ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2023/11/10
                                      ᠣᠷᠳᠣᠰ ᠬᠢᠶ᠎ᠠ ᠲᠠᠷᠬᠠᠭᠠᠭᠰᠠᠨ︹2023︺78  ᠳ᠋ᠣᠭᠠᠷ ᠲᠣᠭᠠᠲᠤᠲᠣᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠵᠡᠭᠡᠯᠢ ᠭᠤᠳᠤᠮᠵᠢ ᠳᠤ᠄        ᠶᠡᠷᠦᠩᠬᠡᠶ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵2022 - 2035 ᠣᠨ︶︾ ︵ᠲᠥᠷᠥ ᠲᠠᠷᠬᠠᠭᠠᠭᠰᠠᠨ ︹2022︺ 11 ᠳ᠋ᠤᠭᠡᠷ ᠲᠣᠭᠠᠲᠤ︶ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠦ᠂ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠲᠣᠭᠤᠷᠢᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠪᠠ᠃        ᠨᠢᠭᠡ᠂ ᠶᠡᠷᠦᠩᠬᠡᠢ ᠱᠠᠭᠠᠷᠳᠠᠯᠭ᠎ᠠ        ︵ᠨᠢᠭᠡ︶ ᠵᠢᠯᠣᠭᠤᠳᠬᠤ ᠦᠵᠡᠯ ᠰᠠᠨᠠᠭ᠎ᠠ         ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠠ ᠥᠪᠥᠷ ᠮᠣᠩᠭᠤᠯ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠬᠠᠨᠳᠤᠭᠤᠯᠤᠨ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠠᠨᠳᠤᠭᠤᠯᠤᠨ᠂ ᠳᠡᠯᠡᠬᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠮᠦᠨ᠎ᠡ ᠡᠩᠨᠡᠭᠡᠨ ᠳᠤ ᠬᠠᠨᠳᠤᠭᠤᠯᠤᠨ᠂ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ  ᠪᠣᠯᠭᠠᠵᠤ᠂ ᠴᠠᠭ ᠠᠭᠤᠷ ᠤᠨ ᠣᠳᠣᠬᠢᠴᠢᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠨ᠂ ᠬᠢᠨᠠᠨ ᠬᠡᠮᠵᠢᠯᠲᠡ ᠶᠢᠨ ᠨᠠᠷᠢᠯᠢᠭ ᠣᠨᠣᠪᠴᠢᠲᠠᠶ᠂ ᠤᠷᠢᠳᠴᠢᠯᠠᠨ ᠮᠡᠳᠡᠭᠡᠯᠡᠬᠦ  ᠶᠢᠨ ᠨᠠᠷᠢᠯᠢᠭ ᠣᠨᠣᠪᠴᠢᠲᠠᠶ ᠶᠢ ᠳᠡᠭᠡᠭᠰᠢᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠶ᠎ᠠ ᠪᠠᠭᠰᠢ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃        ︵ᠬᠤᠶᠠᠷ︶ ᠬᠥᠭᠵᠢᠯᠲᠡ ᠶᠢᠨ ᠬᠠᠷᠠᠯᠲᠠ        2025 ᠣᠨ ᠪᠣᠯᠬᠤ ᠳᠤ᠂ ᠣᠲᠣ ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ᠂ ᠦᠢᠯᠡᠴᠢᠯᠡᠭᠡᠨ ᠤ ᠰᠢᠰᠲ᠋ᠧᠮ᠂ ᠲᠤᠬᠠᠶᠢᠯᠠᠭᠰᠠᠨ ᠠᠵᠢᠯ ᠤᠨ ᠰᠢᠰᠲ᠋ᠧᠮ ᠪᠠ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠨᠡᠭᠡᠭᠡᠯᠲᠡ ᠲᠠᠢ ᠵᠣᠬᠢᠴᠠᠩᠭᠤᠶ ᠬᠦᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠬᠢᠶ᠎ᠠ ᠪᠠᠭᠰᠢ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃        2035 ᠣᠨ ᠪᠣᠯᠬᠤ ᠳᠤ᠂ ᠴᠠᠭ ᠠᠭᠤᠷ ᠤᠨ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠪᠠ ᠦᠢᠯᠡᠴᠢᠯᠡᠬᠦ ᠴᠢᠳᠠᠪᠤᠷᠢ ᠨᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠬᠢᠷᠢ ᠲᠦᠪᠰᠢᠨ ᠳᠤ ᠬᠦᠷᠴᠦ᠂ ᠣᠶᠤᠨᠴᠢ ᠴᠠᠭ ᠠᠭᠤᠷ ᠢᠶᠠᠷ ᠭᠤᠣᠯ ᠣᠨᠴᠠᠯᠢᠭ ᠪᠣᠯᠭᠠᠭᠰᠠᠨ ᠴᠠᠭ ᠠᠭᠤᠷ ᠤᠨ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠴᠠᠭ ᠠᠭᠤᠷ ᠤᠨ ᠬᠢᠨᠠᠨ ᠬᠡᠮᠵᠢᠯᠲᠡ ᠨᠢ ᠨᠠᠩ ᠨᠠᠷᠢᠯᠢᠭ ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠨᠢ ᠨᠠᠩ ᠣᠨᠣᠪᠴᠢᠲᠠᠶ᠂ ᠴᠠᠭ ᠠᠭᠤᠷ ᠤᠨ ᠦᠢᠯᠡᠴᠢᠯᠡᠭᠡ ᠨᠢ ᠨᠠᠩ ᠨᠠᠷᠢᠯᠢᠭ ᠪᠣᠯᠵᠤ᠂ ᠴᠠᠭ ᠠᠭᠤᠷ ᠤᠨ ᠠᠵᠢᠯ ᠲᠥᠷᠥᠯ ᠤᠨ ᠣᠯᠠᠨ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢ ᠡᠳᠦᠷ ᠢᠷᠡᠬᠦᠶ᠎ᠡ ᠳᠡᠭᠡᠭᠰᠢᠯᠡᠭᠦᠯᠦᠨ᠎ᠡ᠃ ᠴᠠᠭ ᠠᠭᠤᠷ ᠬᠢᠭᠡᠳ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠠᠭᠤᠰᠣᠯᠴᠠᠭᠤᠯᠣᠨ᠂ ᠴᠠᠭ ᠠᠭᠤᠷ ᠤᠨ ᠦᠢᠯᠡᠴᠢᠯᠡᠭᠡᠨ ᠤ ᠬᠡᠪᠴᠢᠶ᠎ᠡ  ᠪᠠ ᠶᠡᠷᠦᠩᠬᠡᠶᠢᠯᠡᠭᠰᠡᠨ ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠎ᠡ᠃        ᠬᠤᠶᠠᠷ᠂ ᠭᠤᠣᠯ ᠡᠭᠦᠷᠭᠡ        ︵ᠨᠢᠭᠡ︶ ᠣᠷᠴᠢᠨ ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠤᠨ᠎ᠠ᠃       1. ᠳᠡᠭᠡᠳᠦ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠵᠢᠯᠴᠠᠨ᠂ ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠴᠢᠩᠭᠠᠳᠬᠠᠨ᠎ᠠ᠃ ᠪᠥᠬᠦ ᠬᠤᠲᠠ ᠶᠢᠨ ᠴᠠᠭ ᠠᠭᠤᠷ ᠤᠨ ᠴᠢᠬᠤᠯᠠ ᠶᠡᠭᠡ ᠮᠡᠷᠭᠡᠵᠢᠯ ᠢ ᠰᠤᠳᠤᠯᠤᠨ ᠨᠡᠭᠡᠭᠡᠬᠦ ᠳᠤ ᠢᠳᠡᠪᠬᠢᠲᠡᠶ ᠣᠷᠣᠯᠴᠠᠵᠤ᠂ ᠲᠣᠮᠣ ᠳ᠋ᠠᠶᠢᠲ᠋ᠠ᠂ ᠵᠣᠬᠢᠶᠠᠮᠠᠯ ᠣᠶᠤᠨᠴᠢ ᠮᠡᠷᠭᠡᠵᠢᠯ ᠢ ᠭᠦᠢᠴᠡᠳ ᠠᠰᠢᠭᠯᠠᠨ᠂ ᠪᠥᠬᠦ ᠲᠠᠯ᠎ᠠ ᠪᠠᠷ ᠬᠠᠮᠤᠷᠤᠭᠰᠠᠨ᠂ ᠤᠶᠤᠨᠴᠢᠯᠠᠭᠰᠠᠨ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠰᠢᠰᠲ᠋ᠧᠮ ᠢ ᠪᠠᠶᠢᠭᠤᠯᠵᠤ᠂ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠰᠢᠰᠲ᠋ᠧᠮ ᠤᠨ ᠠᠭᠤᠯᠠᠨ ᠦᠶᠡᠷ ᠢ ᠤᠷᠢᠳᠴᠢᠯᠠᠨ ᠰᠡᠷᠡᠮᠵᠢᠯᠡᠭᠦᠯᠬᠦ᠂ ᠲᠡᠮᠦᠷ ᠵᠠᠮ ᠤᠨ ᠠᠵᠢᠯᠯᠠᠭᠠᠨ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠲᠣᠬᠢᠷᠠᠭᠤᠯᠬᠤ ᠵᠡᠷᠭᠡ ᠣᠯᠠᠨ ᠬᠦᠷᠢᠶᠡᠨ ᠳᠤ ᠬᠡᠷᠡᠭᠯᠡᠬᠦ ᠶᠢ ᠠᠬᠢᠭᠤᠯᠤᠨ᠎ᠠ᠃ ᠳᠠᠭᠠᠭᠤᠯᠢ ᠣᠳᠣᠨ ᠤ ᠠᠯᠤᠰ ᠡᠵᠡᠮᠰᠢᠯ ᠢᠶᠠᠷ ᠬᠢᠨᠠᠨ ᠰᠢᠨᠵᠢᠬᠦ ᠵᠢᠴᠢ ᠣᠯᠠᠨ ᠰᠣᠷᠪᠣᠯᠵᠢᠲᠣ ᠲᠤᠭ᠎ᠠ ᠪᠠᠷᠢᠮᠲᠠ ᠶᠢ ᠠᠭᠤᠰᠤᠯᠴᠠᠭᠤᠯᠤᠨ ᠢᠵᠢᠯᠰᠢᠭᠦᠯᠬᠦ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠢ ᠴᠢᠩᠭᠠᠳᠬᠠᠨ᠎ᠠ᠃ ᠡᠭᠦᠯᠡ ᠣᠰᠣᠨ ᠤ ᠡᠬᠢ ᠰᠣᠷᠪᠤᠯᠵᠢ ᠶᠢ ᠦᠨᠡᠯᠡᠨ ᠵᠢᠱᠢᠬᠦ᠂ ᠠᠵᠢᠯᠯᠠᠬᠤ ᠨᠦᠬᠦᠴᠡᠯ ᠢ ᠢᠯᠭᠠᠨ ᠲᠠᠨᠢᠬᠤ᠂ ᠳᠥᠷᠭᠡᠳᠭᠡᠬᠦ ᠪᠠ ᠦᠷ᠎ᠠ ᠪᠦᠳᠦᠮᠵᠢ ᠶᠢ ᠨᠢ ᠰᠢᠯᠭᠠᠨ ᠪᠠᠶᠢᠴᠠᠭᠠᠬᠤ ᠵᠡᠷᠭᠡ ᠬᠦᠮᠦᠨ ᠤ ᠬᠦᠴᠥ ᠪᠠᠷ ᠴᠠᠭ ᠠᠭᠤᠷ ᠢ ᠨᠦᠯᠥᠭᠡᠯᠡᠬᠦ ᠮᠡᠷᠭᠡᠵᠢᠯ ᠤᠨ ᠰᠣᠳᠣᠯᠭᠠᠨ ᠢ ᠴᠢᠩᠭᠠᠳᠬᠠᠨ᠎ᠠ᠃       2. ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠠᠲᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ᠂ ᠠᠮᠢ ᠠᠬᠤᠢ ᠶᠢᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯᠳᠠᠯᠭ᠎ᠠ ᠲᠠᠢ ᠲᠦᠷᠦᠯ ᠵᠦᠢᠯ ᠢ ᠵᠣᠬᠢᠰᠲᠠᠢ ᠤᠷᠢᠳᠴᠢᠯᠠᠨ ᠲᠥᠯᠥᠪᠵᠢᠭᠦᠯᠵᠦ᠂ ᠰᠢᠨ᠎ᠡ ᠶᠢ ᠡᠭᠦᠳᠬᠦ ᠪᠠᠶᠢᠭᠤᠯᠤᠯ ᠪᠠ ᠤᠷᠮᠠᠰᠢᠭᠤᠯᠬᠤ ᠲᠣᠭᠲᠠᠴᠠ ᠶᠢ ᠰᠢᠯᠢᠳᠡᠭᠵᠢᠭᠦᠯᠦᠨ᠂ ᠲᠦᠷᠦᠯ ᠵᠦᠢᠯ᠂ ᠴᠢᠳᠠᠪᠤᠷᠢᠲᠠᠨ᠂ ᠪᠡᠯᠡ ᠮᠥᠩᠭᠦ ᠶᠢ ᠨᠢᠭᠡ ᠴᠣᠭᠴᠠᠵᠢᠭᠤᠯᠤᠨ ᠲᠣᠬᠢᠷᠠᠭᠤᠯᠬᠤ ᠶᠢ ᠠᠬᠢᠭᠤᠯᠤᠨ᠎ᠠ᠃ ᠰᠢᠨᠵᠢᠯᠡᠬᠦ ᠣᠬᠠᠭᠠᠨ ᠤ ᠰᠣᠳᠣᠯᠭᠠᠨ ᠤ ᠬᠦᠷᠢᠶᠡᠯᠡᠩ᠂  ᠶᠡᠭᠡ ᠰᠣᠷᠭᠠᠭᠤᠯᠢ᠂ ᠠᠵᠦ ᠠᠬᠤᠶᠢᠯᠠᠯ ᠵᠡᠷᠭᠡ ᠰᠠᠯᠠᠭ᠎ᠠ ᠮᠦᠴᠢᠷ  ᠨᠢ ᠴᠠᠭ ᠠᠭᠤᠷ ᠤᠨ ᠵᠠᠩᠬᠢᠯᠠᠭ᠎ᠠ ᠶᠢᠨ ᠮᠡᠷᠭᠡᠵᠢᠯ ᠬᠢᠭᠡᠳ ᠪᠡᠷᠢᠮᠵᠢᠶ᠎ᠠ ᠶᠢᠨ ᠰᠣᠳᠣᠯᠭᠠᠨ ᠢ ᠬᠠᠮᠳᠣᠷᠡᠨ ᠦᠷᠨᠢᠬᠦᠯᠬᠦ ᠶᠢ ᠵᠣᠷᠢᠠᠠᠵᠢᠭᠤᠯᠥᠨ᠎ᠠ᠃ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠵᠣᠬᠢᠶᠠᠨ ᠪᠠᠶᠢᠭᠤᠯᠤᠨ ᠬᠠᠮᠢᠶᠠᠷᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠠᠬᠢᠭᠤᠯᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠰᠢᠰᠲ᠋ᠧᠮ  ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠮᠠᠭᠠᠳᠯᠠᠨ ᠲᠣᠭᠲᠠᠭᠠᠬᠤ᠂ ᠳᠠᠩᠰᠠᠯᠠᠬᠤ᠂ ᠦᠨᠡᠯᠡᠬᠦ᠂ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢᠨ ᠠᠷᠭ᠎ᠠ ᠪᠠ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃        ︵ᠬᠤᠶᠠᠷ︶ ᠴᠠᠭ ᠠᠭᠤᠷ ᠤᠨ ᠦᠨᠳᠦᠰᠦᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃       1. ᠴᠠᠭ ᠠᠭᠤᠷ ᠤᠨ ᠬᠢᠨᠠᠨ ᠰᠢᠨᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠭ ᠠᠭᠤᠷ ᠢ ᠠᠵᠢᠭᠯᠠᠨ ᠬᠡᠮᠵᠢᠬᠦ ᠥᠷᠲᠡᠭᠡ ᠶᠢᠨ ᠲᠣᠤᠷ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠂ ᠬᠠᠭᠤᠴᠢᠷᠬᠠᠰᠠᠨ ᠠᠦ᠋ᠲ᠋ᠣᠴᠢᠯᠠᠭᠰᠠᠨ ᠴᠠᠭ ᠠᠭᠤᠷ ᠤᠨ ᠥᠷᠲᠡᠭᠡ ᠶᠢ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠵᠦ᠂  ᠬᠢᠨᠠᠨ ᠬᠡᠮᠵᠢᠬᠦ ᠳᠤᠲᠠᠭᠤᠳᠠᠯ ᠢ ᠨᠦᠬᠦᠪᠦᠷᠢᠯᠡᠨ᠂ ᠭᠠᠵᠠᠷ ᠰᠢᠨᠵᠢᠯᠡᠭᠡ ᠠᠭᠠᠷ ᠮᠠᠨᠳᠠᠯ ᠤᠨ ᠪᠣᠰᠤᠭ᠎ᠠ ᠴᠣᠭᠴᠠᠲᠤ ᠬᠠᠮᠵᠢᠯᠴᠠᠬᠤ ᠴᠠᠭ ᠠᠭᠤᠷ ᠤᠨ ᠬᠢᠨᠠᠨ ᠬᠡᠮᠵᠢᠬᠦ ᠰᠢᠰᠲ᠋ᠧᠮ ᠶᠢᠨ ᠪᠠᠶᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠠᠵᠢᠭᠯᠠᠯᠲᠠ ᠶᠢᠨ ᠥᠷᠲᠡᠭᠡ ᠶᠢᠨ ᠲᠣᠤᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠮ ᠬᠠᠷᠢᠯᠴᠠᠭ᠎ᠠ᠂ ᠵᠢᠭᠤᠯᠴᠢᠯᠠᠯ᠂ ᠡᠨᠧᠷᠭᠢ ᠵᠡᠷᠭᠡ ᠲᠤᠰᠬᠠᠶ ᠮᠡᠷᠭᠡᠵᠢᠯ ᠤᠨ ᠲᠤᠰᠬᠠᠶ ᠵᠦᠢᠯ ᠤᠨ ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠶᠢ ᠨᠢᠭᠲᠠ ᠪᠠᠶᠢᠭᠤᠯᠤᠨ᠎ᠠ᠃ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ‍ ᠴᠢᠭ ᠢ ᠨᠡᠮᠡᠭᠳᠡᠭᠦᠯᠵᠦ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠴᠢᠳᠠᠮᠵᠢ ᠶᠢ ᠴᠢᠩᠭᠠᠳᠬᠠᠨ᠂ ᠬᠢᠨᠠᠨ ᠬᠡᠮᠵᠢᠬᠦ ᠶᠢᠨ ᠬᠠᠮᠤᠷᠬᠤ ᠬᠡᠪᠴᠢᠶ᠎ᠡ ᠶᠢ ᠦᠷᠭᠡᠳᠭᠡᠨ᠎ᠡ᠃      2. ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠤᠭ᠎ᠠ ᠬᠡᠮᠵᠢᠭᠳᠡᠯ ᠤᠨ ᠵᠠᠭᠪᠤᠷ ᠤᠨ ᠤᠷᠢᠳᠴᠢᠯᠠᠨ ᠮᠡᠳᠡᠭᠡᠯᠡᠬᠦ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠰᠦᠯᠵᠢᠶᠡᠨ ᠤ ᠤᠷᠢᠳᠴᠢᠯᠠᠨ ᠮᠡᠳᠡᠭᠡᠯᠡᠬᠦ ᠦᠢᠯᠡᠳᠬᠦᠨ ᠤ ᠰᠢᠰᠲ᠋ᠧᠮ ᠪᠠ ᠣᠶᠤᠨᠴᠢ ᠪᠠᠷ ᠤᠷᠢᠳᠴᠢᠯᠠᠨ ᠮᠡᠳᠡᠭᠡᠯᠡᠵᠦ ᠤᠷᠢᠳᠴᠢᠯᠠᠨ ᠵᠢᠱᠢᠬᠦ ᠲᠠᠪᠴᠠᠩ ᠢ ᠪᠠᠶᠢᠭᠤᠯᠤᠨ᠎ᠠ᠃ ᠠᠵᠤ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠬᠤᠲᠠ ᠪᠣᠯᠤᠨ ᠭᠤᠤᠯ ᠪᠣᠯᠬᠤ ᠵᠠᠮ ᠬᠠᠷᠢᠯᠴᠠᠭᠠᠨ ᠤ ᠭᠤᠤᠯ ᠱᠤᠭᠤᠮ ᠳᠤ ᠬᠠᠨᠳᠤᠭᠤᠯᠤᠭᠰᠠᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠬᠥᠭᠵᠢᠭᠦᠯᠵᠦ᠂ ᠣᠶ ᠰᠢᠭᠤᠶ ᠶᠢᠨ ᠭᠠᠯ ᠤᠨ ᠠᠶᠤᠯ ᠢ ᠤᠷᠢᠳᠴᠢᠯᠠᠨ ᠮᠡᠳᠡᠭᠡᠯᠡᠬᠦ ᠠᠵᠢᠯ ᠢ  ᠰᠢᠯᠢᠳᠡᠭᠵᠢᠭᠦᠯᠦᠨ᠎ᠡ᠃ ᠴᠢᠬᠤᠯᠠ ᠶᠡᠭᠡ ᠴᠠᠭ ᠠᠭᠤᠷ ᠤᠨ ᠶᠠᠪᠤᠴᠠ ᠶᠢᠨ ᠲᠣᠭᠤᠷᠢᠨ ᠳᠤ᠂ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠶᠠᠪᠤᠴᠠ ᠶᠢ ᠳᠠᠬᠢᠨ ᠴᠣᠭᠴᠠᠯᠠᠵᠤ᠂ ᠰᠢᠯᠢᠳᠡᠭᠵᠢᠭᠦᠯᠦᠨ᠎ᠡ᠃       3. ᠴᠠᠭ ᠠᠭᠤᠷ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠦᠢᠯᠡᠴᠢᠯᠡᠭᠡᠨ ᠤ ᠲᠣᠭᠠᠴᠢᠯᠠᠭᠰᠠᠨ᠂ ᠤᠶᠤᠨᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ  ᠠᠬᠢᠭᠤᠯᠣᠨ᠂ ᠦᠵᠡᠭᠳᠡᠯ ᠳᠤ ᠰᠠᠭᠤᠷᠢᠯᠠᠭᠰᠠᠨ᠂ ᠨᠥᠯᠥᠭᠡ ᠳᠤ ᠰᠠᠭᠤᠷᠢᠯᠠᠭᠰᠠᠨ ᠴᠠᠭ ᠠᠭᠤᠷ ᠤᠨ ᠦᠢᠯᠡᠴᠢᠯᠡᠭᠡᠨ ᠤ ᠮᠡᠷᠭᠡᠵᠢᠯ ᠢ ᠬᠥᠭᠵᠢᠭᠦᠯᠵᠦ᠂ ᠴᠠᠭ ᠠᠭᠤᠷ ᠤᠨ ᠦᠢᠯᠡᠴᠢᠯᠡᠭᠡᠨ ᠤ ᠰᠢᠢᠳᠪᠦᠷᠢᠲᠦ ᠪᠤᠳᠤᠯᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠴᠠᠭ ᠠᠭᠤᠷ ᠤᠨ ᠲᠤᠭ᠎ᠠ ᠪᠠᠷᠢᠮᠲᠠ ᠶᠢᠨ ᠦᠵᠡᠭᠳᠡᠭᠦᠶᠢᠴᠡ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠴᠠᠭ ᠠᠭᠤᠷ ᠤᠨ ᠦᠢᠯᠡᠳᠭᠦᠨ ᠤ ᠳᠡᠯᠭᠡᠨ ᠦᠵᠡᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠤᠯᠠᠨ ᠲᠦᠮᠡᠨᠴᠢ ᠮᠠᠶ᠋ᠢᠭ ᠤᠨ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ ᠬᠦᠭᠵᠢᠭᠦᠯᠦᠨ᠂ ᠴᠠᠭ ᠠᠭᠤᠷ ᠤᠨ ᠦᠢᠯᠡᠴᠢᠯᠡᠭᠡᠨ ᠤ ᠬᠠᠮ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠎ᠠ᠃ ᠭᠤᠤᠯᠳᠡᠯᠭ᠎ᠠ ᠲᠠᠢ ᠠᠵᠢᠯ ᠳᠥᠷᠦᠯ ᠤᠨ ᠭᠡᠷᠡᠭᠯᠡᠭᠴᠢᠳ ᠤᠨ ᠦᠪᠡᠷᠮᠢᠴᠡ ᠭᠡᠷᠡᠭᠴᠡᠭᠡ ᠪᠠᠷ ᠲᠣᠭᠳᠠᠭᠠᠭᠰᠠᠨ ᠠᠵᠢᠯ ᠳᠥᠷᠦᠯ ᠤᠨ ᠴᠠᠭ ᠠᠭᠤᠷ ᠤᠨ ᠦᠢᠯᠡᠴᠢᠯᠡᠭᠡ ᠶᠢ ᠴᠢᠩᠭᠠᠷᠡᠭᠤᠯᠥᠨ᠎ᠠ᠃       4. ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠡᠭᠤᠯᠥᠨ᠎ᠠ᠃ ᠣᠯᠠᠨ ᠢᠷᠡᠯᠲᠡ ᠶᠢᠨ ᠮᠠᠲ᠋ᠧᠷᠢᠶᠠᠯ ᠢ ᠨᠡᠶᠢᠯᠡᠭᠦᠯᠬᠦ ᠪᠠ ᠪᠣᠳᠠᠲᠤ ᠪᠠᠶᠢᠳᠠᠯ ᠢ ᠵᠠᠳᠠᠯᠬᠤ ᠲᠤᠬᠠᠶᠢᠯᠠᠭᠰᠠᠨ ᠠᠵᠢᠯ ᠢ ᠬᠥᠭᠵᠢᠭᠦᠯᠵᠦ᠂ ᠲᠡᠷᠢᠭᠦᠨ ᠤ ᠮᠡᠷᠭᠡᠵᠢᠯ ᠢᠶᠠᠷ ᠳᠠᠪᠰᠢᠩᠭᠤᠶ᠂ ᠶᠠᠰᠤ ᠴᠢᠨᠠᠷ ᠢᠶᠠᠷ ᠨᠠᠶᠢᠳᠠᠪᠤᠷᠢᠲᠠᠶ ᠴᠠᠭ ᠠᠭᠤᠷ ᠤᠨ ᠲᠤᠭ᠎ᠠ ᠪᠠᠷᠢᠮᠲᠠ ᠶᠢᠨ ᠦᠢᠯᠡᠳᠬᠦᠨ ᠤ ᠰᠢᠰᠲ᠋ᠧᠮ ᠢ ᠪᠠᠶᠢᠭᠤᠯᠤᠨ᠂ ᠠᠵᠢᠯ ᠲᠥᠷᠥᠯ ᠪᠣᠯᠤᠨ ᠨᠡᠶᠢᠭᠡᠮ ᠤᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠡᠷᠴᠢᠮᠵᠢᠭᠦᠯᠦᠭᠰᠡᠨ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠰᠣᠯᠢᠯᠴᠠᠬᠤ ᠪᠠ ᠡᠬᠢ ᠪᠠᠶᠠᠯᠢᠭ ᠢ ᠬᠠᠮᠲᠤ ᠳᠠᠭᠠᠨ ᠡᠳ᠋ᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠡᠭᠡᠳᠦ ᠬᠤᠷᠳᠤᠴᠠᠲᠤ ᠰᠠᠭᠠᠳ ᠦᠭᠡᠢ ᠨᠡᠪᠲᠡᠷᠡᠬᠦ ᠴᠠᠭ ᠠᠭᠤᠷ ᠤᠨ ᠮᠡᠳᠡᠭᠡ ᠵᠠᠩᠭᠢ ᠶᠢᠨ ᠰᠢᠰᠲ᠋ᠧᠮ ᠢ  ᠪᠠᠶᠢᠭᠤᠯᠵᠣ᠂ ᠲᠤᠭ᠎ᠠ ᠪᠠᠷᠢᠮᠲᠠ ᠴᠤᠭᠯᠠᠭᠤᠯᠬᠤ᠂ ᠬᠠᠳᠠᠭᠠᠯᠠᠬᠤ᠂ ᠵᠠᠳᠠᠯᠬᠤ ᠪᠠ ᠬᠡᠷᠡᠭᠯᠡᠬᠦ ᠦᠢᠯᠡᠴᠢᠯᠡᠭᠡᠨ ᠢ ᠳᠡᠭᠡᠳᠦ ᠬᠡᠮᠵᠢᠶ᠎ᠡ ᠪᠠᠷ ᠡᠷᠴᠢᠮᠵᠢᠭᠦᠯᠦᠨ᠂ ᠠᠵᠢᠭᠯᠠᠬᠤ᠂ ᠤᠷᠢᠳᠴᠢᠯᠠᠨ ᠮᠡᠳᠡᠭᠡᠯᠡᠬᠦ᠂ ᠦᠢᠯᠡᠴᠢᠯᠡᠭᠡᠨ ᠤ ᠲᠣᠬᠠᠶᠢᠯᠠᠭᠰᠠᠨ ᠠᠵᠢᠯ ᠤᠨ ᠥᠨᠳᠥᠷ ᠦᠷ᠎ᠡ ᠪᠦᠲᠦᠮᠵᠢᠲᠡᠢ ᠬᠠᠮᠵᠢᠯᠴᠠᠬᠤ ᠶᠢ ᠠᠬᠢᠭᠤᠯᠤᠨ᠎ᠠ᠃        ︵ᠭᠤᠷᠪᠠ︶ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃        1. ᠴᠠᠭ ᠠᠭᠤᠷ ᠤᠨ ᠭᠠᠮᠰᠢᠭ ᠤᠨ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠠᠮᠰᠢᠭ ᠤᠨ ᠴᠢᠨᠠᠷᠲᠠᠶ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠪᠠ ᠰᠤᠯᠢᠭ ᠤᠷᠤᠰᠬᠠᠯ ᠤᠨ ᠴᠢᠨᠠᠷᠲᠠᠶ ᠬᠡᠢ ᠶᠢᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠴᠠᠭ ᠠᠭᠤᠷ ᠤᠨ ᠭᠠᠮᠰᠢᠭ ᠢ ᠨᠠᠷᠢᠯᠢᠭ ᠣᠨᠣᠴᠠᠲᠠᠶ ᠪᠠᠷ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠦᠨ᠎ᠡ᠃ ᠭᠠᠢ ᠭᠠᠮᠰᠢᠭ ᠣᠯᠡᠨ ᠡᠭᠦᠰᠬᠦ ᠪᠠ ᠬᠡᠪ ᠤᠨ ᠪᠤᠰᠣ ᠴᠢᠨᠠᠷ ᠢ ᠨᠢ ᠨᠦᠯᠥᠭᠡᠯᠡᠬᠦ ᠠᠭᠤᠷ ᠠᠮᠢᠰᠬᠤᠯ ᠤᠨ ᠳᠥᠭᠰᠢᠬᠦᠷᠢ ᠶᠢ ᠰᠣᠳᠣᠯᠥᠨ ᠮᠠᠭᠠᠳᠯᠠᠬᠤ ᠪᠠ ᠦᠨᠡᠯᠡᠨ ᠵᠢᠱᠢᠬᠦ ᠶᠢ ᠦᠷᠨᠢᠬᠦᠯᠵᠦ᠂ ᠭᠠᠮᠰᠢᠭ ᠤᠨ ᠳᠥᠷᠦᠯ ᠵᠦᠢᠯ᠂ ᠭᠡᠷᠡᠭᠯᠡᠭᠴᠢᠳ ᠤᠨ ᠰᠢᠢᠳᠪᠦᠷᠢᠲᠦ ᠪᠤᠳᠣᠯᠭ᠎ᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠦᠷᠢᠨᠰᠢᠬᠦᠯᠥᠨ᠎ᠠ᠃        2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠬᠦ ᠪᠠ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠴᠢᠳᠠᠪᠤᠷᠢ ᠶᠢ ᠴᠢᠩᠭᠠᠳᠬᠠᠨ᠎ᠠ᠃ ᠭᠡᠨᠡᠳᠲᠡ ᠡᠭᠦᠰᠬᠦ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠦᠢᠯᠡᠳᠦᠯ ᠢ ᠪᠠᠳᠠᠷᠠᠭᠤᠯᠤᠨ᠂ ᠭᠡᠨᠡᠳᠲᠡ ᠡᠭᠦᠰᠬᠦ ᠬᠡᠷᠡᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠵᠠᠳᠠᠯᠬᠤ ᠪᠠ ᠰᠡᠷᠡᠮᠵᠢᠯᠡᠭᠦᠯᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡ ᠶᠢ  ᠦᠷᠨᠢᠭᠦᠯᠦᠨ᠎ᠡ᠃ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠪᠦᠬᠦ ᠰᠥᠯᠵᠢᠶᠡᠨ ᠳᠤ  ᠨᠡᠶᠢᠲᠡᠯᠡᠬᠦ ᠶᠢ ᠠᠬᠢᠭᠤᠯᠵᠣ᠂ ᠨᠡᠶᠢᠭᠡᠮ ᠤᠨ ᠬᠠᠮ ᠵᠠᠭᠤᠴᠢᠯᠠᠭᠤᠷ ᠤᠨ ᠡᠬᠢ ᠪᠠᠶᠠᠯᠢᠭ ᠢ ᠠᠰᠢᠭᠯᠠᠨ ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠦᠷᠭᠡᠨ ᠪᠥᠭᠡᠳ ᠣᠨᠣᠪᠴᠢᠲᠠᠶ ᠳᠠᠮᠵᠢᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠷᠢᠮᠵᠢᠶ᠎ᠠ ᠶᠢᠨ ᠰᠢᠨᠵᠢᠯᠡᠬᠦ ᠣᠬᠠᠭᠠᠨᠴᠢ ᠣᠨᠣᠯᠵᠢᠬᠤᠨ ᠢ ᠲᠦᠭᠡᠮᠡᠯᠵᠢᠭᠦᠯᠬᠦ ᠪᠠ ᠬᠡᠷᠡᠭᠯᠡᠬᠦ ᠶᠢ ᠴᠢᠩᠭᠠᠳᠬᠠᠨ᠂ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠬᠦ ᠳᠦᠷᠢᠮ ᠢ ᠪᠦᠷᠢᠨᠰᠢᠭᠦᠯᠦᠨ᠎ᠡ᠃        3. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢ ᠪᠦᠬᠦ  ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠰᠢᠰᠲ᠋ᠧᠮ ᠳᠤ ᠠᠭᠤᠰᠤᠯᠴᠠᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠪᠠ ᠠᠵᠢᠯ ᠤᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠡᠶᠢᠭᠡᠮ ᠤᠨ ᠣᠷᠣᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠬᠤ ᠪᠠ ᠲᠦᠭᠡᠮᠡᠯᠵᠢᠭᠦᠯᠬᠦ ᠶᠢ ᠴᠢᠩᠭᠠᠳᠬᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠪᠠ ᠠᠵᠤ ᠠᠬᠤᠶᠢᠯᠠᠯ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃        4. ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠩ ᠢ ᠡᠰᠡᠷᠭᠦᠴᠡᠨ ᠪᠣᠷᠣᠭᠠᠨ ᠢ ᠨᠡᠮᠡᠭᠳᠡᠭᠦᠯᠬᠦ ᠶᠢ ᠠᠬᠢᠭᠤᠯᠬᠤ ᠶᠢᠨ ᠲᠣᠭᠤᠷᠢᠨ ᠳᠤ᠂ ᠠᠵᠢᠯ ᠤᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠣᠷᠳᠣᠰ ᠬᠤᠲᠠ ᠶᠢᠨ ᠨᠢᠰᠬᠡᠯ  ᠢᠶᠠᠷ ᠪᠣᠷᠣᠭᠠᠨ ᠨᠡᠮᠡᠭᠳᠡᠭᠦᠯᠬᠦ ᠠᠵᠢᠯ ᠢ ᠵᠣᠬᠢᠴᠠᠭᠤᠯᠬᠤ ᠶᠢ ᠴᠢᠩᠭᠠᠳᠬᠠᠵᠤ᠂ ᠵᠢᠯᠣᠭᠤᠴᠢ ᠦᠭᠡᠢ ᠨᠢᠰᠬᠡᠯ ᠤᠨ ᠪᠣᠷᠣᠭᠠᠨ ᠨᠡᠮᠡᠭᠳᠡᠭᠦᠯᠬᠦ ᠲᠤᠷᠰᠢᠯᠲᠠ ᠶᠢᠨ ᠠᠵᠢᠯ ᠢ ᠥᠷᠨᠢᠭᠦᠯᠦᠨ᠂ ᠭᠠᠩ ᠲᠠᠢ ᠲᠡᠮᠡᠴᠡᠵᠦ ᠪᠣᠷᠣᠭᠠᠨ ᠨᠡᠮᠡᠭᠳᠡᠭᠦᠯᠬᠦ ᠨᠠᠷᠢᠯᠢᠭ ᠣᠨᠣᠴᠠᠲᠠᠢ ᠪᠠᠷ ᠠᠵᠢᠯᠯᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠶᠤᠯ᠂ ᠭᠠᠩ ᠬᠠᠭᠤᠷᠠᠢ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ ᠴᠤᠪᠤᠷᠠᠯ ᠪᠠ ᠵᠢᠷᠤᠮᠵᠢᠯ ᠢ ᠪᠠᠶᠢᠭᠤᠯᠤᠨ᠎ᠠ᠃ ᠠᠵᠢᠯᠯᠠᠬᠤ ᠴᠢᠭ᠋ ᠤᠨ ᠪᠠᠷᠢᠮᠵᠢᠶᠠᠵᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠣᠨᠤᠭ ᠲᠥᠬᠦᠭᠡᠷᠦᠮᠵᠢ ᠶᠢᠨ ᠠᠦ᠋ᠲ᠋ᠣᠴᠢᠯᠠᠯᠲᠠ᠂ ᠮᠡᠳᠡᠭᠡ ᠵᠠᠩᠭᠢᠵᠢᠯᠲᠠ᠂ ᠣᠶᠤᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠥᠨᠳᠥᠷ ᠪᠦᠲᠦᠮᠵᠢᠲᠡᠶ᠂ ᠠᠮᠤᠷ ᠲᠦᠪᠰᠢᠨ᠂ ᠪᠣᠬᠢᠷᠲᠤᠯ ᠦᠭᠡᠢ ᠠᠵᠢᠯᠯᠠᠬᠤ ᠰᠤᠮᠤ ᠳᠠᠷᠢ ᠶᠢᠨ ᠬᠡᠷᠡᠭᠯᠡᠯᠲᠡ ᠶᠢ ᠲᠦᠷᠭᠡᠳᠬᠡᠨ᠎ᠡ᠃        ︵ᠲᠦᠷᠪᠡ︶ ᠴᠠᠭ ᠠᠭᠤᠷ ᠤᠨ ᠦᠢᠯᠡᠴᠢᠯᠡᠭᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃        1. ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯ ᠮᠥᠷᠡᠨ᠂ ᠤᠰᠤᠨ ᠴᠥᠭᠦᠷᠥᠮ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ᠂ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠯᠴᠠᠭ᠎ᠠ ᠪᠠᠨ ᠴᠢᠩᠭᠠᠳᠬᠠᠨ᠂ ᠬᠠᠮᠲᠤᠷᠠᠨ ᠵᠥᠪᠳᠡᠯᠴᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠮᠡᠷᠭᠡᠵᠢᠯ ᠢᠶᠠᠷ ᠲᠤᠯᠭᠠᠭᠤᠷᠢᠯᠠᠬᠤ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠳᠠᠭᠳᠠᠯ ᠢᠶᠠᠨ ᠨᠥᠬᠦᠪᠦᠷᠢᠯᠡᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠦᠨᠡᠯᠡᠨ ᠵᠢᠱᠢᠬᠦ ᠳᠤᠮᠳᠠᠬᠢ ᠠᠯᠤᠰ ᠰᠡᠷᠡᠯ ᠤᠨ ᠮᠡᠷᠭᠡᠵᠢᠯ ᠤᠨ ᠦᠢᠯᠡᠳᠦᠯ ᠢ ᠪᠠᠳᠠᠷᠠᠭᠤᠯᠤᠨ᠎ᠠ᠃        2. ᠴᠠᠭ ᠠᠭᠤᠷ ᠤᠨ ᠣᠯᠠᠨ ᠠᠵᠢᠯ ᠲᠥᠷᠥᠯ ᠤᠨ ᠬᠦᠷᠢᠶ᠎ᠡ ᠴᠠᠷᠠᠭ᠎ᠠ ᠲᠠᠢ ᠠᠭᠤᠰᠣᠯᠴᠠᠨ ᠬᠦᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ︽ᠬᠤᠤᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠪᠠ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠪᠥᠬᠦ ᠣᠷᠣᠨ ᠪᠦᠰᠡ ᠶᠢᠨ ᠵᠢᠭᠤᠯᠴᠢᠯᠠᠯ ᠪᠠ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠬᠥᠭᠵᠢᠯᠲᠡ ᠶᠢᠨ ᠳᠣᠮᠳᠠᠭᠢ ᠴᠠᠭ ᠠᠭᠤᠷ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ ᠲᠤᠰᠬᠠᠶ ᠮᠡᠷᠭᠡᠵᠢᠯ ᠤᠨ ᠲᠤᠰᠬᠠᠶ ᠵᠦᠢᠯ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠢ ᠰᠤᠳᠤᠯᠤᠨ ᠨᠡᠭᠡᠭᠡᠵᠦ᠂ ᠡᠨᠧᠷᠭᠢ᠂ ᠵᠠᠮ ᠬᠠᠷᠢᠯᠴᠠᠭ᠎ᠠ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠡᠷᠭᠡ ᠴᠠᠭ ᠠᠭᠤᠷ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃        3. ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠢ ᠲᠡᠩᠴᠡᠭᠦᠷᠢᠰᠢᠭᠦᠯᠬᠦ ᠶᠢ ᠲᠦᠯᠬᠢᠨ ᠠᠬᠢᠭᠤᠯᠵᠤ᠂ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠣᠶᠤᠨᠴᠢ ᠬᠤᠲᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠶᠢ ᠬᠥᠭᠵᠢᠭᠦᠯᠵᠦ᠂ ᠴᠠᠭ ᠠᠭᠤᠷ ᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠠᠶᠤᠯ ᠲᠦᠭᠰᠢᠭᠦᠷᠢ ᠶᠢ ᠵᠠᠰᠠᠬᠤ ᠰᠢᠰᠲ᠋ᠧᠮ ᠳᠤ ᠠᠭᠤᠰᠤᠯᠴᠠᠬᠤ ᠶᠢ ᠠᠬᠢᠭᠤᠯᠤᠨ᠎ᠠ᠃ ᠪᠦᠬᠦᠨ ᠢ ᠬᠠᠮᠤᠷᠤᠭᠰᠠᠨ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠪᠠ ᠳᠠᠭᠠᠬᠤ ᠰᠢᠰᠲ᠋ᠧᠮ ᠢ ᠪᠠᠶᠢᠭᠤᠯᠵᠤ᠂ ᠴᠠᠭ ᠠᠭᠤᠷ ᠤᠨ ᠭᠠᠮᠰᠢᠭ ᠶᠡᠬᠡᠲᠡᠶ ᠭᠠᠵᠠᠷ ᠣᠷᠣᠨ ᠤ ᠬᠢᠨᠠᠨ ᠬᠡᠮᠵᠢᠵᠦ ᠰᠡᠷᠡᠮᠵᠢᠯᠡᠭᠦᠯᠬᠦ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃        ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃        1. ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠯᠡᠮᠵᠢ ᠶᠢᠨ ᠬᠡᠢ ᠪᠡᠶᠡᠲᠦ ᠶᠢ ᠠᠵᠢᠭᠯᠠᠨ ᠬᠡᠮᠵᠢᠬᠦ  ᠦᠷᠲᠡᠭᠡᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠬᠦ ᠵᠢᠴᠢ ᠨᠡᠭᠦᠷᠡᠰᠦᠲᠥ᠋ᠷᠥᠭᠴᠢ ᠶᠢᠨ ᠥᠨᠳᠥᠷ ᠤᠷᠬᠢᠯ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠨ᠎ᠡ᠃ ᠪᠣᠬᠢᠷᠲᠤᠯ ᠦᠭᠡᠢ ᠠᠭᠤᠷᠬᠠᠢ ᠶᠢ ᠵᠠᠰᠠᠬᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦᠨ ᠤ ᠠᠮᠢ ᠠᠬᠤᠢ ᠶᠢᠨ ᠰᠢᠰᠲ᠋ᠧᠮ ᠢ ᠵᠠᠰᠠᠬᠤ ᠵᠡᠷᠭᠡ ᠶᠢᠨ ᠲᠣᠭᠤᠷᠢᠨ ᠳᠤ᠂ ᠠᠭᠤᠷ ᠠᠮᠢᠰᠬᠤᠯ ᠤᠨ ᠬᠤᠪᠢᠷᠠᠯᠲᠠ ᠶᠢᠨ ᠬᠢᠶ᠎ᠠ ᠪᠠᠭᠰᠢ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠬᠦ ᠴᠢᠳᠠᠪᠣᠷᠢ ᠶᠢ ᠴᠢᠩᠭᠠᠳᠬᠠᠨ᠎ᠠ᠃          2. ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠴᠢᠩᠭᠠᠷᠠᠭᠤᠯᠤᠨ᠎ᠠ᠃ ︽ᠠᠭᠤᠷ ᠠᠮᠢᠰᠬᠤᠯ ᠤᠨ ᠲᠡᠮᠳᠡᠭ︾ ᠢ ᠦᠨᠡᠯᠡᠬᠦ ᠪᠠ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠭᠤᠷ ᠠᠮᠢᠰᠬᠤᠯ ᠤᠨ ᠶᠠᠰᠤ ᠴᠢᠨᠠᠷ ᠤᠨ ᠭᠡᠷᠡᠴᠢᠯᠡᠯ ᠢ ᠥᠷᠨᠢᠭᠦᠯᠦᠨ᠎ᠡ᠃ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠠᠭᠤᠷ ᠠᠮᠢᠰᠬᠤᠯ ᠤᠨ ᠵᠣᠬᠢᠴᠠᠬᠤ ᠬᠡᠯᠪᠡᠷᠢ ᠶᠢᠨ ᠬᠤᠲᠠ ᠵᠡᠷᠭᠡ ᠣᠷᠣᠨ ᠪᠦᠰᠡ ᠶᠢᠨ ᠠᠭᠤᠷ ᠠᠮᠢᠰᠬᠤᠯ ᠤᠨ ᠪᠣᠯᠤᠮᠵᠢᠲᠤ ᠨᠤᠲᠠᠯᠠᠯ ᠤᠨ ᠦᠨᠡᠯᠡᠨ ᠵᠢᠱᠢᠯᠲᠡ ᠶᠢ ᠥᠷᠨᠢᠭᠦᠯᠦᠨ᠎ᠡ᠃        3. ᠬᠥᠬᠡ ᠣᠭᠲᠠᠷᠭᠤᠶ ᠶᠢ ᠬᠠᠮᠠᠭᠠᠯᠠᠬᠤ ᠳᠠᠶᠢᠨ ᠤ ᠴᠠᠭ ᠠᠭᠤᠷ ᠤᠨ ᠦᠢᠯᠡᠴᠢᠯᠡᠭᠡ ᠶᠢ ᠴᠢᠩᠭᠠᠷᠠᠭᠤᠯᠤᠨ᠎ᠠ᠃ ᠣᠷᠴᠢᠨ ᠲᠣᠭᠤᠷᠢᠨ ᠤ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ᠨᠠᠷᠢᠯᠢᠬᠵᠢᠭᠤᠯᠤᠭᠰᠠᠨ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠬᠠᠩᠭᠠᠨ᠎ᠠ᠃ ᠠᠭᠠᠷ ᠮᠠᠨᠳᠠᠯ ᠤᠨ ᠪᠣᠬᠢᠷᠳᠣᠯ ᠢ ᠰᠡᠷᠭᠡᠶᠢᠯᠡᠨ ᠵᠠᠰᠬᠠᠰᠠᠨ ᠦᠷ᠎ᠠ ᠪᠦᠳᠦᠮᠵᠢ ᠲᠠᠢ ᠴᠠᠭ ᠠᠭᠤᠷ ᠤᠨ ᠨᠦᠯᠥᠭᠡ ᠶᠢ ᠦᠨᠡᠯᠡᠨ ᠵᠢᠱᠢᠬᠦ᠂ ᠠᠭᠠᠷ ᠮᠠᠨᠳᠠᠯ ᠤᠨ ᠦᠪᠡᠷ ᠢᠶᠠᠨ ᠴᠡᠪᠡᠷᠰᠢᠬᠦᠯᠬᠦ ᠴᠢᠳᠡᠪᠦᠷᠢ ᠶᠢ ᠨᠡᠷᠢᠯᠢᠠᠠᠵᠢᠭᠤᠯᠥᠨ ᠦᠨᠡᠯᠡᠬᠦ ᠲᠣᠬᠠᠶᠢᠯᠬᠠᠰᠠᠨ ᠠᠵᠢᠯ ᠢ ᠦᠷᠨᠢᠬᠦᠯᠥᠨ᠎ᠠ᠃ ᠡᠯᠡᠰᠦᠨ ᠰᠢᠭᠤᠷᠭ᠎ᠠ ᠪᠠ ᠪᠣᠬᠢᠷ ᠮᠠᠨᠠᠨ ᠵᠡᠷᠭᠡ ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ ᠰᠢᠨᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠲᠤ ᠴᠢᠭᠯᠡᠭᠦᠯᠦᠨ ᠵᠢᠯᠣᠭᠤᠴᠢ ᠥᠬᠡᠢ ᠨᠢᠰᠭᠡᠯ ᠤᠨ ᠪᠣᠬᠢᠷ ᠮᠠᠨᠠᠨ ᠢ ᠠᠷᠢᠯᠭᠠᠬᠤ ᠲᠣᠷᠰᠢᠯᠲᠠ ᠶᠢᠨ ᠠᠵᠢᠯ ᠢ ᠥᠷᠨᠢᠭᠦᠯᠦᠨ᠎ᠡ᠃         4. ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠯᠠᠭ᠎ᠠ ᠮᠥᠴᠢᠷ ᠤᠨ ᠬᠤᠭᠤᠷᠣᠨᠳᠣᠬᠢ ᠪᠠᠴᠢᠮ ᠪᠠᠶᠢᠳᠠᠯ ᠢ ᠬᠠᠮᠳᠣᠷᠠᠯᠴᠠᠨ ᠠᠷᠭᠠᠴᠠᠭᠠᠬᠤ  ᠴᠢᠳᠠᠪᠣᠷᠢ ᠶᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠠᠭ ᠠᠭᠤᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠴᠠᠭ ᠲᠣᠬᠠᠢ ᠳᠤᠨᠢ ᠬᠢᠨᠠᠨ ᠬᠡᠮᠵᠢᠬᠦ᠂ ᠭᠠᠯ ᠲᠦᠢᠮᠡᠷ ᠤᠨ ᠠᠶᠤᠯ ᠤᠨ ᠳᠡᠰ ᠢ ᠤᠷᠢᠳᠴᠢᠯᠠᠨ ᠮᠡᠳᠡᠭᠡᠯᠡᠬᠦ᠂ ᠭᠠᠯ ᠲᠦᠢᠮᠡᠷ ᠤᠨ ᠲᠠᠯᠠᠪᠠᠢ ᠶᠢᠨ ᠴᠠᠭ ᠠᠭᠤᠷ ᠢ ᠤᠷᠢᠳᠴᠢᠯᠠᠨ ᠮᠡᠳᠡᠭᠡᠯᠡᠬᠦ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠵᠡᠷᠭᠡ ᠶᠡᠷᠦᠩᠬᠡᠶᠢᠯᠡᠭᠰᠡᠨ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃        5. ᠳᠠᠭᠠᠭᠤᠯᠢ ᠣᠳᠣᠨ ᠤ ᠠᠯᠤᠰ ᠡᠵᠡᠮᠰᠢᠯ ᠤᠨ ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠠᠭᠠᠭᠤᠯᠢ ᠤᠳᠤᠨ ᠤ ᠲᠤᠭ᠎ᠠ ᠪᠠᠷᠢᠮᠲᠠ ᠶᠢᠨ ᠬᠤᠯᠪᠣᠭᠳᠠᠯ ᠪᠦᠬᠦᠢ ᠠᠵᠢᠯ ᠲᠦᠷᠦᠯ ᠤᠨ ᠬᠦᠷᠢᠶᠡᠨ ᠳᠠᠬᠢ ᠬᠡᠷᠡᠭᠯᠡᠯᠲᠡ ᠶᠢ ᠭᠦᠨᠵᠡᠭᠡᠶᠢᠷᠡᠭᠦᠯᠦᠨ᠎ᠡ᠃ ᠳᠠᠭᠠᠭᠤᠯᠢ ᠤᠳᠤᠨ ᠤ ᠠᠯᠤᠰ ᠡᠵᠡᠮᠰᠢᠯ ᠤᠨ ᠭᠠᠮᠰᠢᠭ ᠠᠴᠠ ᠡᠮᠦᠨᠡᠬᠢ ᠰᠡᠷᠭᠡᠶᠢᠯᠡᠯᠲᠡ᠂ ᠭᠠᠮᠰᠢᠭ ᠤᠨ ᠳᠤᠮᠳᠠᠬᠢ ᠪᠠᠴᠢᠮ ᠪᠠᠶᠢᠳᠠᠯ ᠢ ᠠᠷᠭᠠᠴᠠᠬᠤ᠂  ᠭᠠᠮᠰᠢᠭ ᠤᠨ ᠳᠠᠷᠠᠭᠠᠬᠢ ᠰᠡᠷᠭᠦᠭᠡᠯᠲᠡ ᠶᠢᠨ ᠪᠦᠬᠦ ᠶᠠᠪᠤᠴᠠ ᠶᠢᠨ ᠦᠢᠯᠡᠴᠢᠯᠡᠭᠡ ᠳᠤ ᠦᠵᠡᠭᠦᠯᠬᠦ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠪᠡᠰᠦᠲᠦ ᠭᠠᠵᠠᠷ᠂ ᠲᠠᠴᠢᠷ ᠴᠦᠯ᠂ ᠤᠰᠤᠨ ᠴᠣᠭᠴᠠ ᠵᠡᠷᠭᠡ ᠠᠮᠢ ᠠᠬᠤᠢ ᠶᠢᠨ ᠠᠯᠤᠰ ᠡᠵᠡᠮᠰᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠪᠠ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠯᠤᠰ ᠰᠡᠷᠡᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠬᠠᠲᠤᠨ ᠭᠤᠣᠯ ᠤᠨ ᠬᠠᠯᠢᠶ᠎ᠠ ᠦᠶᠡᠷ᠂ ᠦᠶᠡᠷ ᠤᠰᠤᠲᠤᠯ ᠤᠨ ᠭᠠᠮᠰᠢᠭ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠵᠡᠷᠭᠡ ᠶᠢ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃         ︵ᠵᠢᠷᠭᠤᠭ᠎ᠠ︶ ᠴᠠᠭ ᠠᠭᠤᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃        1. ᠴᠢᠳᠠᠪᠤᠷᠢᠲᠠᠨ ᠬᠥᠮᠦᠵᠢᠭᠦᠯᠬᠦ ᠡᠷᠴᠢᠮ ᠢ ᠨᠡᠮᠡᠭᠳᠡᠭᠦᠯᠦᠨ᠎ᠡ᠃ ᠴᠠᠭ ᠠᠭᠤᠷ ᠤᠨ ᠴᠢᠳᠠᠪᠤᠷᠢᠲᠠᠨ ᠢ ᠪᠦᠬᠦ ᠲᠣᠭᠤᠷᠢᠭ ᠤᠨ ᠴᠠᠭ ᠠᠭᠤᠷ ᠤᠨ ᠰᠠᠯᠠᠭ᠎ᠠ ᠮᠥᠴᠢᠷ ᠤᠨ ᠴᠢᠳᠠᠪᠤᠷᠢᠲᠠᠨ ᠬᠥᠮᠦᠵᠢᠭᠦᠯᠬᠦ ᠲᠥᠯᠥᠪᠵᠢᠭᠦᠯᠭᠡ ᠳᠤ ᠣᠷᠣᠭᠤᠯᠤᠨ᠎ᠠ᠃ ᠴᠠᠭ ᠠᠭᠤᠷ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠬᠠᠮ ᠴᠢᠳᠠᠪᠤᠷᠢᠲᠠᠨ᠂ ᠲᠤᠰᠬᠠᠶ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠰᠢᠯᠢᠨ ᠳᠡᠪᠰᠢᠭᠦᠯᠬᠦ ᠪᠠ ᠬᠥᠮᠦᠵᠢᠭᠦᠯᠬᠦ ᠶᠢ ᠴᠢᠩᠭᠠᠳᠬᠠᠨ᠎ᠠ᠃  ᠴᠠᠭ ᠠᠭᠤᠷ ᠤᠨ ᠭᠤᠣᠯᠯᠠᠭᠴᠢ ᠴᠢᠳᠠᠪᠤᠷᠢᠲᠠᠨ ᠢ ᠰᠢᠯᠢᠨ ᠰᠣᠩᠭᠤᠵᠤ᠂ ᠴᠠᠭ ᠠᠭᠤᠷ ᠤᠨ ᠰᠢᠯᠢᠳᠡᠭ ᠵᠠᠯᠠᠭᠤ ᠴᠢᠳᠠᠪᠤᠷᠢᠲᠠᠨ ᠢ ᠬᠥᠮᠥᠵᠢᠭᠦᠯᠵᠦ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠱᠠᠲᠤᠯᠢᠭ ᠡᠩᠨᠡᠭᠡ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠴᠠᠭ ᠠᠭᠤᠷ ᠤᠨ ᠴᠢᠳᠠᠪᠤᠷᠢᠲᠠᠨ ᠤ ᠡᠩᠨᠡᠭᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠ ᠬᠡᠪ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃        2. ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠢ ᠰᠢᠯᠢᠨ ᠳᠡᠪᠰᠢᠭᠦᠯᠵᠦ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠴᠢᠳᠠᠪᠤᠷᠢᠲᠠᠨ ᠤ ᠰᠢᠯᠵᠢᠯᠲᠡ ᠶᠢᠨ ᠵᠠᠮ ᠢ ᠨᠡᠪᠲᠡᠷᠡᠭᠦᠯᠦᠨ᠂ ᠴᠠᠭ ᠠᠭᠤᠷ ᠤᠨ ᠴᠢᠳᠠᠪᠤᠷᠢᠲᠠᠨ ᠤ ᠦᠰᠦᠨ ᠪᠤᠶᠢᠵᠢᠬᠤ ᠳᠤ ᠲᠠᠪᠴᠠᠩ ᠪᠠᠶᠢᠭᠤᠯᠤᠨ᠎ᠠ᠃ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠠᠵᠢᠯ ᠤᠨ ᠠᠮᠵᠢᠯᠲᠠ ᠪᠦᠲᠦᠮᠵᠢ᠂ ᠪᠣᠳᠠᠲᠤ ᠬᠤᠪᠢ ᠨᠡᠮᠡᠷᠢ ᠵᠡᠷᠭᠡ ᠯᠦᠭᠡ ᠨᠢᠭᠲᠠ ᠤᠶᠠᠯᠳᠤᠭᠤᠯᠵᠤ᠂ ᠴᠢᠳᠠᠪᠤᠷᠢᠲᠠᠨ ᠤ ᠥᠷᠲᠡᠭ ᠢ ᠭᠦᠢᠴᠡᠳ ᠢᠯᠡᠷᠡᠭᠦᠯᠦᠭᠰᠡᠨ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠵᠣᠷᠢᠭᠵᠢᠭᠤᠯᠬᠤ ᠬᠤᠪᠢᠶᠠᠷᠢᠯᠠᠯᠲᠠ ᠶᠢᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠣᠯᠤᠨ ᠬᠤᠪᠢ ᠬᠥᠮᠦᠨ ᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃        ᠭᠤᠷᠪᠠ᠂ ᠵᠣᠬᠢᠶᠠᠨ ᠪᠠᠶᠢᠭᠤᠯᠤᠯᠲᠠ ᠪᠠ ᠬᠡᠷᠡᠭᠵᠢᠭᠦᠯᠦᠯᠭᠡ        ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠴᠠᠭ ᠠᠭᠤᠷ ᠤᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠴᠠᠭ ᠠᠭᠤᠷ ᠤᠨ ᠰᠠᠯᠠᠭ᠎ᠠ ᠮᠥᠴᠢᠷ ᠤᠨ ᠳᠠᠪᠬᠤᠷ ᠬᠠᠮᠢᠶᠠᠷᠤᠯᠲᠠ ᠶᠢᠨ ᠪᠠᠶᠢᠭᠤᠯᠤᠯ ᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠣᠷᠣᠨ ᠨᠤᠲᠤᠭ ᠤᠨ ᠲᠥᠯᠥᠪᠵᠢᠭᠦᠯᠭᠡ ᠳᠤ ᠣᠷᠣᠭᠤᠯᠵᠤ᠂ ᠦᠷᠭᠦᠯᠵᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠴᠠᠭ ᠠᠭᠤᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ  ᠨᠢ ᠶᠡᠷᠦᠩᠬᠡᠶᠢᠯᠡᠨ ᠵᠣᠬᠢᠴᠠᠭᠤᠯᠬᠤ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠂ ᠬᠢᠶ᠎ᠠ ᠪᠠᠭᠰᠢ ᠲᠣᠭᠤᠷᠢᠭ ᠤᠨ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤ ᠶᠢ  ᠠᠬᠢᠭᠤᠯᠣᠨ᠎ᠠ᠃        ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠶᠢ ᠢᠳᠡᠪᠬᠢᠲᠡᠶ ᠲᠦᠯᠬᠢᠨ ᠠᠬᠢᠭᠤᠯᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠴᠠᠭ ᠠᠭᠤᠷ ᠤᠨ ᠠᠵᠢᠯ ᠲᠥᠷᠥᠯ ᠤᠨ ᠬᠠᠮᠢᠶᠠᠷᠤᠯᠲᠠ᠂ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠵᠡᠷᠭᠡ ᠬᠤᠯᠪᠣᠭᠳᠠᠯ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠦᠷᠭᠡᠳᠬᠡᠨ ᠲᠣᠭᠲᠠᠭᠠᠵᠤ ᠵᠠᠰᠠᠪᠤᠷᠢ ᠣᠷᠣᠭᠤᠯᠤᠨ᠎ᠠ᠃ ᠴᠠᠭ ᠠᠭᠤᠷ ᠤᠨ ᠲᠥᠬᠦᠭᠡᠷᠦᠮᠵᠢ ᠪᠠ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠬᠠᠤᠯᠢ ᠶᠣᠰᠣᠭᠠᠷ ᠬᠠᠮᠠᠭᠠᠯᠠᠨ᠎ᠠ᠃ ᠴᠠᠭ ᠠᠭᠤᠷ ᠤᠨ ᠭᠠᠮᠰᠢᠭ ᠤᠨ ᠰᠡᠷᠡᠮᠵᠢ ᠶᠢᠨ ᠳᠣᠬᠢᠶ᠎ᠠ ᠨᠡᠶᠢᠲᠡᠯᠡᠬᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ᠂ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡᠨ ᠬᠢᠬᠦ ᠵᠡᠷᠭᠡ ᠠᠵᠢᠯᠯᠠᠭ᠎ᠠ ᠶᠢ ᠴᠢᠩᠭ᠎ᠠ ᠵᠢᠷᠣᠮᠵᠢᠭᠤᠯᠣᠨ᠎ᠠ᠃        ︵ᠭᠤᠷᠪᠠ︶ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠨ᠎ᠠ᠃ ᠳᠠᠪᠬᠤᠷ ᠲᠥᠯᠥᠪᠯᠡᠭᠡᠲᠦ ᠡᠳ᠋ ᠤᠨ ᠶᠠᠪᠤᠳᠠᠯ ᠤᠨ ᠪᠠᠶᠢᠭᠤᠯᠤᠯ ᠢ ᠨᠠᠶᠢᠳᠠᠪᠤᠷᠢᠵᠢᠭᠤᠯᠤᠨ᠎ᠠ᠃ ᠲᠥᠪ ᠤᠨ ᠪᠠ ᠣᠷᠣᠨ ᠨᠤᠲᠤᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠴᠠᠭ ᠠᠭᠤᠷ ᠤᠨ ᠠᠵᠢᠯᠲᠠᠨ ᠤ ᠬᠤᠯᠪᠣᠭᠳᠠᠯ ᠪᠦᠬᠦᠢ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠣᠯ ᠪᠣᠯᠭᠠᠵᠤ᠂ ᠨᠡᠶᠢᠭᠡᠮ ᠤᠨ ᠣᠷᠣᠭᠤᠯᠤᠯᠲᠠ ᠪᠠᠷ ᠬᠠᠪᠰᠤᠷᠤᠮᠵᠢ ᠪᠣᠯᠭᠠᠭᠰᠠᠨ ᠣᠯᠠᠨ ᠡᠰᠢᠵᠢᠭᠰᠡᠨ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠂ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃                      ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                     2023 ᠣᠨ ᠤ 9 ᠰᠠᠷ᠎ᠠ ᠶᠢᠨ 12  ᠤ ᠡᠳᠣᠷ 
ᠢᠷᠡᠯᠲᠡ᠄ ᠲᠣᠰ ᠰᠥᠯᠵᠢᠶ᠎ᠡ