ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠬᠠᠮᠳᠤᠷᠠᠬᠰᠠᠨ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠲᠥᠯᠥᠭᠡᠯᠡᠭᠴᠢᠳ ᠤᠨ ᠰᠠᠨᠠᠭᠤᠯᠭ᠎ᠠ ᠶᠢ ᠬᠦᠢᠴᠡᠳᠭᠡᠭᠰᠡᠨ ᠠᠵᠢᠯ ᠢ ᠦᠨᠡᠯᠡᠨ ᠶᠠᠷᠢᠯᠴᠠᠪᠠ
ᠨᠡᠶᠢᠲᠡᠯᠡᠭᠰᠡᠨ ᠴᠠᠭ᠄
2023/10/27
     10 ᠰᠠᠷ᠎ᠠ ᠶᠢᠨ 25 ᠤ ᠡᠳᠦᠷ᠂ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠬᠠᠮᠳᠤᠷᠠᠬᠰᠠᠨ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠳᠤᠭ ᠪᠡᠯᠴᠢᠭᠡᠷ ᠤᠨ ᠲᠣᠪᠴᠢᠶ᠎ᠠ ᠶᠢᠨ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠂ ᠰᠢᠭᠦᠮᠵᠢᠯᠡᠯ ᠪᠠ ᠰᠠᠨᠠᠯ ᠢ ᠬᠦᠢᠴᠡᠳᠭᠡᠭᠰᠡᠨ ᠠᠵᠢᠯ ᠤᠨ ᠲᠤᠬᠠᠢ ᠦᠨᠡᠯᠡᠨ ᠶᠠᠷᠢᠯᠴᠠᠪᠠ᠃     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠵᠠᠨ ᠯᠢᠨ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠱᠢ ᠶᠠᠨ ᠵᠢᠶᠧ ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠫᠢᠩ᠂ ᠶᠠᠩ ᠶᠦᠨ ᠬᠤᠷᠠᠯ ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠵᠢᠷᠮᠤᠳᠤ ᠣᠪᠣᠷ ᠢᠶᠠᠨ ᠢᠯᠡᠳᠭᠡᠬᠦ ᠦᠭᠡ ᠭᠡᠯᠡᠪᠡ᠃     ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 5 ᠭᠡᠰᠢᠭᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 4 ᠲᠥᠯᠥᠭᠡᠯᠡᠭᠴᠢ ᠣᠶ ᠰᠢᠭᠤᠶ ᠵᠢᠮᠢᠰ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ᠂ ᠥᠨᠳᠥᠷ ᠪᠠᠷᠢᠮᠵᠢᠶᠠᠳᠤ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠠᠵᠢᠯ ᠵᠡᠷᠭᠡ ᠶᠢᠨ ᠲᠣᠭᠤᠷᠢᠨ ᠳᠤ ᠠᠰᠠᠭᠤᠯᠲᠠ ᠳᠤᠷᠠᠳᠴᠤ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠳᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ ᠬᠠᠷᠢᠭᠤᠯᠲᠠ ᠭᠢᠪᠡ᠃ ᠲᠣᠰ ᠤᠳᠠᠭᠠᠨ ᠤ ᠬᠤᠷᠠᠯ ᠢ ᠸᠢᠳᠢᠤ᠋ ᠪᠠᠷ ᠰᠦᠯᠵᠢᠶᠡᠨ ᠲᠡᠭᠡᠷ᠎ᠠ ᠰᠢᠭᠤᠳ ᠨᠡᠪᠲᠡᠷᠡᠭᠦᠯᠭᠦ ᠬᠡᠯᠪᠡᠷᠢ ᠪᠠᠷ ᠶᠠᠪᠤᠭᠳᠠᠭᠤᠯᠪᠠ᠃     ᠵᠢᠷᠤᠮᠳᠤ ᠲᠤᠰ ᠤᠳᠠᠭᠠᠨ ᠤ ᠦᠨᠡᠯᠡᠯᠲᠡ ᠪᠠᠷ ᠠᠵᠠ ᠲᠣᠬᠢᠶᠠᠯ ᠪᠣᠯᠭᠠᠵᠤ᠂ ᠭᠡᠰᠢᠭᠦᠳ ᠪᠣᠯᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠠᠰᠠᠭᠤᠳᠠᠯ ᠢ ᠰᠢᠢᠳᠪᠦᠷᠢᠯᠡᠬᠦ ᠪᠠ ᠳᠤᠲᠠᠭᠤᠳᠠᠯ ᠢ ᠨᠥᠬᠦᠪᠥᠷᠢᠯᠡᠬᠦ᠂ ᠠᠵᠢᠯ ᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠰᠢᠢᠳᠪᠦᠷᠢᠯᠡᠬᠦ ᠴᠢᠨᠠᠷᠵᠢᠯ᠂ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦ ᠲᠠᠯᠪᠢᠵᠤ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠶᠡᠭᠡ ᠡᠷᠴᠢᠮ ᠢᠶᠠᠷ ᠬᠠᠲᠤᠨ ᠭᠤᠤᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠨᠢᠭᠡᠳᠦᠭᠡᠷ ᠠᠵᠤ ᠦᠢᠯᠡᠰ ᠢ ᠳᠠᠬᠢᠨ ᠴᠣᠭᠴᠠᠯᠠᠬᠤ ᠠᠵᠢᠯᠯᠠᠭ᠎ᠠ ᠶᠢ ᠠᠬᠢᠭᠤᠯᠵᠤ᠂ ᠪᠥᠬᠦ ᠬᠤᠲᠠ ᠶᠢᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠰᠠᠶᠢᠨ ᠪᠥᠭᠡᠳ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠳᠣᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠤ ᠢᠯᠡᠷᠭᠡᠶᠢᠯᠡᠪᠡ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠠᠷᠢᠭᠤᠯᠲᠠ ᠨᠢ ᠮᠠᠰᠢ ᠰᠠᠶᠢᠨ᠂ ᠨᠠᠶᠢᠳᠠᠪᠤᠷᠢᠵᠢᠭᠤᠯᠬᠤ ᠳᠤ ᠬᠦᠴᠢᠷᠲᠡᠢ︾ ᠲᠥᠯᠥᠭᠡᠯᠡᠭᠴᠢ ᠶᠢᠨ ᠰᠠᠨᠠᠯ ᠵᠦᠪᠯᠡᠯᠭᠡ ᠶᠢ ᠬᠦᠢᠴᠡᠳᠭᠡᠬᠦ ᠪᠡᠷᠬᠡ ᠪᠤᠳᠤᠯᠢᠶᠠᠨᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠱᠠᠳᠤ ᠬᠤᠪᠢᠶᠠᠨ ᠬᠦᠢᠴᠡᠳᠭᠡᠬᠦ ᠲᠥᠯᠥᠪᠯᠡᠭᠡ ᠪᠣᠯᠤᠨ ᠪᠣᠳᠠᠲᠤ ᠴᠠᠭ ᠤᠨ ᠬᠢᠵᠠᠭᠠᠷ ᠢ ᠨᠠᠷᠢᠨ ᠬᠢᠨᠠᠮᠠᠭᠠᠢ ᠬᠠᠷᠢᠭᠤᠴᠠᠯᠭ᠎ᠠ ᠲᠠᠢ ᠪᠠᠷ ᠳᠤᠷᠠᠳᠴᠤ᠂ ᠱᠠᠳᠤ ᠬᠤᠪᠢᠶᠠᠨ ᠪᠦᠯᠦᠭ ᠤᠳᠠᠭ᠎ᠠ ᠬᠤᠪᠢᠶᠠᠨ ᠬᠦᠢᠴᠡᠳᠭᠡᠬᠦ  ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠦᠷᠭᠦᠯᠵᠢᠯᠡᠨ ᠴᠢᠨᠠᠷᠯᠢᠭ ᠰᠠᠶᠢᠳᠤᠷ ᠬᠦᠢᠴᠡᠳᠭᠡᠵᠤ᠂ ᠨᠢᠭᠡᠳᠦᠭᠡᠷ ᠠᠵᠤ ᠦᠢᠯᠡᠰ ᠢ ᠲᠠᠬᠢᠨ ᠴᠣᠭᠴᠠᠯᠠᠬᠤ ᠶᠢ ᠴᠢᠨᠠᠷ ᠰᠠᠶᠢᠲᠠᠢ ᠠᠬᠢᠭᠤᠯᠵᠤ᠂ ᠬᠡᠪᠴᠢᠶᠡᠵᠢᠭᠰᠡᠨ ᠦᠢᠯᠡᠳᠪᠦᠷᠢᠯᠡᠯ ᠤᠨ ᠭᠢᠷᠢ ᠲᠦᠪᠰᠢᠨ ᠥᠨᠳᠥᠷ ᠪᠢᠰᠢ᠂ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠴᠢᠩᠭ᠎ᠠ ᠪᠢᠰᠢ᠂ ᠠᠵᠤ ᠦᠢᠯᠡᠰ ᠤᠨ ᠭᠡᠯᠭᠢᠶ᠎ᠠ ᠳᠤᠲᠠᠮᠠᠭ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠯ ᠲᠠᠷᠢᠶᠠᠯᠠᠩ ᠤᠨ ᠬᠦᠴᠦᠷᠬᠡᠭ ᠬᠤᠳᠠ ᠶᠢ ᠪᠦᠳᠦᠭᠡᠨ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠡᠪᠡ᠃ 
ᠢᠷᠡᠯᠲᠡ᠄ ᠤᠷᠳᠤᠰ ᠤᠨ ᠡᠳᠤᠷ ᠤᠨ ᠰᠤᠨᠢᠨ