠭᠰᠢ ᠳᠤ ᠬᠦᠷᠦᠭᠰᠡᠨ | ᠪᠣᠯ ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠵᠣᠬᠢᠬᠤ ᠭᠦᠢᠴᠡᠳᠬᠡᠯ ᠲᠤᠭ᠎ᠠ ᠶᠢ ᠴᠡᠪᠳᠡᠭᠰᠢᠭᠦᠯᠵᠦ ᠂ ᠲᠣᠰ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ | ᠲᠣᠭᠤᠷᠢᠭ︶ ᠤ ᠰᠢᠨ᠎ᠡ ᠪᠠᠷ ᠨᠡᠮᠡᠭᠳᠡᠬᠦ ᠲᠠᠷᠢᠶᠠᠯᠠᠬᠤ ᠭᠠᠵᠠᠷ ᠢ ᠬᠠᠷᠭᠤᠭᠤᠯᠤᠨ ᠲᠣᠭᠲᠠᠭᠠᠬᠤ ᠪᠠ ᠲᠥᠷᠥᠯ ᠵᠦᠢᠯ ᠤᠨ ᠭᠦᠢᠴᠡᠳᠬᠡᠯ ᠲᠤᠭ᠎ᠠ ᠶᠢ ᠬᠥᠮᠥᠷᠭᠡ ᠳᠤ | ᠣᠷᠣᠭᠤᠯᠬᠤ ᠭᠤᠶᠤᠴᠢᠯᠠᠯ ᠢ ᠲᠦᠷ ᠵᠣᠭᠰᠣᠭᠠᠨ᠎ᠠ ᠃ ᠬᠠᠮᠢᠶ᠎ᠠ ᠪᠦᠬᠦᠢ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ | ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠵᠣᠬᠢᠶᠠᠨ ᠪᠠᠶᠢᠭᠤᠯᠵᠤ ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠲᠥᠷᠥᠯ ᠵᠦᠢᠯ ᠢ ᠰᠢᠯᠭᠠᠨ ᠬᠤᠷᠢᠶᠠᠬᠤ ᠰᠠᠯᠠᠭ᠎ᠠ | ᠮᠥᠴᠢᠷ ᠠᠴᠠ ᠳᠠᠬᠢᠨ ᠬᠠᠷᠭᠤᠭᠤᠯᠵᠤ ᠮᠠᠭᠠᠳᠯᠠᠨ ᠲᠣᠭᠲᠠᠭᠠᠭᠠᠳ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠂ ᠵᠣᠬᠢᠬᠤ ᠭᠦᠢᠴᠡᠳᠬᠡᠯ | ᠲᠤᠭ᠎ᠠ ᠶᠢ ᠨᠢ ᠴᠡᠪᠳᠡᠭᠰᠢᠯ ᠠᠴᠠ ᠲᠠᠶᠢᠯᠬᠤ ᠶᠢᠨ ᠬᠠᠮᠲᠤ ᠬᠥᠮᠥᠷᠭᠡ ᠳᠤ ᠣᠷᠣᠭᠤᠯᠬᠤ ᠭᠤᠶᠤᠴᠢᠯᠠᠯ ᠢ ᠰᠡᠷᠭᠦᠭᠡᠵᠦ ᠭᠥᠯᠢᠶᠡᠨ ᠠᠪᠴᠤ ᠰᠢᠢᠳᠪᠦᠷᠢᠯᠡᠨ᠎ᠡ ᠃ | ᠳᠥᠷᠪᠡ ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ | ︵ᠠᠷᠪᠠᠨ ᠲᠠᠪᠤ︶ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠦᠷᠢᠳᠬᠡᠨ ᠳᠡᠩᠰᠡᠯᠡᠵᠦ ᠬᠢᠨᠠᠨ ᠬᠠᠮᠢᠶᠠᠷᠬᠤ ᠲᠣᠭᠲᠠᠴᠠ ᠶᠢ | ᠨᠠᠶᠢᠳᠠᠪᠤᠷᠢᠵᠢᠭᠤᠯᠤᠨ᠎ᠠ ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ | ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠷᠢᠳᠬᠡᠨ ᠳᠠᠩᠰᠠᠯᠠᠬᠤ ᠶᠠᠪᠤᠴᠠ ᠳᠤ ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠳᠦᠷᠢᠮ ᠢ ᠨᠠᠶᠢᠳᠠᠪᠤᠷᠢᠵᠢᠭᠤᠯᠵᠤ ᠂ ᠲᠠᠷᠢᠶᠠᠯᠠᠬᠤ ᠭᠠᠵᠠᠷ ᠢ ᠴᠢᠩᠭ᠎ᠠ ᠬᠠᠮᠠᠭᠠᠯᠠᠬᠤ ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠵᠠᠷᠴᠢᠮ ᠶᠣᠰᠣᠭᠠᠷ | ᠲᠤᠬᠠᠢ ᠶᠢᠨ ᠭᠠᠵᠠᠷ ᠤᠨ ᠲᠠᠷᠢᠶᠠᠯᠠᠩ ᠤᠨ ᠬᠥᠭᠵᠢᠯᠲᠡ ᠶᠢᠨ ᠲᠥᠯᠦᠪᠵᠢᠭᠦᠯᠭᠡ ᠂ ᠲᠠᠷᠢᠶᠠᠯᠠᠩ ᠠᠵᠤ ᠦᠢᠯᠡᠰ ᠤᠨ ᠪᠠᠶᠢᠷᠢᠰᠢᠭᠤᠯᠤᠯᠲᠠ ᠂ ᠲᠠᠷᠢᠶᠠᠯᠠᠩ | ᠦᠢᠯᠡᠳᠪᠦᠷᠢᠯᠡᠯ ᠤᠨ ᠲᠥᠯᠥᠪᠯᠡᠭᠡ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ ᠂ ᠪᠡᠯᠡᠳᠭᠡᠮᠵᠢᠳᠤ | ᠲᠠᠷᠢᠶᠠᠯᠠᠩ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ ᠪᠠᠶᠢᠷᠢᠯᠠᠭᠤᠯᠬᠤ ᠬᠡᠷᠡᠭᠲᠡᠢ ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠨᠢ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ ᠂ ᠲᠣᠭᠲᠠᠭᠠᠯ ᠱᠠᠭᠠᠷᠳᠠᠯᠭ᠎ᠠ ᠶᠢ ᠴᠢᠩᠭ᠎ᠠ | ᠵᠢᠷᠤᠮᠯᠠᠨ ᠭᠠᠵᠠᠷ ᠰᠢᠷᠣᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠲᠤᠰᠠᠭᠠᠷ ᠭᠠᠵᠠᠷ ᠰᠣᠩᠭᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠲᠥᠷᠥᠯ ᠵᠦᠢᠯ ᠪᠠ ᠲᠠᠷᠢᠶᠠᠴᠢᠳ ᠮᠠᠯᠴᠢᠳ ᠤᠨ ᠭᠡᠷ ᠤᠨ ᠢᠶᠠᠨ ᠠᠷᠤ ᠥᠪᠥᠷ ᠢᠶᠠᠷ ᠥᠪᠡᠷ ᠢᠶᠠᠨ ᠪᠠᠶᠢᠭᠤᠯᠤᠭᠰᠠᠨ ᠪᠡᠯᠡᠳᠭᠡᠮᠵᠢᠳᠤ ᠲᠠᠷᠢᠶᠠᠯᠠᠩ ᠳᠤ | ᠬᠡᠷᠡᠭᠯᠡᠬᠦ ᠭᠠᠵᠠᠷ ᠤᠨ ᠲᠥᠷᠥᠯ ᠵᠦᠢᠯ ᠢ ᠰᠠᠯᠭᠠᠨ ᠬᠠᠮᠢᠶᠠᠷᠬᠤ ᠬᠡᠷᠡᠭᠲᠡᠢ ᠃ ᠲᠠᠷᠢᠶᠠᠴᠣᠨ ᠮᠠᠯᠴᠢᠳ ᠤᠨ ᠭᠡᠷ ᠤᠨ ᠢᠶᠠᠨ ᠠᠷᠤ ᠥᠪᠥᠷ ᠢᠶᠠᠷ ᠥᠪᠡᠷ ᠢᠶᠠᠨ | ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠳᠤ ᠪᠦᠷᠢᠳᠬᠡᠨ ᠳᠠᠩᠰᠠᠯᠠᠭᠤᠯᠬᠤ ᠨᠥᠬᠦᠴᠡᠯ ᠪᠠ ᠲᠠᠰ ᠳᠠᠷᠠᠭᠠᠯᠠᠯ ᠢ | ᠳᠥᠭᠦᠮᠴᠢᠯᠡᠵᠦ ᠂ ᠡᠬᠡ ᠲᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ︔ ᠪᠦᠷᠢᠳᠬᠡᠨ ᠳᠠᠩᠰᠠᠯᠠᠭᠤᠯᠬᠤ ᠶᠠᠪᠤᠴᠠ ᠳᠤ ᠲᠠᠷᠢᠶᠠᠴᠣᠨ | ᠮᠠᠯᠴᠢᠳ ᠠᠴᠠ ᠶᠠᠮᠠᠷᠪᠠ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ ᠃ ᠲᠤᠰᠠᠭᠠᠷ ᠭᠠᠵᠠᠷ ᠰᠣᠩᠭᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠲᠥᠷᠥᠯ ᠵᠦᠢᠯ ᠳᠤ ᠵᠢᠷᠤᠭ ᠲᠤ ᠲᠣᠳᠣᠷᠠᠭᠤᠯᠤᠨ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ ᠂ ᠨᠢᠭᠡᠨᠲᠡ | ᠪᠠᠶᠢᠭᠤᠯᠤᠭᠰᠠᠨ ᠂ ᠪᠠᠶᠢᠭᠤᠯᠵᠤ ᠪᠠᠶᠢᠭ᠎ᠠ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠷᠬᠡᠪᠰᠢ ᠲᠣᠭᠲᠠᠭᠰᠠᠨ ᠴᠠᠭ ᠬᠤᠭᠤᠴᠠᠭᠠᠨ ᠳᠤ ᠪᠦᠬᠦᠨ ᠢ | ᠵᠢᠷᠤᠭ ᠲᠤ ᠲᠣᠳᠣᠷᠠᠭᠤᠯᠤᠨ ᠬᠥᠮᠥᠷᠭᠡ ᠳᠤ ᠣᠷᠣᠭᠤᠯᠵᠤ ᠂ ᠰᠢᠨ᠎ᠡ ᠪᠠᠷ ᠪᠠᠶᠢᠭᠤᠯᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠷᠢᠳᠬᠡᠨ | ᠳᠠᠩᠰᠠᠯᠠᠭᠤᠯᠤᠭᠰᠠᠨ ᠤ ᠳᠠᠷᠠᠭᠠᠬᠢ 1 ᠰᠠᠷ᠎ᠠ ᠶᠢᠨ ᠳᠣᠲᠣᠷ᠎ᠠ ᠵᠢᠷᠤᠭ ᠲᠤ ᠲᠣᠳᠣᠷᠠᠭᠤᠯᠤᠨ ᠬᠥᠮᠥᠷᠭᠡ ᠳᠤ ᠣᠷᠣᠭᠤᠯᠬᠤ ᠶᠢᠨ ᠬᠠᠮᠲᠤ ᠂ ᠣᠨ ᠤ ᠤᠯᠤᠰ ᠤᠨ | ᠭᠠᠵᠠᠷ ᠰᠢᠷᠣᠢ ᠶᠢᠨ ᠬᠤᠪᠢᠷᠠᠭᠠᠬᠤ ᠪᠠᠶᠢᠴᠠᠭᠠᠯᠲᠠ ᠳᠤ ᠭᠠᠵᠠᠷ ᠰᠢᠷᠣᠢ ᠶᠢᠨ ᠲᠥᠷᠥᠯ ᠢ ᠨᠢ ᠬᠤᠪᠢᠷᠠᠭᠤᠯᠬᠤ ᠬᠡᠷᠡᠭᠲᠡᠢ ᠃ | ︵ᠠᠷᠪᠠᠨ ᠵᠢᠷᠭᠤᠭ᠎ᠠ︶ ᠰᠢᠨ᠎ᠡ ᠪᠠᠷ ᠨᠡᠮᠡᠭᠳᠡᠭᠰᠡᠨ ᠪᠡᠯᠡᠳᠬᠡᠮᠵᠢᠳᠦ ᠲᠠᠷᠢᠶᠠᠯᠠᠩ ᠳᠤ ᠬᠡᠷᠡᠭᠯᠡᠬᠦ ᠭᠠᠵᠠᠷ ᠲᠠᠬᠢ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠤᠨ᠎ᠠ ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠰᠠᠯᠠᠭ᠎ᠠ ᠮᠥᠴᠢᠷ ᠨᠢ ᠮᠡᠳᠡᠭᠡ ᠵᠠᠩᠭᠢᠴᠢᠯᠠᠯᠲᠠ ᠶᠢᠨ ᠠᠷᠭ᠎ᠠ ᠠᠪᠴᠠᠯ ᠢᠶᠠᠷ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ ᠰᠢᠯᠭᠠᠨ | ᠬᠢᠨᠠᠬᠤ ᠂ ᠭᠠᠵᠠᠷ ᠰᠢᠷᠣᠢ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠬᠦ ᠂ ᠬᠠᠤᠯᠢ ᠠᠴᠠ ᠵᠥᠷᠢᠴᠡᠵᠦ ᠭᠠᠵᠠᠷ ᠬᠡᠷᠡᠭᠯᠡᠭᠰᠡᠨ ᠢ ᠴᠠᠭ | ᠲᠤᠬᠠᠢ ᠳᠤ ᠨᠢ ᠬᠢᠨᠠᠨ ᠬᠠᠮᠢᠶᠠᠷᠬᠤ ᠵᠡᠷᠭᠡ ᠠᠵᠢᠯ ᠤᠨ ᠶᠠᠪᠤᠴᠠ ᠳᠤ ᠪᠠᠨ ᠰᠢᠨ᠎ᠡ ᠪᠠᠷ ᠨᠡᠮᠡᠭᠳᠡᠭᠰᠡᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠲᠠᠬᠢ | ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠤᠨ ᠵᠢᠯ ᠪᠦᠷᠢ ᠶᠢᠨ ᠳᠣᠲᠣᠷᠠᠬᠢ ᠭᠠᠳᠠᠨᠠᠬᠢ ᠠᠵᠢᠯ ᠲᠦᠷᠦᠯ ᠢ ᠪᠠᠶᠢᠴᠠᠭᠠᠬᠤ ᠬᠠᠷᠢᠴᠠᠯ ᠢ 15% ᠠᠴᠠ | ᠳᠣᠣᠷ᠎ᠠ ᠪᠠᠶᠢᠯᠭᠠᠬᠤ ᠦᠭᠡᠢ ᠃ | ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ ᠂ ︽ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ | ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021 ﹈ 32 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃ | 2023 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2023 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ | |