2023 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/31
     ᠤᠶᠢᠷ᠎ᠠ ᠶᠢᠨ ᠡᠳᠦᠷ᠂ 2023 ᠣᠨ ᠤ ᠤᠷᠳᠤᠰ ᠤᠨ ᠨᠡᠭᠦᠷᠡᠰᠦᠲᠥ᠋ᠷᠥᠭᠴᠢ ᠦᠯᠤ ᠭᠠᠳᠠᠬᠰᠢᠯᠠᠭᠤᠯᠬᠤ ᠠᠵᠤ ᠦᠢᠯᠡᠰ ᠤᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠬᠤᠷᠠᠯ ᠳᠤ ᠣᠷᠣᠯᠴᠠᠭᠰᠠᠨ ᠤ ᠬᠠᠮᠳᠤ ᠬᠤᠷᠠᠯ ᠡᠬᠢᠯᠡᠭᠰᠡᠨ ᠢ ᠵᠠᠷᠯᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠣᠯᠠᠨ ᠤᠯᠤᠰ ᠤᠨ ᠴᠠᠬᠢᠯᠭᠠᠨ ᠤ ᠠᠵᠢᠯ ᠤᠨ ᠵᠥᠪᠯᠡᠯ ᠤᠨ ᠲᠡᠷᠢᠭᠦᠯᠡᠭᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠱᠤ᠋ ᠶᠢᠨ ᠪᠢᠶᠤᠤ ᠬᠤᠷᠠᠯ ᠳᠤ ᠣᠷᠣᠯᠴᠠᠬᠰᠠᠨ ᠤ ᠬᠠᠮᠳᠤ ᠪᠠᠶᠠᠷ ᠤᠨ ᠦᠭᠡ ᠬᠡᠯᠡᠪᠡ᠃ ᠪᠡᠭᠡᠵᠢᠩ ᠶᠡᠭᠡ ᠰᠤᠷᠭᠠᠭᠤᠯᠢ ᠶᠢᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢᠨ ᡁᠢ ᠵᠢᠶᠦ᠋ᠨ᠂ ᠬᠤᠳᠠ ᠶᠢᠨ ᠤᠳᠤᠷᠢᠳᠤᠯᠭ᠎ᠠ ᠵᠧᠨ ᠬᠤᠸᠠ᠂ ᠯᠢᠦ ᠹᠸᠡᠭ ᠶᠦᠨ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠡᠭᠢᠯᠡᠯᠳᠡ ᠶᠢᠨ ᠶᠤᠰᠤᠯᠠᠯ ᠢ ᠡᠷᠭᠢᠯᠡᠪᠡ᠃     ᠯᠢ ᠯᠢ ᠦᠭᠡ ᠬᠡᠯᠡᠬᠦ ᠳᠡᠭᠡᠨ᠂ ᠤᠷᠳᠤᠰ ᠪᠣᠯ ᠡᠨᠧᠷᠭᠢ ᠶᠢᠨ ᠲᠤᠮᠤ ᠬᠤᠳᠠ᠂ ᠠᠵᠤ ᠦᠢᠯᠡᠰ ᠤᠨ ᠬᠦᠴᠦᠷᠬᠡᠭ ᠬᠤᠳᠠ᠂ ᠰᠣᠶᠣᠯ ᠤᠨ ᠨᠡᠷᠡᠳᠦ ᠬᠤᠳᠠ᠂ ᠠᠮᠢ ᠠᠬᠤᠢ ᠶᠢᠨ ᠪᠤᠬᠢᠷᠳᠤᠯ ᠦᠭᠡᠢ ᠬᠤᠳᠠ᠂ ᠪᠣᠯᠪᠠᠰᠤᠨ ᠰᠠᠶᠢᠬᠠᠨ ᠣᠷᠣᠨ ᠪᠣᠯᠤᠨ᠎ᠠ᠃ ᠤᠢᠢᠷ᠎ᠠ ᠶᠢᠨ ᠵᠢᠯ ᠠᠴᠠ ᠨᠠᠭᠠᠰᠢ᠂ ᠤᠷᠳᠤᠰ ᠬᠤᠳᠠ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠤᠷᠢᠳ ᠢᠶᠠᠷ ᠬᠡᠷᠡᠭᠵᠢᠬᠦᠯᠦᠭᠴᠢ ᠶᠢᠨ ᠳᠦᠷᠢ ᠪᠠᠶᠢᠳᠠᠯ ᠢᠶᠠᠷ ᠨᠡᠭᠦᠷᠡᠰᠦᠲᠥ᠋ᠷᠥᠭᠴᠢ ᠦᠯᠤ ᠭᠠᠳᠠᠬᠰᠢᠯᠠᠭᠤᠯᠬᠤ ᠬᠥᠭᠵᠢᠯᠲᠡ᠂ ᠡᠨᠧᠷᠭᠢ ᠶᠢᠨ ᠭᠦᠳᠡᠯᠭᠡᠭᠦ ᠭᠦᠴᠦᠨ ᠲᠠᠢ ᠢᠷᠡᠭᠡᠳᠦᠢ ᠶᠢᠨ ᠰᠢᠨ᠎ᠡ ᠵᠠᠮ ᠢ ᠨᠡᠭᠡᠭᠡᠵᠦ᠂ ᠳᠡᠯᠡᠬᠡᠢ ᠶᠢᠨ ᠪᠣᠬᠢᠷᠲᠤᠯ ᠦᠭᠡᠢ ᠬᠥᠭᠵᠢᠯᠲᠡ ᠳᠤ ︽ᠳᠤᠮᠳᠠᠳᠤ ᠤᠯᠤᠰ ᠤᠨ ᠲᠥᠰᠦᠯ︾ ᠢ ᠨᠡᠮᠡᠷᠢᠯᠡᠵᠤ ᠪᠠᠶᠢᠨ᠎ᠠ ᠭᠡᠪᠡ᠃     ᠯᠢ ᠯᠢ᠂ ᠤᠷᠳᠤᠰ ᠬᠤᠳᠠ ᠶᠡᠷᠦᠩᠬᠡᠢ ᠱᠦᠵᠢ ᠰᠢ ᠶᠢᠨ ᠫᠢᠩ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠭᠡᠮᠵᠢᠭᠳᠡᠯ ᠳᠤ ᠭᠦᠷᠭᠡᠭᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠨᠡᠭᠦᠷᠡᠰᠦᠲᠥ᠋ᠷᠥᠭᠴᠢ︾ ᠪᠠᠷ ᠬᠥᠭᠵᠢᠯᠲᠡ ᠶᠢ ᠡᠷᠢᠯᠬᠢᠯᠡᠵᠦ᠂ ︽ᠨᠡᠭᠦᠷᠡᠰᠦᠲᠥ᠋ᠷᠥᠭᠴᠢ︾ ᠪᠠᠷ ᠰᠢᠨ᠎ᠡ ᠶᠢ ᠡᠭᠦᠳᠴᠦ᠂ ︽ᠨᠡᠭᠦᠷᠡᠰᠦᠲᠥ᠋ᠷᠥᠭᠴᠢ︾ ᠪᠠᠷ ᠢᠷᠡᠭᠡᠳᠦᠢ ᠶᠢ ᠡᠷᠢᠯᠬᠢᠯᠡᠨ᠂ ︽ᠭᠤᠷᠪᠠᠨ ᠲᠦᠷᠪᠡ︾ ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠨ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠨ᠂ ᠡᠮᠦᠨ᠎ᠡ ᠡᠩᠨᠡᠭᠡᠨ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢᠯᠠᠬᠴᠢ᠂ ᠲᠠᠭᠠᠭᠤᠯᠤᠭᠴᠢ ᠪᠤᠯᠵᠤ᠂ ᠪᠦᠬᠦ ᠤᠯᠤᠰ ᠤᠨ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠬᠥᠭᠵᠢᠯᠲᠡ ᠶᠢᠨ ᠬᠤᠰᠢᠭᠤᠴᠢ᠂ ᠳᠠᠭᠤᠷᠢᠶᠠᠯ ᠦᠵᠡᠭᠦᠯᠦᠭᠴᠢ ᠪᠣᠯᠬᠤ ᠪᠠᠷ ᠴᠢᠷᠮᠠᠶᠢᠨ᠎ᠠ ᠭᠡᠪᠡ᠃     ᠬᠤᠷᠠᠯ ᠳᠡᠭᠡᠷ᠎ᠡ᠂ ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠸᠢᠳᠢᠣ᠋ ᠬᠡᠯᠪᠡᠷᠢ ᠪᠠᠷ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠪᠣᠯᠤᠨ ᠤᠯᠠᠭᠠᠨᠴᠠᠪ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠢᠯᠡᠷᠡᠭᠦᠯᠵᠦ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠷᠢᠮᠵᠢᠶᠠᠳᠤ ᠪᠠᠶᠢᠭᠤᠯᠤᠮᠵᠢ ᠵᠢᠴᠢ ᠠᠵᠤ ᠠᠬᠤᠶᠢᠯᠠᠯ ᠬᠠᠮᠲᠤ ᠪᠠᠷ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠤᠯᠠᠨ ᠤᠯᠤᠰ ᠤᠨ ᠪᠠᠷᠢᠮᠵᠢᠶ᠎ᠠ ᠶᠢᠨ ᠪᠠᠶᠢᠭᠤᠯᠤᠯᠲᠠ ᠵᠢᠴᠢ ᠪᠣᠬᠢᠷᠲᠤᠯ ᠦᠬᠡᠢ ᠠᠷᠠᠯᠵᠢᠶᠠᠨ ᠤ ᠤᠷᠳᠤᠰ ᠤᠨ ᠠᠵᠢᠯᠯᠠᠭ᠎ᠠ ᠶᠢ ᠡᠬᠢᠯᠡᠭᠦᠯᠵᠦ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠭᠤᠣᠯ ᠵᠤᠷᠢᠯᠳᠠᠳᠦ ᠶᠠᠷᠢᠶ᠎ᠠ ᠢᠯᠡᠳᠭᠡᠯ ᠬᠢᠭᠰᠡᠨ ᠪᠠ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠭᠡᠯᠪᠠᠷᠢ ᠪᠠᠨ ᠬᠤᠪᠢᠷᠠᠭᠤᠯᠬᠤ ᠬᠡᠷᠡᠭ ᠤᠨ ᠵᠢᠱᠢᠶ᠎ᠡ ᠶᠢ ᠬᠤᠪᠢᠶᠠᠯᠴᠠᠪᠠ᠃ ᠬᠤᠷᠠᠯ ᠠᠴᠠ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠬᠡᠯᠪᠡᠷᠢ ᠪᠠᠨ ᠬᠤᠪᠢᠷᠠᠭᠤᠯᠬᠤ ᠲᠣᠭᠤᠷᠢᠭ ᠰᠢᠷᠡᠭᠡᠨ ᠤ ᠶᠠᠷᠢᠶᠠᠨ ᠤ ᠲᠠᠪᠴᠠᠩ ᠢ ᠶᠠᠪᠤᠭᠳᠠᠭᠤᠯᠤᠬᠰᠠᠨ ᠪᠠᠶᠢᠨ᠎ᠠ᠃ ᠬᠤᠷᠠᠯ ᠠᠴᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠪᠤᠬᠢᠷᠳᠤᠯ ᠦᠭᠡᠢ ᠦᠨᠡᠮᠯᠡᠯ ᠤᠨ ᠠᠷᠠᠯᠵᠢᠶ᠎ᠠ ᠪᠠᠷ ᠳᠠᠮᠵᠢᠭᠤᠯᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠦᠬᠦ ᠶᠠᠪᠤᠴᠠ ᠳᠤ ᠠᠵᠢᠯᠯᠠᠭᠤᠯᠬᠤ ᠶᠢ ᠪᠡᠶᠡᠯᠡᠭᠦᠯᠪᠡ᠃ 
ᠢᠷᠡᠯᠲᠡ᠄ ᠤᠷᠳᠤᠰ ᠤᠨ ᠡᠳᠤᠷ ᠤᠨ ᠰᠤᠨᠢᠨ