ᠤᠷᠳᠤᠰ᠄ ᠰᠢᠨ᠎ᠠ ᠶᠢ ᠡᠬᠦᠳᠬᠦ ᠬᠥᠴᠥᠨ ᠢᠶᠠᠷ ᠪᠥᠬᠦ ᠤᠷᠤᠨ ᠳᠤ ᠲᠠᠭᠤᠷᠢᠶᠠᠯ ᠥᠵᠡᠬᠦᠯᠬᠦᠢ ᠰᠢᠷᠢᠰ ᠮᠡᠳᠡᠬᠡᠯᠡᠯ ᠲᠥᠷᠪᠡ ᠤᠷᠳᠤᠰ ᠬᠡᠷᠬᠢᠨ ᠬᠤᠳᠠᠯᠳᠤᠭ᠎ᠠ ︽ᠡᠷᠬᠢᠯᠡᠬᠦ︾ ᠪᠤᠢ︖
ᠨᠡᠶᠢᠲᠡᠯᠡᠭᠰᠡᠨ ᠴᠠᠭ᠄
2023/10/27
      ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠶᠡᠷᠦ ᠳᠡᠭᠡᠨ ᠠᠵᠤ ᠠᠬᠤᠶ ᠶᠢᠨ ᠬᠥᠭᠵᠢᠯᠲᠡ ᠶᠢᠨ ᠰᠢᠯᠭᠠᠭᠤᠷ ᠭᠡᠵᠦ ᠦᠵᠡᠳᠡᠭ ᠪᠥᠭᠡᠳ ᠣᠷᠣᠨ ᠨᠤᠲᠤᠭ ᠤᠨ ᠤᠯᠤᠰ ᠲᠥᠷᠥ ᠶᠢᠨ ᠠᠮᠢ ᠠᠬᠤᠶ᠂ ᠨᠡᠶᠢᠭᠡᠮ ᠤᠨ ᠠᠮᠢ ᠠᠬᠤᠶ ᠶᠢᠨ ᠲᠤᠰᠬᠠᠯ ᠬᠡᠳᠡᠭ᠃ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ︽ᠲᠣᠭᠲᠠᠭᠤᠨ︾ ᠤ ᠳᠤᠯᠭᠠᠭᠤᠷᠢᠯᠠᠭᠴᠢ᠂ ︽ᠠᠬᠢᠯᠳᠠ︾ ᠢᠢᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ︽ᠭᠤᠷᠪᠠᠨ ᠲᠦᠷᠪᠡ︾ ᠶᠢᠨ ᠡᠵᠢᠯ ᠤᠨ ᠡᠭᠦᠷᠭᠡ ᠠᠴᠠ ᠣᠳᠣᠬᠢᠴᠢᠯᠠᠭᠰᠠᠨ ᠤᠷᠳᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠦᠷᠲᠡᠯ᠎ᠡ᠂ ︽ᠰᠢᠨ᠎ᠡ ᠵᠠᠮ ᠢᠶᠠᠷ ᠵᠠᠮᠨᠠᠵᠤ᠂ ᠡᠮᠦᠨ᠎ᠡ ᠡᠩᠨᠡᠭᠡᠨ ᠳᠤ ᠣᠷᠣᠬᠤ︾ ᠠᠴᠠ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠬᠦᠷᠲᠡᠯ᠎ᠡ᠂ ᠤᠷᠳᠤᠰ ᠢᠮᠠᠭᠲᠠ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠪᠠᠷ ᠪᠦᠲᠦᠮᠵᠢᠲᠡᠢ ᠭᠠᠷᠳᠠᠴᠠ ᠪᠠ ᠴᠢᠬᠤᠯᠠ ᠪᠠᠲᠤᠯᠠᠭ᠎ᠠ ᠪᠣᠯᠭᠠᠵᠤ᠂ ︽ᠪᠦᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ︾ ᠶᠢ ᠴᠢᠷᠮᠠᠶᠢᠨ ᠡᠭᠦᠳᠬᠦ ᠶᠢᠨ ᠲᠥᠯᠥᠭᠡ ᠲᠦᠷᠭᠡᠨ ᠪᠥᠭᠡᠳ ᠯᠠᠪᠳᠠᠭᠤᠨ ᠢᠶᠠᠷ ᠤᠷᠤᠭᠰᠢᠯᠠᠨ᠎ᠠ᠃      ᠤᠷᠳᠤᠰ ᠬᠤᠳᠠ ︽ᠨᠠᠶᠢᠵᠠ ᠶᠢᠨ ᠲᠤᠭᠤᠷᠢᠭ︾ ᠢᠶᠠᠨ ᠳᠠᠰᠤᠷᠠᠯᠳᠠ ᠦᠬᠡᠢ ᠥᠷᠭᠡᠳᠭᠡᠵᠦ᠂ ᠡᠯᠪᠡᠭ ᠪᠠᠶᠠᠯᠢᠭ ᠠᠵᠤ ᠦᠢᠯᠡᠰ ᠤᠨ ᠳᠦᠷᠦᠯ ᠵᠦᠢᠯ ᠢ ᠬᠠᠶᠢᠷ᠎ᠠ ᠬᠠᠯᠠᠮᠵᠢᠳᠤ ᠬᠤᠳᠠ ᠳᠤ ᠣᠷᠣᠭᠤᠯᠵᠤ᠂ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠠᠷᠠᠳ ᠢ ᠪᠠᠶᠠᠵᠢᠭᠤᠯᠤᠨ ᠬᠤᠳᠠ ᠪᠠᠨ ᠬᠦᠴᠦᠷᠬᠡᠭᠵᠢᠭᠦᠯᠦᠨ᠎ᠡ᠃      ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠥ ᠤᠶᠢᠯᠡᠰ ᠤᠨ ᠨᠡᠭᠡᠭᠡᠯᠳᠡ ᠶᠢᠨ ᠤᠷᠤᠨ ᠳᠤ ᠪᠠᠶᠢᠷᠢᠯᠠᠭ᠎ᠠ ᠠᠨ ᠰᠢᠨ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠤᠤᠭᠤᠬᠤ ᠤᠰᠤ ᠶᠢᠨ ᠠᠮᠤᠷ ᠲᠦᠪᠰᠢᠨ ᠢ ᠪᠠᠲᠤᠯᠠᠬᠤ᠂ ᠪᠣᠬᠢᠷ ᠤᠰᠤ ᠶᠢ ᠭᠦᠨᠵᠡᠭᠡᠢ ᠰᠢᠢᠳᠪᠦᠷᠢᠯᠡᠬᠦ ᠺᠣᠮᠫᠠᠨᠢ ᠪᠣᠯᠤᠨ᠎ᠠ᠃ ᠤᠢᠢᠷ᠎ᠠ ᠶᠢᠨ ᠵᠢᠯ ᠠᠴᠠ ᠨᠠᠭᠠᠰᠢ᠂ ᠤᠷᠳᠤᠰ ᠬᠤᠳᠠ ᠶᠢᠨ ᠲᠠᠰᠤᠷᠠᠯᠳᠠ ᠦᠬᠡᠢ ᠰᠠᠶᠢᠵᠢᠷᠠᠵᠥ ᠪᠠᠶᠢᠭ᠎ᠠ ᠬᠤᠳᠠᠯᠳᠤᠭ᠎ᠠ ᠡᠷᠬᠢᠯᠡᠬᠦ ᠣᠷᠴᠢᠨ ᠠᠬᠤᠢ ᠪᠠ ᠠᠷᠭ᠎ᠠ ᠪᠦᠬᠦᠨ ᠢ ᠰᠦᠪᠡᠭᠴᠢᠯᠡᠨ ︽ᠦᠢᠯᠡᠰ ᠪᠦᠳᠦᠭᠡᠵᠤ ᠰᠢᠨ᠎ᠡ ᠶᠢ ᠡᠭᠦᠳᠬᠦ︾ ᠶᠢ ᠳᠡᠮᠵᠢᠬᠦ ᠬᠥᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠤ ᠠᠴᠢ ᠪᠠᠷ᠂ ᠠᠵᠤ ᠠᠬᠤᠶᠢᠯᠠᠯ ᠡᠳᠦᠷ ᠢᠷᠡᠬᠦᠶ᠎ᠡ ᠬᠥᠭᠵᠢᠨ ᠪᠤᠵᠠᠭᠠᠶᠢᠷᠠᠪᠠ᠃ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠥ ᠤᠶᠢᠯᠡᠰ ᠤᠨ ᠨᠡᠭᠡᠭᠡᠯᠳᠡ ᠶᠢᠨ ᠤᠷᠤᠨ ᠤ ᠬᠢᠨ ᠠᠵᠤ ᠠᠬᠤᠶᠢᠯᠠᠯ ᠳᠤ ᠲᠤᠰᠬᠠᠢ ᠬᠠᠮᠢᠶᠠᠷᠤᠭᠴᠢ ᠲᠤᠬᠢᠷᠠᠭᠤᠯᠵᠤ᠂ ᠠᠵᠤ ᠠᠬᠤᠶᠢᠯᠠᠯ ᠤᠨ ᠡᠯ᠎ᠡ ᠲᠦᠷᠦᠯ ᠤᠨ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠬᠠᠮᠲᠤ ᠡᠯ᠎ᠡ ᠵᠦᠢᠯ ᠤᠨ ᠳᠣᠲᠣᠨᠣ ᠦᠢᠯᠡᠴᠢᠯᠡᠭᠡ ᠪᠠ ᠵᠢᠯᠤᠭᠤᠳᠤᠯᠭ᠎ᠠ ᠬᠠᠩᠭᠠᠬᠤ ᠪᠠᠷ ᠳᠠᠮᠵᠢᠭᠤᠯᠤᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠴᠦ ᠨᠡᠮᠡᠭᠳᠡᠭᠦᠯᠵᠡᠢ᠃     ᠡᠭᠦᠨ ᠳᠤ ᠠᠨ ᠰᠢᠨ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠵᠡᠩᠨᠡᠯᠲᠡ ᠶᠢᠨ ᠶᠡᠷᠦᠩᠬᠡᠢ ᠬᠢᠨᠠᠭᠴᠢ ᠬᠤᠸᠠᠩ ᠯᠢ ᠵᠢᠤᠸᠠᠨ ᠭᠦᠨ ᠲᠦᠷᠦᠭᠳᠡᠯ ᠲᠠᠢ ᠪᠠᠶᠢᠯ᠎ᠠ᠃ ᠲᠡᠷᠡ᠄ ︽ᠬᠤᠶᠠᠷ ᠶᠠᠪᠤᠳᠠᠯ ᠨᠠᠳᠠ ᠳᠤ ᠭᠦᠨ ᠰᠠᠭᠤᠭᠳᠠᠯ ᠥᠯᠡᠳᠡᠬᠡᠵᠠᠢ᠂ ᠨᠢᠭᠡ ᠨᠢ᠂ ᠬᠤᠳᠠ ᠶᠢᠨ ᠵᠠᠰᠠᠭ ᠤᠨ ᠣᠷᠳᠣᠨ ᠤ ︿ᠪᠢ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠭᠦᠶ᠎ᠡ﹀ ᠭᠡᠰᠡᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ᠂ ᠨᠡᠭᠡᠭᠡᠯᠳᠡ ᠶᠢᠨ ᠣᠷᠣᠨ ᠤ ᠬᠢᠨ ︿ᠲᠤᠰᠬᠠᠶ ᠬᠠᠮᠢᠶᠠᠷᠤᠭᠴᠢ﹀ ᠶᠢᠨ ᠲᠦᠷᠢᠮ ᠢ ᠲᠣᠭᠲᠠᠭᠠᠵᠤ᠂ ︿ᠲᠤᠰᠬᠠᠶ ᠬᠠᠮᠢᠶᠠᠷᠤᠭᠴᠢ﹀ ᠨᠢ ᠦᠷᠭᠦᠯᠵᠢ ᠰᠠᠨᠠᠭᠠᠴᠢᠯᠠᠭ᠎ᠠ ᠠᠴᠠ ᠪᠠᠨ ᠪᠢᠳᠡᠨ ᠲᠠᠢ ᠵᠤᠯᠭᠠᠵᠥ ᠵᠢᠭᠠᠨ ᠵᠢᠯᠣᠭᠤᠳᠬᠤ ᠪᠠ ᠬᠠᠪᠰᠤᠷᠤᠨ ᠲᠡᠳᠬᠦᠭᠰᠡᠨ ᠠᠴᠠ ᠪᠢᠳᠡᠨ ᠤ ᠢᠲᠡᠭᠡᠯ ᠵᠣᠷᠢᠭ ᠢ ᠬᠥᠪᠴᠢᠯᠡᠨ᠂ ᠠᠵᠤ ᠠᠬᠤᠶᠢᠯᠠᠯ ᠤᠨ ᠨᠥᠯᠥᠭᠡᠯᠡᠬᠦ ᠬᠦᠴᠦᠨ ᠪᠠ ᠨᠡᠷ᠎ᠡ ᠠᠯᠳᠠᠷᠰᠢᠯ ᠢ ᠥᠷᠭᠡᠳᠭᠡᠬᠦ ᠳᠤ ᠬᠠᠪᠰᠤᠷᠤᠯᠭ᠎ᠠ ᠦᠵᠡᠭᠦᠯᠦᠭᠰᠡᠨ ᠪᠠᠶᠢᠨ᠎ᠠ᠃ ᠨᠥᠬᠦᠬᠡ ᠨᠢ ᠦᠢᠯᠡᠰ ᠪᠦᠳᠦᠭᠡᠵᠤ ᠰᠢᠨ᠎ᠡ ᠶᠢ ᠡᠭᠦᠳᠬᠦ ᠣᠷᠴᠢᠨ ᠠᠬᠤᠢ ᠶᠢ ᠲᠡᠰ ᠳᠡᠪᠰᠢᠬᠦᠯᠥᠭᠰᠡᠨ ᠨᠢ ᠪᠢᠳᠡᠨ ᠳᠤ ᠦᠨᠡᠨ ᠬᠦ ᠬᠠᠪᠰᠤᠷᠤᠯᠭ᠎ᠠ ᠪᠣᠯᠵᠠᠢ᠃ ᠤᠯᠠᠮ ᠠᠴᠠ ᠤᠯᠠᠮ ᠰᠠᠶᠢᠵᠢᠷᠠᠵᠥ ᠪᠠᠶᠢᠭ᠎ᠠ ᠬᠤᠳᠠᠯᠳᠤᠭ᠎ᠠ ᠡᠷᠬᠢᠯᠡᠬᠦ ᠣᠷᠴᠢᠨ ᠠᠬᠤᠢ ᠪᠣᠯᠤᠨ ᠪᠣᠳᠠᠲᠠᠢ ᠶᠢ ᠡᠷᠬᠢᠮᠯᠡᠭᠰᠡᠨ ᠵᠠᠷᠢᠮ ᠲᠦᠷᠦ ᠶᠢᠨ ᠪᠤᠳᠤᠯᠭ᠎ᠠ ᠨᠢ ᠮᠠᠨ ᠤ ᠺᠣᠮᠫᠠᠨᠢ ᠶᠢᠨ ᠬᠥᠭᠵᠢᠯᠲᠡ ᠶᠢᠨ ᠲᠦᠷᠭᠡᠨ ᠵᠠᠮ ᠳᠤ ᠣᠷᠣᠬᠤ ᠳᠤ ᠬᠦᠴᠦᠨ ᠨᠡᠮᠡᠷᠢᠯᠡᠵᠡᠢ︾ ᠭᠡᠵᠤ ᠪᠠᠶᠢᠯ᠎ᠠ᠃     ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢᠨ ︽ᠪᠡᠶᠡᠴᠢᠯᠡᠨ ᠣᠶᠢᠯᠠᠭᠠᠬᠤ ᠲᠤᠰᠢᠶᠠᠯᠲᠠᠨ︾ ᠪᠣᠯ ᠣᠷᠳᠣᠰ ᠬᠤᠲᠠ ᠪᠥᠬᠦ ᠣᠷᠣᠨ ᠳᠤ ᠡᠩ ᠲᠡᠷᠢᠭᠦᠨ ᠳᠤ ᠬᠡᠷᠡᠭᠵᠢᠭᠦᠯᠦᠭᠰᠡᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ ᠨᠢᠭᠡ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ᠎ᠠ ᠃ ᠣᠯᠠᠨ ᠲᠦᠮᠡᠨ ᠤ ᠰᠡᠳᠭᠢᠯ ᠤᠨ ᠦᠭᠡ ᠶᠢ ᠰᠣᠨᠣᠰᠴᠤ᠂ ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠯ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠠᠶᠢᠵᠢᠷᠠᠭᠤᠯᠬᠤ ᠬᠠᠮᠤᠭ ᠤᠨ ᠥᠨᠳᠤᠰᠤᠨ ᠠᠵᠢᠯ ᠮᠥᠨ᠂ ᠪᠠᠰᠠ ᠴᠤ ᠣᠷᠳᠣᠰ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ︽ᠪᠡᠶᠡᠴᠢᠯᠡᠨ ᠣᠶᠢᠯᠠᠭᠠᠬᠤ ᠲᠤᠰᠢᠶᠠᠯᠲᠠᠨ︾ ᠤ ᠲᠦᠷᠢᠮ ᠢ ᠰᠢᠨ᠎ᠡ ᠪᠠᠷ ᠡᠭᠦᠳᠦᠭᠰᠡᠨ ᠤ ᠠᠩᠬᠠᠨ ᠤ ᠵᠣᠷᠢᠯᠲᠠ ᠮᠥᠨ᠃     ᠤᠷᠳᠤᠰ ᠤᠨ ᠲᠦᠷᠦᠭᠦᠦ ᠪᠦᠯᠦᠭ ᠤᠨ 150 ᠡᠵᠡᠩᠨᠡᠯᠲᠡ ᠶᠢᠨ ᠣᠷᠴᠢᠨ ᠠᠬᠤᠢ ᠶᠢ ᠪᠡᠶᠡᠴᠢᠯᠡᠨ ᠣᠶᠢᠯᠠᠭᠠᠬᠤ ᠲᠤᠰᠢᠶᠠᠯᠲᠠᠨ ᠨᠢ ᠵᠠᠷᠢᠮ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠵᠠᠭᠤᠴᠢᠯᠠᠭᠤᠷ ᠤᠨ ᠰᠤᠷᠪᠤᠯᠵᠢᠯᠠᠭᠴᠢ᠂ ᠬᠠᠤᠯᠢᠴᠢ ᠵᠢᠴᠢ ᠠᠵᠤ ᠠᠬᠤᠶᠢᠯᠠᠯ ᠤᠨ ᠡᠮᠦᠨ᠎ᠡ ᠹᠷᠣᠨᠲ ᠤᠨ ᠬᠡᠷᠡᠭ ᠡᠷᠬᠢᠯᠡᠭᠴᠢ ᠨᠠᠷ ᠢᠶᠠᠷ ᠪᠦᠷᠢᠯᠳᠦᠵᠡᠢ᠃ ᠪᠡᠶᠠᠴᠢᠯᠡᠨ ᠣᠶᠢᠯᠠᠭᠠᠬᠤ ᠲᠤᠰᠢᠶᠠᠯᠲᠠᠨ ᠢᠶᠠᠷ ᠳᠠᠮᠵᠢᠭᠤᠯᠤᠨ ᠣᠷᠳᠣᠰ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠪᠠ ᠰᠠᠨᠠᠭᠤᠯᠭ᠎ᠠ ᠶᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠣᠷᠳᠣᠰ ᠬᠤᠲᠠ ᠶᠢᠨ ︽ᠲᠠᠪᠤᠨ ᠬᠠᠨᠤᠮᠵᠢᠳᠠᠢ ︾ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠳᠦᠷᠦᠯ ᠲᠡᠮᠳᠡᠭᠲᠦ ᠶᠢ ᠡᠭᠦᠳᠦᠨ ᠪᠠᠶᠢᠭᠤᠯᠬᠤ ᠳᠤ ︽ᠬᠥᠭᠦᠷᠭᠡ︾ ᠪᠠ ︽ᠴᠠᠭ ᠠᠭᠤᠷ ᠤᠨ ᠬᠡᠮᠵᠢᠭᠦᠷ︾ ᠤᠨ ᠦᠢᠯᠡᠳᠦᠯ ᠢ ᠪᠠᠳᠠᠷᠠᠭᠤᠯᠵᠠᠢ᠃     ᠡᠨᠡ ᠵᠢᠯ ᠤᠨ 7 ᠰᠠᠷ᠎ᠠ ᠳᠤ᠂ ᠣᠷᠳᠣᠰ ᠤᠨ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢᠨ ︽ᠪᠡᠶᠡᠴᠢᠯᠡᠨ ᠣᠶᠢᠯᠠᠭᠠᠬᠤ ᠲᠤᠰᠢᠶᠠᠯᠲᠠᠨ︾ ᠵᠠᠩ ᠬᠤᠶ ᠹᠧᠩ ᠬᠦᠷᠢᠶᠡᠯᠡᠩ ᠲᠣᠭᠤᠷᠢᠭ ᠤᠨ ᠠᠵᠢᠯᠲᠠᠨ ᠠᠵᠢᠯᠴᠢᠨ ᠤ ︽ᠠᠵᠢᠯ ᠳᠤ ᠭᠠᠷᠬᠤ ᠳᠤ ᠬᠦᠴᠢᠷ︾ ᠪᠠᠶᠢᠬᠤ ᠠᠰᠠᠭᠤᠳᠠᠯ ᠢ ᠳᠤᠷᠠᠳᠤᠭᠰᠠᠨ ᠪᠥᠭᠡᠳ ᠵᠠᠰᠠᠭ ᠤᠨ ᠣᠷᠳᠣᠨ ᠠᠴᠠ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠲᠠᠢ ᠵᠣᠬᠢᠴᠠᠭᠤᠯᠵᠤ ᠪᠠᠶᠢᠭᠠᠳ ᠬᠥᠬᠡᠬᠤᠲᠠ ᠠᠴᠠ ᠲᠣᠭᠲᠠᠬᠤ ᠰᠢᠶᠠᠨ ᠬᠥᠷᠬᠦ ᠬᠤᠲᠠ ᠶᠢᠨ ᠬᠤᠭᠤᠷᠣᠨᠳᠣᠬᠢ ᠭᠠᠯᠲᠤ ᠲᠡᠷᠭᠡ ᠶᠢ ᠳ᠋ᠠ ᠯᠤ᠋ ᠵᠡᠭᠦᠨᠭᠠᠷ ᠥᠷᠲᠡᠭᠡ ᠬᠦᠷᠲᠡᠯ᠎ᠡ ᠤᠷᠲᠤᠳᠬᠠᠬᠤ ᠶᠢ ᠬᠦᠰᠡᠵᠡᠶ᠃ ᠤᠷᠳᠤᠰ ᠬᠤᠳᠠ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠤᠷᠳᠤᠰ ᠬᠤᠳᠠ ᠶᠢᠨ ᠳᠡᠮᠤᠷ ᠵᠠᠮ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠥᠪ᠂ ᠵᠡᠭᠦᠨᠭᠠᠷ ᠬᠤᠰᠢᠭᠤ ᠬᠠᠮᠲᠤᠪᠠᠷ ᠳᠤᠮᠳᠠᠳᠤ ᠤᠯᠤᠰ ᠤᠨ ᠳᠡᠮᠤᠷ ᠵᠠᠮ ᠤᠨ ᠬᠥᠬᠡᠬᠤᠲᠠ ᠶᠢᠨ ᠲᠤᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠬᠠᠮᠵᠢᠯᠴᠠᠨ C937 ᠡᠭᠡᠯᠵᠢ ᠶᠢᠨ ᠭᠠᠯᠲᠤ ᠲᠡᠷᠭᠡ ᠶᠢ ᠵᠢᠩᠬᠢᠨᠢ ᠪᠠᠷ ᠨᠡᠪᠲᠡᠷᠡᠭᠦᠯᠪᠡ᠃ ᠭᠠᠯᠲᠤ ᠲᠡᠷᠭᠡᠨ ᠤ ᠠᠶᠠᠯᠠᠯ ᠤᠨ ᠴᠠᠭ ᠨᠢ ᠳ᠋ᠠ ᠯᠤ᠋ ᠠᠵᠤ ᠦᠢᠯᠡᠰ ᠤᠨ ᠬᠦᠷᠢᠶᠡᠯᠡᠩ ᠤᠨ ᠠᠵᠢᠯᠲᠠᠳ ᠤᠨ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠶᠢᠨ ᠬᠡᠷᠡᠭᠴᠡᠭᠡ ᠶᠢ ᠬᠠᠩᠭᠠᠭᠰᠠᠨ ᠢᠶᠠᠷ ᠪᠠᠷᠠᠬᠤ ᠥᠬᠡᠶ᠂ ᠬᠥᠬᠡᠬᠤᠲᠠ ᠳᠤ ᠠᠮᠢᠳᠤᠷᠠᠵᠤ᠂ ᠵᠡᠭᠦᠨᠭᠠᠷ ᠬᠤᠰᠢᠭᠤᠨ ᠤ ᠳ᠋ᠠ ᠯᠤ᠋ ᠠᠵᠤ ᠦᠢᠯᠡᠰ ᠤᠨ ᠬᠦᠷᠢᠶᠡᠯᠡᠩ ᠳᠤ ᠠᠵᠢᠯᠯᠠᠵᠤ ᠪᠠᠶᠢᠭ᠎ᠠ ᠠᠵᠢᠯᠲᠠᠳ ᠤᠨ ᠬᠥᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠪᠠᠶᠢᠨ᠎ᠠ᠃     ᠬᠤᠳᠠᠯᠳᠤᠭ᠎ᠠ ᠡᠷᠭᠢᠯᠡᠬᠦ ᠣᠷᠴᠢᠨ ᠠᠬᠤᠢ ᠪᠤᠯ ᠨᠢᠭᠡ ᠭᠠᠵᠠᠷ ᠣᠷᠣᠨ ᠤ ᠴᠢᠬᠤᠯᠠ ᠵᠥᠭᠡᠯᠡᠨ ᠪᠣᠳᠠᠲᠤ ᠬᠦᠴᠦᠨ ᠮᠥᠨ᠂ ᠪᠠᠰᠠ ᠴᠤ ᠭᠤᠤᠯᠯᠠᠬᠤ ᠥᠷᠢᠰᠦᠯᠳᠦᠬᠦ ᠬᠦᠴᠦᠨ ᠤ ᠨᠢᠭᠡ ᠮᠥᠨ᠃ ᠮᠠᠨ ᠤ ᠬᠤᠲᠠ ︽ᠪᠥᠬᠦ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠪᠡᠶᠡᠴᠢᠯᠡᠨ ᠣᠶᠢᠯᠠᠭᠠᠬᠤ ᠲᠤᠰᠢᠶᠠᠯᠲᠠᠨ ᠤ ᠠᠵᠢᠯ ᠤᠨ ᠲᠠᠪᠴᠠᠩ︾ ᠢ ᠠᠰᠢᠭᠯᠠᠨ᠂ ︽ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠵᠠᠳᠠᠯᠬᠤ᠂ ᠱᠠᠯᠠᠪᠳᠠᠭᠤᠯᠤᠨ ᠰᠢᠢᠳᠪᠦᠷᠢᠯᠡᠭᠦᠯᠬᠦ᠂ ᠬᠠᠷᠢᠭᠤ ᠲᠤᠰᠬᠠᠵᠤ ᠦᠨᠡᠯᠡᠬᠦ︾ ᠪᠢᠲᠡᠭᠦᠤ ᠠᠵᠢᠯ ᠤᠨ ᠵᠠᠭᠪᠤᠷ ᠢ ᠪᠣᠶ ᠪᠣᠯᠭᠠᠵᠤ᠂ 2023 ᠣᠨ ᠤ 10 ᠰᠠᠷ᠎ᠠ ᠶᠢᠨ 10 ᠤ ᠡᠳᠦᠷ ᠪᠣᠯᠲᠠᠯ᠎ᠠ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠪᠡᠶᠡᠴᠢᠯᠡᠨ ᠣᠶᠢᠯᠠᠭᠠᠬᠤ ᠲᠤᠰᠢᠶᠠᠯᠲᠠᠨ ᠤ ᠠᠵᠢᠯ ᠤᠨ ᠲᠠᠪᠴᠠᠩ ᠠᠴᠠ ᠡᠯ᠎ᠡ ᠲᠥᠷᠥᠯ ᠤᠨ ᠠᠰᠠᠭᠤᠳᠠᠯ ᠤᠨ ᠲᠤᠬᠠᠶ ᠨᠡᠶᠢᠲᠡ 84 ᠰᠠᠨᠠᠭᠤᠯᠭ᠎ᠠ ᠶᠢ ᠴᠤᠭᠯᠠᠭᠤᠯᠵᠤ᠂ 84 ᠵᠦᠢᠯ ᠢ ᠨᠢ ᠨᠢᠭᠡᠨᠲᠡ ᠰᠢᠢᠳᠪᠦᠷᠢᠯᠡᠵᠦ ᠳᠠᠭᠤᠰᠬᠠᠭᠠᠳ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 100% ᠳᠤ ᠬᠦᠷᠴᠡᠶ᠃     ᠣᠷᠳᠣᠰ ᠬᠤᠲᠠ ᠢᠮᠠᠭᠲᠠ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠠᠶᠢᠵᠢᠷᠠᠭᠤᠯᠬᠤ ᠶᠢ ︽ᠨᠢᠭᠡᠳᠦᠭᠡᠷ ᠢᠨᠵᠧᠨᠧᠷᠢᠩ︾ ᠪᠣᠯᠭᠠᠨ ᠠᠳᠬᠤᠵᠤ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠯᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠣᠯᠠᠨ ᠵᠦᠢᠯ ᠤᠨ ᠠᠷᠭ᠎ᠠ ᠬᠡᠮᠵᠢᠶ᠎ᠡ᠂ ᠠᠷᠠᠳ ᠤᠨ ᠲᠥᠯᠥᠭᠡ ᠦᠢᠯᠡᠴᠢᠯᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ᠂ ᠬᠤᠰᠢᠭᠤ ᠲᠣᠭᠤᠷᠢᠭ ᠤᠨ ᠬᠢᠨ ᠲᠣᠰ ᠲᠣᠰ ᠤᠨ ᠬᠦᠷᠢᠶ᠎ᠡ ᠴᠠᠷᠠᠭ᠎ᠠ ᠶᠢᠨ ᠢᠶᠠᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠠᠶᠢᠵᠢᠷᠠᠭᠤᠯᠬᠤ ᠲᠤᠰᠬᠠᠶ ᠲᠥᠰᠦᠯ ᠢ ᠨᠡᠶᠢᠲᠡᠯᠡᠵᠦ᠂ ︽ᠲᠠᠪᠤᠨ ᠬᠠᠨᠤᠮᠵᠢᠳᠠᠢ︾ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠳᠦᠷᠦᠯ ᠲᠡᠮᠳᠡᠭᠲᠦ ᠪᠠᠷ ᠳᠠᠮᠵᠢᠭᠤᠯᠤᠨ᠂ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠠᠶᠢᠵᠢᠷᠠᠭᠤᠯᠬᠤ ᠬᠤᠷᠳᠤᠴᠠ ᠪᠠᠨ ᠨᠡᠮᠡᠭᠳᠡᠭᠦᠯᠵᠠᠢ᠃     ᠪᠥᠬᠦ ᠣᠷᠣᠨ ᠤ ᠠᠩᠬᠠᠳᠠᠭᠴᠢ ︽ᠭᠡᠷᠡᠴᠢᠯᠡᠯ ᠥᠬᠡᠶ ᠬᠤᠲᠠ︾ ᠨᠢ ᠤᠷᠢᠳ ᠢᠶᠠᠷ ᠥᠯᠥ ᠬᠥᠳᠡᠯᠬᠦ ᠬᠥᠷᠥᠩᠭᠡ ᠶᠢ ︽ᠳᠠᠨᠵᠢᠯᠠᠵᠥ︾ ᠡᠷᠦᠬᠡ ᠰᠢᠯᠵᠢᠭᠦᠯᠬᠦ ᠶᠢ ᠠᠬᠢᠭᠤᠯᠤᠨ᠂ ︽ᠣᠷᠣᠨ ᠪᠦᠰᠡ ᠶᠢᠨ ᠦᠨᠡᠯᠡᠨ ᠵᠢᠱᠢᠯᠲᠡ + ᠭᠠᠵᠠᠷ ᠬᠡᠷᠡᠭᠯᠡᠬᠦ ᠲᠣᠳᠣᠷᠬᠠᠶ ᠬᠠᠭᠤᠳᠠᠰᠤ ᠶᠢᠨ ᠲᠦᠷᠢᠮ + ᠪᠠᠷᠢᠮᠵᠢᠶᠠᠲᠤ ᠭᠠᠵᠠᠷ + ᠭᠠᠵᠠᠷ ᠠᠪᠤᠮᠠᠭᠴᠠ ᠳᠠᠷᠤᠶ ᠠᠵᠢᠯ ᠡᠬᠢᠯᠡᠭᠦᠯᠬᠦ︾ ᠪᠥᠬᠦ ᠬᠡᠯᠬᠢᠶᠡᠨ ᠤ ᠥᠭᠡᠷᠡᠴᠢᠯᠡᠯᠲᠡ ᠶᠢ ᠶᠡᠭᠡ ᠪᠠᠷ ᠬᠡᠷᠡᠭᠵᠢᠭᠦᠯᠬᠦ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠠᠶᠢᠵᠢᠷᠠᠭᠤᠯᠬᠤ 5 ᠵᠦᠢᠯ ᠤᠨ ᠠᠵᠢᠯ ᠤᠨ ᠲᠥᠰᠦᠯ ᠪᠠ ︽︿ᠬᠠᠶᠢᠷ᠎ᠠ ᠬᠠᠯᠠᠮᠵᠢᠳᠤ ᠬᠤᠲᠠ · ᠲᠠᠪᠤᠨ ᠬᠠᠨᠤᠮᠵᠢᠳᠠᠢ﹀ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ︵20 ᠵᠤᠷᠪᠤᠰ︶︾  ᠢ ᠨᠠᠶᠢᠷᠠᠭᠤᠯᠤᠨ ᠵᠣᠬᠢᠶᠠᠪᠠ ᠁ ᠰᠢᠨᠲᠠᠷᠠᠰᠢ ᠥᠬᠡᠶ ᠴᠢᠷᠮᠠᠶᠢᠯᠭ᠎ᠠ ᠪᠠᠷ ᠳᠡᠮᠵᠢᠭᠠᠳ᠂ ᠮᠠᠨ ᠤ ᠬᠤᠲᠠ ᠭᠤᠷᠪᠠᠨ ᠵᠢᠯ ᠳᠠᠷᠠᠭᠠᠯᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠦᠨᠡᠯᠡᠨ ᠵᠢᠱᠢᠯᠲᠡ ᠳᠤ ᠲᠡᠷᠢᠭᠦᠯᠡᠪᠡ︔ 2022 ᠣᠨ ᠳᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ 5613 ᠳ᠋ᠦᠩᠰᠢᠭᠤᠷ ᠲᠥᠭᠦᠷᠢᠭ ᠲᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠤ ᠣᠷᠣᠵᠤ᠂ ᠬᠥᠮᠦᠨ ᠳᠤᠮᠳᠠᠴᠢ ᠶᠢᠨ GDP ᠪᠥᠬᠦ ᠤᠯᠤᠰ ᠤᠨ ᠲᠡᠷᠢᠭᠦᠨ ᠳᠤ ᠣᠷᠣᠪᠠ᠃ 2022 ᠣᠨ ᠳᠤ ︽ᠳᠤᠮᠳᠠᠳᠤ ᠤᠯᠤᠰ ᠤᠨ ᠪᠠᠯᠠ ᠣᠷᠣᠭᠤᠯᠤᠯᠲᠠ ᠶᠢᠨ ᠬᠠᠯᠠᠮᠰᠢᠯ ᠬᠤᠲᠠ︾ ᠪᠠᠷ ᠰᠣᠩᠭᠤᠭᠳᠠᠪᠠ᠃     ᠬᠤᠲᠠ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠲᠤᠬᠠᠶᠢᠯᠠᠭᠰᠠᠨ ᠠᠵᠢᠯ ᠤᠨ ᠰᠠᠯᠠᠭ᠎ᠠ ᠶᠢᠨ ᠰᠠᠯᠠᠭᠠᠨ ᠳᠠᠷᠤᠭ᠎ᠠ ᠸᠠᠩ ᠶᠠᠨ ᠄ ︽ᠣᠶᠢᠷ᠎ᠠ ᠶᠢᠨ ᠵᠢᠯ ᠠᠴᠠ ᠨᠠᠭᠠᠰᠢ᠂ ᠣᠷᠳᠣᠰ ᠬᠤᠲᠠ ᠰᠢᠨ᠎ᠡ ᠵᠠᠮ ᠢᠶᠠᠷ ᠶᠠᠪᠤᠵᠤ ᠡᠮᠦᠨ᠎ᠡ ᠡᠩᠨᠡᠭᠡᠨ ᠳᠤ ᠣᠷᠣᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠬᠠᠶᠢᠷ᠎ᠠ ᠬᠠᠯᠠᠮᠵᠢᠳᠤ ᠬᠤᠲᠠ ᠶᠢᠨ ︿ᠲᠠᠪᠤᠨ ᠬᠠᠨᠤᠮᠵᠢᠳᠠᠢ﹀ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠷᠢᠳ ᠬᠤᠵᠢᠳ ᠲᠠᠪᠤᠨ ᠵᠦᠢᠯ ᠤᠨ ᠰᠢᠯᠢᠳᠡᠭᠵᠢᠭᠦᠯᠦᠨ ᠳᠡᠭᠡᠭᠰᠢᠯᠡᠭᠦᠯᠬᠦ ᠲᠥᠰᠦᠯ ᠢ ᠨᠡᠶᠢᠲᠡᠯᠡᠵᠦ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ 30 ᠵᠤᠷᠪᠤᠰ ᠰᠢᠨ᠎ᠡ ᠲᠥᠷᠥ ᠶᠢᠨ ᠪᠣᠳᠣᠯᠭ᠎ᠠ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠳᠡᠨ ᠫᠠᠶᠢᠰᠠ ᠵᠡᠷᠭᠡ ᠰᠢᠯᠢᠳᠡᠭᠵᠢᠭᠦᠯᠦᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠡᠶᠢᠲᠡᠯᠡᠪᠡ᠃ ᠡᠨᠡ ᠵᠢᠯ ᠪᠠᠰᠠ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠪᠡᠶᠡᠴᠢᠯᠡᠨ ᠣᠶᠢᠯᠠᠭᠠᠬᠤ ᠲᠤᠰᠢᠶᠠᠯᠲᠠᠨ ᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠢᠳᠡᠪᠬᠢᠲᠡᠶ ᠪᠠᠷ ᠳᠡᠭᠡᠭᠰᠢᠯᠡᠭᠦᠯᠪᠡ︾ ᠭᠡᠵᠤ ᠪᠠᠶᠢᠯ᠎ᠠ ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠳᠠ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠲᠠᠰᠤᠷᠠᠯᠳᠠ ᠦᠬᠡᠢ ᠰᠠᠶᠢᠵᠢᠷᠠᠭᠤᠯᠵᠥ᠂ ᠦᠷ᠎ᠡ ᠪᠦᠲᠦᠮᠵᠢ ᠪᠠᠨ ᠳᠡᠭᠡᠭᠰᠢᠯᠡᠭᠦᠯᠤᠨ᠂ ᠦᠢᠯᠡᠴᠢᠯᠡᠭᠡ ᠪᠠᠨ ᠴᠢᠩᠭᠠᠳᠬᠠᠵᠤ᠂ ᠨᠡᠩ ᠡᠷᠡᠰ ᠪᠠᠲᠤ ᠵᠣᠷᠢᠭ ᠪᠣᠯᠤᠨ ᠨᠡᠩ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠤᠨ ᠢᠲᠡᠭᠡᠯ ᠢ ᠣᠯᠵᠤ᠂ ᠪᠡᠯᠡ ᠣᠷᠣᠭᠤᠯᠤᠭᠴᠢᠳ ᠤᠨ ᠲᠠᠭᠠᠰᠢᠶᠠᠯ ᠢ ᠣᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠪᠠᠷᠠᠭᠳᠠᠰᠢ ᠦᠬᠡᠢ ᠬᠥᠳᠡᠯᠭᠡᠬᠦ ᠬᠦᠴᠦᠨ ᠢ ᠨᠢᠭᠲᠠᠷᠠᠭᠤᠯᠤᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ