ᠠᠷᠪᠠᠨ ᠨᠢᠭᠡᠳᠦᠭᠡᠷ ᠬᠤᠭᠤᠴᠠᠭᠠᠨ ᠤ ︽ᠡᠵᠢ ᠭᠤᠤᠯ ᠱᠠᠩᠨᠠᠯ︾ ᠲᠤᠳᠤᠷᠠᠵᠤ ᠮᠠᠨ ᠤ ᠬᠤᠳᠠ ᠨᠢᠭᠡ ᠲᠤᠮᠤ ᠱᠠᠩᠨᠠᠯ ᠬᠤᠶᠠᠷ ᠨᠠᠷ᠎ᠠ ᠲᠤᠷᠠᠳᠤᠬᠳᠠᠬᠰᠠᠨ ᠱᠠᠩᠨᠠᠯ ᠲᠤᠰᠴᠡᠢ
ᠨᠡᠶᠢᠲᠡᠯᠡᠭᠰᠡᠨ ᠴᠠᠭ᠄
2023/11/17
       ᠲᠦᠷᠦᠭᠦᠬᠡᠨ᠂ ᠠᠷᠪᠠᠨ ᠨᠢᠭᠡᠳᠦᠭᠡᠷ ᠬᠤᠭᠤᠴᠠᠭᠠᠨ ᠤ ︽ᠡᠵᠢ ᠭᠤᠤᠯ ᠱᠠᠩᠨᠠᠯ︾ ᠲᠤᠳᠤᠷᠠᠵᠤ᠂ ᠮᠠᠨ ᠤ ᠬᠤᠲᠠ ᠨᠢᠭᠡ ᠲᠤᠮᠤ ᠱᠠᠩᠨᠠᠯ ᠬᠤᠶᠠᠷ ᠨᠠᠷ᠎ᠠ ᠲᠤᠷᠠᠳᠤᠬᠳᠠᠬᠰᠠᠨ ᠱᠠᠩᠨᠠᠯ ᠲᠤᠰᠪᠠ᠃      ᠮᠠᠨ ᠤ ᠬᠤᠲᠠ ᠶᠢᠨ ᠢ ᠯᠢ ᠡᠯᠡᠰᠦᠨ ᠴᠥᠯ ᠤᠨ ᠠᠮᠢ ᠠᠬᠤᠶ ᠶᠢᠨ ᠡᠷᠡᠭᠦᠯ ᠮᠡᠨᠳᠦ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︽ᠪᠣᠬᠢᠷᠲᠤᠯ ᠥᠬᠡᠶ ᠬᠤᠪᠢ ᠨᠡᠮᠡᠷᠢ ᠶᠢᠨ ᠱᠠᠩᠨᠠᠯ︾᠂ ᠦᠦᠰᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ︽ᠬᠡᠷ ᠤᠨ ᠰᠤᠷᠲᠠᠯ ᠤᠨ ᠤᠢ︾ ᠶᠢᠨ ᠲᠥᠷᠥᠯ ᠵᠦᠢᠯ ︽ᠪᠣᠬᠢᠷᠲᠤᠯ ᠥᠬᠡᠶ ᠲᠥᠷᠥᠯ ᠵᠦᠢᠯ ᠤᠨ ᠱᠠᠩᠨᠠᠯ︾ ᠳᠤ ᠨᠡᠷ᠎ᠡ ᠳᠤᠷᠠᠳᠤᠭᠳᠠᠵᠤ᠂ ᠤᠯᠤᠰ ᠤᠨ ᠡᠨᠧᠷᠭᠢ ᠶᠢᠨ ᠵᠡᠭᠦᠨᠭᠠᠷ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︽ᠪᠣᠬᠢᠷᠲᠤᠯ ᠥᠬᠡᠶ ᠬᠤᠪᠢ ᠨᠡᠮᠡᠷᠢ ᠶᠢᠨ ᠱᠠᠩᠨᠠᠯ︾ ᠳᠤ ᠨᠡᠷ᠎ᠠ ᠲᠤᠷᠠᠳᠤᠬᠳᠠᠪᠠ᠃ ︽ᠡᠵᠢ ᠭᠤᠣᠯ ᠱᠠᠩᠨᠠᠯ︾ ᠢ ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠦᠪᠯᠡᠯ᠂ ᠠᠮᠢ ᠠᠬᠤᠶ ᠣᠷᠴᠢᠨ ᠲᠣᠭᠤᠷᠢᠨ ᠤ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠶᠠᠮᠤᠨ ᠵᠦᠪᠯᠡᠯ ᠬᠠᠮᠲᠤᠷᠠᠨ ᠭᠠᠷᠭᠠᠵᠤ᠂ ᠠᠮᠢ ᠠᠬᠤᠢ ᠣᠷᠴᠢᠨ ᠲᠣᠭᠤᠷᠢᠨ ᠤ ᠬᠦᠷᠢᠶ᠎ᠠ ᠴᠠᠷᠠᠭᠠᠨ ᠳᠠᠬᠢ ᠤᠯᠤᠰ ᠤᠨ ᠲᠡᠰ ᠤᠨ ᠡᠷᠬᠡ ᠰᠦᠷᠲᠦ ᠱᠠᠩᠨᠠᠯ ᠪᠣᠯᠤᠨ᠎ᠠ᠂ ᠮᠥᠨ ᠴᠦ ᠵᠠᠯᠠᠭᠤᠴᠤᠳ ᠪᠠᠭᠠᠴᠤᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠦᠷᠢᠶ᠎ᠠ ᠴᠠᠷᠠᠭᠠᠨ ᠳᠠᠬᠢ ᠴᠤᠷᠢ ᠶᠢᠨ ᠭᠠᠭᠴᠠ ᠱᠠᠩᠨᠠᠯ ᠪᠠᠶᠢᠵᠤ᠂ ᠡᠵᠢ ᠭᠤᠣᠯ ᠢ ᠬᠠᠮᠠᠭᠠᠯᠠᠬᠤ ᠠᠵᠢᠯᠯᠠᠭ᠎ᠠ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠠᠮᠢ ᠠᠬᠤᠢ ᠶᠢᠨ ᠪᠣᠯᠪᠠᠰᠤᠨ ᠤ ᠦᠢᠯᠡᠰ ᠢ ᠪᠠᠶᠢᠭᠤᠯᠬᠤ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ᠂ ᠬᠠᠮᠲᠤ ᠨᠡᠶᠢᠳᠡ᠂ ᠵᠣᠬᠢᠶᠠᠨ ᠪᠠᠶᠢᠭᠤᠯᠤᠯᠲᠠ ᠪᠣᠯᠤᠨ ᠲᠦᠷᠦᠯ ᠵᠦᠢᠯ ᠢ ᠬᠥᠬᠢᠭᠦᠯᠦᠨ ᠱᠠᠩᠨᠠᠬᠤ ᠪᠠᠷ ᠵᠣᠷᠢᠯᠭ᠎ᠠ ᠪᠣᠯᠭᠠᠭᠰᠠᠨ ᠶᠤᠮ᠃      ᠣᠶᠢᠷ᠎ᠠ ᠶᠢᠨ ᠵᠢᠯ ᠤᠳ ᠠᠴᠠ ᠨᠠᠭᠠᠰᠢ᠂ ᠮᠠᠨ ᠤ ᠬᠤᠲᠠ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠭᠤᠣᠯ ᠡᠭᠦᠷᠭᠡ ᠪᠣᠯᠭᠠᠵᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ ᠤ ᠬᠡᠪᠴᠢᠶᠡᠵᠢᠭᠦᠯᠦᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠬᠦᠴᠦ ᠪᠠᠨ ᠲᠥᠪᠯᠡᠷᠡᠭᠦᠯᠦᠨ ᠥᠷᠨᠢᠭᠦᠯᠵᠦ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ ᠶᠢᠨ ᠲᠤᠬᠳᠠᠯᠴᠠᠭ᠎ᠠ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠠᠮᠵᠢᠯᠴᠠᠨ ᠠᠬᠢᠭᠤᠯᠵᠤ᠂ ᠬᠠᠳᠤᠨ ᠭᠤᠣᠯ ᠤᠨ ᠲᠤᠬᠤᠢ ᠶᠢᠨ ᠠᠮᠢ ᠠᠬᠤᠢ ᠣᠷᠴᠢᠨ ᠲᠣᠭᠤᠷᠢᠨ ᠤ ᠰᠢᠰᠲ᠋ᠧᠮ ᠤᠨ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ︽ᠡᠵᠢ ᠭᠤᠣᠯ︾ ᠢ ᠬᠠᠮᠠᠭᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ