2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠡᠭᠡᠳᠦ ᠰᠤᠷᠭᠠᠭᠤᠯᠢ ᠶᠢᠨ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠷᠥᠯ ᠵᠦᠢᠯ︾ ᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/10/31
          ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠳᠡᠭᠡᠳᠦ ᠰᠤᠷᠭᠠᠭᠤᠯᠢ ᠶᠢᠨ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠷᠥᠯ ᠵᠦᠢᠯ﹀ ᠢ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠶᠣᠰᠣᠭᠠᠷ᠂ ᠰᠤᠷᠭᠠᠭᠤᠯᠢ ᠠᠴᠠ ᠲᠠᠨᠢᠯᠴᠠᠭᠤᠯᠬᠤ᠂ ᠬᠡᠯᠪᠡᠷᠢ ᠶᠢ ᠬᠢᠨᠠᠨ ᠪᠠᠶᠢᠴᠠᠭᠠᠬᠤ ᠵᠢᠴᠢ ᠲᠤᠰᠬᠠᠢ ᠮᠡᠷᠭᠡᠵᠢᠯᠲᠡᠨ ᠰᠢᠯᠭᠠᠷᠠᠭᠤᠯᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠦᠪᠯᠡᠭᠡᠳ᠂ ᠡᠳᠦᠭᠡ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ 2023 ᠣᠨ ᠤ 10 ᠰᠠᠷ᠎ᠠ ᠶᠢᠨ 7-10 ᠰᠠᠷ᠎ᠠ ᠶᠢᠨ 13 ᠤ ᠡᠳᠦᠷ ᠪᠣᠯᠤᠨ᠎ᠠ᠂ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠠᠨᠠᠯ ᠲᠠᠢ ᠪᠣᠯ᠂ ᠨᠢᠭᠡᠴᠢ ᠪᠠ ᠬᠤᠪᠢ ᠬᠥᠮᠦᠨ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠢᠯᠡ ᠨᠡᠶᠢᠲᠡᠯᠡᠭᠰᠡᠳ ᠲᠤ ᠬᠤᠯᠪᠤᠭᠳᠠᠬᠤ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠪᠠᠶᠢᠴᠠᠭᠠᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠪᠤᠴᠠᠭᠠᠨ᠎ᠠ᠃               ᠬᠠᠷᠢᠯᠴᠠᠬᠤ ᠬᠥᠮᠦᠨ᠄ ᠯᠦ ᠶᠤᠸᠠᠨ                ᠬᠠᠷᠢᠯᠴᠠᠬᠤ ᠤᠲᠠᠰᠤ᠄ 0471 - 2856326                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                                           2023 ᠣᠨ ᠤ 10 ᠰᠠᠷ᠎ᠠ ᠶᠢᠨ 7 ᠤ ᠡᠳᠦᠷ  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ