ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠷᠣᠯᠠᠨ ᠳᠠᠷᠢᠬᠤ ᠠᠵᠢᠯ ᠤᠨ ᠲᠤᠰᠬᠠᠶ ᠠᠩᠭᠢ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/11/10
                                 ᠣᠷᠳᠣᠰ ᠬᠢᠶ᠎ᠠ ᠵᠠᠰᠠᠭ ᠠᠯᠪᠠᠨ ᠲᠠᠷᠬᠠᠭᠠᠭᠰᠠᠨ︹2020︺69 ᠳ᠋ᠤᠬᠡᠷ ᠲᠣᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄       ᠮᠠᠨ ᠤ ᠲᠣᠭᠤᠷᠢᠭ ᠤᠨ ᠬᠡᠰᠡᠭ ᠲᠠᠷᠢᠶᠠᠨ ᠭᠠᠵᠠᠷ ᠤᠨ ᠲᠠᠷᠢᠶᠠᠯᠠᠭ᠎ᠠ ᠥᠬᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠲᠠᠷᠢᠶᠠᠨ ᠭᠠᠵᠠᠷ ᠢ ᠠᠲᠠᠷᠰᠢᠭᠤᠯᠬᠤ ᠦᠵᠡᠭᠳᠡᠯ ᠢ ᠪᠦᠲᠦᠮᠵᠢᠲᠡᠶ ᠰᠠᠶᠢᠵᠢᠷᠠᠭᠤᠯᠤᠨ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠩᠭᠢᠯᠠᠭ᠎ᠠ ᠶᠢᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠴᠢᠬᠤᠯᠠ ᠦᠢᠯᠡᠳᠦᠯ ᠢ ᠳᠡᠭᠡᠭᠰᠢᠯᠡᠬᠦᠯᠵᠦ᠂ ᠣᠲᠣ ᠶᠢᠨ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠨ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢᠨ ᠲᠥᠯᠥᠭᠡ ᠂ ᠰᠤᠳᠤᠯᠤᠨ ᠲᠣᠭᠲᠠᠭᠠᠬᠤ ᠪᠠᠷ ᠳᠡᠮᠵᠢᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠷᠣᠯᠠᠨ ᠳᠠᠷᠢᠬᠤ ᠠᠵᠢᠯ ᠤᠨ ᠲᠤᠰᠬᠠᠶ ᠠᠩᠭᠢ ︵ᠳᠣᠷᠣᠭᠰᠢ ︽ᠠᠵᠢᠯ ᠤᠨ ᠲᠤᠰᠬᠠᠶ ᠠᠩᠭᠢ︾ ᠭᠡᠵᠦ ᠲᠣᠪᠴᠢᠯᠠᠨ᠎ᠠ︶ ᠶᠢ ᠪᠠᠶᠢᠭᠤᠯᠪᠠ᠃      ᠨᠢᠭᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠳᠤᠭᠤᠶᠢᠯᠠᠩ ᠤᠨ ᠳᠠᠷᠤᠭ᠎ᠠ᠄ ᠳ᠋ᠦ᠋ ᠵᠢᠶᠠ ᠪᠢᠨ               ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ      ᠳᠡᠳ᠋ ᠳᠤᠭᠤᠶᠢᠯᠠᠩ ᠤᠨ ᠳᠠᠷᠤᠭ᠎ᠠ᠄ ᠵᠠᠩ ᠶᠤᠸᠠᠢ ᠴᠧᠩ        ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ             ᠵᠠᠩ ᠶᠦᠩ        ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠪᠦᠷᠢᠯᠳᠦᠬᠦᠨ᠄ ᠳ᠋ᠠᠩ ᠵᠢᠩ ᠷᠦ᠋        ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ             ᠶᠠᠩ ᠭᠦᠸᠧ ᠶᠧ            ᠺᠠᠩ ᠰᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ             ᠬᠠᠨ ᠫᠧᠩ ᠹᠸᠢ             ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ             ᠱᠧ ᠬᠠᠢ ᠮᠢᠩ              ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ             ᠴᠧᠩ ᠵᠢᠶᠧ                ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠲᠣᠪᠴᠢᠶᠠᠨ ᠳᠠᠷᠤᠭ᠎ᠠ             ᠯᠢᠦ ᠬᠤᠢ ᠴᠢᠶᠠᠩ            ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶᠠᠨ ᠤ ᠳᠡᠳ᠋ ᠲᠣᠪᠴᠢᠶᠠᠨ ᠳᠠᠷᠤᠭ᠎ᠠ             ᠰᠥᠩ ᠰᠢᠶᠠᠨ ᠯᠸᠢ           ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶᠠᠨ ᠤ ᠲᠣᠪᠴᠢᠶᠠᠨ ᠳᠠᠷᠤᠭ᠎ᠠ             ᠵᠠᠩ ᠰᠤ᠋                   ᠲᠣᠭᠤᠷᠢᠭ ᠤᠨ ᠦᠨᠳᠣᠷ ᠶᠠᠰᠤ ᠴᠢᠨᠠᠷᠲᠠᠢ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ      ᠠᠵᠢᠯ ᠤᠨ ᠲᠤᠰᠬᠠᠶ ᠠᠩᠭᠢ ᠨᠢ ᠳᠣᠣᠷ᠎ᠠ ᠪᠠᠨ ᠠᠯᠪᠠᠨ ᠭᠡᠷ ᠪᠠᠶᠢᠭᠤᠯᠵᠤ᠂ ᠠᠵᠢᠯ ᠤᠨ ᠲᠤᠰᠬᠠᠶ ᠠᠩᠭᠢ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠠᠯᠪᠠᠨ ᠭᠡᠷ ᠢ ᠦᠨᠳᠣᠷ ᠶᠠᠰᠤ ᠴᠢᠨᠠᠷᠲᠠᠢ ᠪᠡᠯᠡ ᠣᠷᠣᠭᠤᠯᠤᠯᠲᠠ ᠶᠢᠨ ᠺᠣᠮᠫᠠᠨᠢ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠵᠠᠩ ᠰᠦ᠋ ᠨᠦᠬᠦᠷ ᠬᠠᠪᠰᠤᠷᠭᠠᠨ ᠡᠭᠦᠷᠭᠡᠯᠡᠨ᠎ᠡ᠃ ᠠᠯᠪᠠᠨ ᠭᠡᠷ ᠤᠨ ᠪᠦᠷᠢᠯᠳᠦᠬᠦᠨ ᠨᠢ ᠵᠠᠩ ᠸᠧᠢ᠂ ᠯᠢ ᠪᠢᠨ᠂ ᠯᠢ ᠱᠤᠸᠠᠩ ᠯᠦᠩ᠂ ᠼᠤᠤ ᠢᠦᠢ᠂ ᠯᠢᠦ ᠰᠢᠨ᠂ ᠪᠠᠢ ᠰᠢᠤᠢ ᠪᠠᠷ ᠪᠦᠷᠢᠯᠳᠣᠨ᠎ᠠ᠃      ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ      1. ᠠᠵᠢᠯ ᠤᠨ ᠲᠤᠰᠬᠠᠶ ᠠᠩᠭᠢ ᠨᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠬᠠᠮᠢᠶ᠎ᠠ ᠪᠥᠬᠦᠶ ᠡᠭᠦᠷᠭᠡ ᠶᠢ ᠬᠤᠪᠢᠶᠠᠷᠢᠯᠠᠨ ᠪᠠᠭᠤᠯᠭᠠᠬᠤ ᠶᠢ ᠬᠠᠷᠢᠭᠤᠴᠠᠨ᠎ᠠ᠃      2. ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠢᠭᠡᠨᠲᠡ ᠲᠠᠲᠠᠪᠤᠷᠢᠯᠠᠭᠰᠠᠨ ᠭᠠᠵᠠᠷ ᠰᠢᠷᠣᠶ ᠶᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠲᠤ ᠳᠠᠷᠢᠬᠤ ᠶᠠᠪᠤᠳᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠶᠢ ᠰᠢᠮᠳᠠᠭᠤᠯᠤᠨ᠎ᠠ᠃      3. ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠣᠷᠣᠯᠠᠨ ᠲᠠᠷᠢᠬᠤ ᠬᠡᠷᠡᠭᠵᠢᠭᠦᠯᠬᠦ ᠲᠥᠰᠥᠯ ᠵᠡᠷᠭᠡ ᠶᠢ ᠲᠣᠭᠲᠠᠭᠠᠨ᠎ᠠ᠃      ᠭᠤᠷᠪᠠ᠂ ᠠᠵᠢᠯ ᠤᠨ ᠲᠣᠭᠲᠠᠴᠠ      1. ᠤᠳᠤᠷᠢᠳᠬᠤ ᠳᠤᠭᠤᠶᠢᠯᠠᠩ ᠳᠤ ᠠᠵᠢᠯ ᠤᠨ ᠬᠤᠷᠠᠯ ᠤᠨ ᠳᠦᠷᠢᠮ ᠢ ᠬᠡᠷᠡᠭᠵᠢᠭᠦᠯᠵᠦ᠂ ᠠᠵᠢᠯ ᠤᠨ ᠬᠤᠷᠠᠯ ᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠪᠤᠶᠤ ᠨᠠᠶᠢᠳᠠᠭᠰᠠᠨ ᠪᠦᠷᠢᠯᠳᠦᠬᠦᠨ ᠨᠢᠭᠡᠴᠡ ᠬᠤᠷᠠᠯᠳᠤᠭᠤᠯᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠴᠢᠬᠤᠯᠠ ᠲᠠᠢ ᠦᠶ᠎ᠡ ᠳᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠤᠷᠢᠵᠤ ᠣᠷᠣᠯᠴᠠᠭᠤᠯᠤᠨ᠎ᠠ᠃      2. ᠡᠯ᠎ᠡ ᠪᠦᠷᠢᠯᠳᠦᠬᠦᠨ ᠨᠢᠭᠡᠴᠡ ᠨᠦᠭᠦᠳ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠮᠠᠨ ᠤ ᠲᠣᠭᠤᠷᠢᠭ ᠤᠨ ᠲᠠᠷᠢᠶᠠᠨ ᠭᠠᠵᠠᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠠᠵᠢᠯ ᠢ ᠬᠠᠮᠲᠤᠪᠠᠷ ᠲᠦᠯᠭᠢᠨ ᠠᠬᠢᠭᠤᠯᠣᠨ᠎ᠠ᠃      3. ᠬᠤᠶᠢᠰᠢᠳᠠ ᠲᠣᠭᠤᠷᠢᠭ ᠤᠨ ᠤᠳᠤᠷᠢᠳᠤᠯᠭ᠎ᠠ ᠠᠴᠠ ᠪᠣᠰᠣᠳ ᠤᠳᠤᠷᠢᠳᠬᠤ ᠳᠤᠭᠤᠶᠢᠯᠠᠩ ᠤᠨ ᠬᠥᠮᠦᠰ ᠲᠤ ᠬᠤᠪᠢᠷᠠᠯᠲᠠ ᠭᠠᠷᠪᠠᠯ᠂ ᠲᠡᠭᠦᠨ ᠤ ᠵᠠᠰᠠᠭ ᠵᠠᠬᠢᠷᠭᠠᠨ ᠤ ᠲᠤᠰᠢᠶᠠᠯ ᠢ ᠣᠷᠣᠯᠠᠨ ᠬᠠᠷᠢᠭᠤᠴᠠᠵᠤ ᠪᠠᠶᠢᠭ᠎ᠠ ᠬᠥᠮᠦᠰ ᠥᠪᠡᠰᠦᠪᠡᠨ ᠣᠷᠣᠯᠠᠨ᠎ᠠ᠃ ᠲᠣᠰ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠨᠢ ᠥᠪᠡᠷ ᠢᠶᠠᠨ ᠬᠦᠴᠦᠨ ᠦᠬᠡᠢ ᠪᠣᠯᠵᠤ᠂ ᠠᠯᠪᠠᠨ ᠪᠢᠴᠢᠭ ᠢᠶᠠᠷ ᠮᠡᠳᠡᠭᠳᠡᠭᠦ ᠦᠬᠡᠢ᠃                     ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2023 ᠣᠨ ᠤ 8 ᠰᠠᠷ᠎ᠠ ᠶᠢᠨ 30 ᠤ ᠡᠳᠦᠷ 
ᠢᠷᠡᠯᠲᠡ᠄ ᠲᠣᠰ ᠰᠥᠯᠵᠢᠶ᠎ᠡ