︽ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/11/17
      ᠨᠢᠭᠡ᠂ ᠲᠣᠭᠲᠠᠭᠠᠭᠰᠠᠨ ᠠᠬᠤᠢ ᠪᠠᠶᠢᠳᠠᠯ       ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠠᠭᠤᠯᠭ᠎ᠠ ᠶᠢ ᠴᠢᠨᠠᠭᠰᠢᠳᠠ ᠤᠯᠠᠮ ᠵᠢᠷᠤᠮᠵᠢᠭᠤᠯᠤᠨ᠂ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠭᠦᠨᠵᠡᠭᠡᠢ ᠪᠠᠶᠢᠴᠠᠭᠠᠨ ᠰᠣᠳᠣᠯᠵᠤ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠨᠢ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ ᠪᠠ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠲᠠᠢ ᠬᠠᠮᠲᠤᠷᠠᠨ ︽ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠰᠤᠳᠤᠯᠤᠨ ᠲᠣᠭᠲᠠᠭᠠᠪᠠ ᠃ ︽ ᠵᠦᠭᠯᠡᠭᠦᠷ ︾  ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠪᠠᠷᠢᠮᠵᠢᠶ᠎ᠡ ᠵᠢᠷᠤᠮᠵᠢᠯ ᠢ ᠯᠠᠪᠯᠠᠨ᠂ ᠪᠦᠬᠦ ᠲᠠᠯᠠᠲᠤ ᠴᠢᠨᠠᠷ᠂ ᠣᠨᠣᠪᠴᠢᠲᠤ ᠴᠢᠨᠠᠷ᠂ ᠬᠤᠭᠤᠴᠠᠭᠠᠲᠤ ᠴᠢᠨᠠᠷ ᠪᠠ ᠬᠡᠷᠡᠭᠯᠡᠭᠡᠨ ᠤ ᠴᠢᠨᠠᠷ ᠵᠡᠷᠭᠡ ᠵᠠᠷᠴᠢᠮ ᠤᠳ ᠢ ᠵᠢᠷᠤᠮᠯᠠᠭᠰᠠᠨ ᠪᠥᠭᠡᠳ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠡᠷ ᠪᠠ ᠨᠡᠶᠢᠭᠡᠮ ᠲᠣᠭᠤᠷᠢᠭ ᠤᠨ ᠣᠷᠴᠢᠨ ᠳᠤ ᠬᠠᠩᠭᠠᠬᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠠᠭᠤᠯᠭ᠎ᠠ ᠬᠢᠭᠡᠳ ᠱᠠᠭᠠᠷᠳᠠᠯᠭ᠎ᠠ ᠶᠢ ᠵᠢᠷᠤᠮᠵᠢᠭᠤᠯᠵᠠᠢ᠃      ᠬᠤᠶᠠᠷ ᠂ ᠭᠤᠣᠯ ᠠᠭᠤᠯᠭ᠎ᠠ      ︽ᠵᠦᠭᠯᠡᠭᠦᠷ ︾ ᠲᠤ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠶᠡᠷᠦᠩᠬᠡᠢ ᠳᠦᠷᠢᠮ᠂ ᠦᠨᠳᠦᠰᠦᠨ ᠱᠠᠭᠠᠷᠳᠠᠯᠭ᠎ᠠ᠂ ᠦᠢᠯᠡᠴᠢᠯᠡᠭᠡᠨ ᠤ ᠠᠭᠤᠯᠭ᠎ᠠ ᠬᠢᠭᠡᠳ ᠱᠠᠭᠠᠷᠳᠠᠯᠭ᠎ᠠ᠂ ᠦᠢᠯᠡᠴᠢᠯᠡᠭᠡᠨ ᠤ ᠶᠠᠪᠤᠴᠠ ᠬᠢᠭᠡᠳ ᠱᠠᠭᠠᠷᠳᠠᠯᠭ᠎ᠠ ᠵᠡᠷᠭᠡ 4 ᠲᠠᠯ᠎ᠠ ᠶᠢ ᠲᠣᠳᠣᠷᠬᠠᠢ ᠵᠢᠷᠤᠮᠵᠢᠭᠤᠯᠵᠠᠢ ᠃ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠭᠡᠳᠡᠭ ᠪᠣᠯ ᠨᠥᠬᠦᠴᠡᠯ ᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠣᠯᠠᠨ ᠵᠦᠢᠯ ᠤᠨ ᠠᠷᠭ᠎ᠠ ᠪᠠᠷ ᠭᠡᠷ ᠲᠤ ᠪᠠᠨ ᠪᠠ ᠨᠡᠶᠢᠭᠡᠮ ᠲᠣᠭᠤᠷᠢᠭ ᠲᠤ ᠪᠠᠨ ᠠᠰᠠᠷᠠᠭᠤᠯᠵᠤ ᠪᠠᠶᠢᠭ᠎ᠠ ᠨᠠᠰᠤᠲᠠᠶᠢᠴᠤᠳ ᠲᠤ ᠴᠢᠬᠤᠯᠠ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠶᠢ ᠵᠢᠭᠠᠵᠤ ᠪᠣᠶ ᠂ ᠲᠤᠰ ᠦᠢᠯᠡᠴᠢᠯᠡᠭᠡ ᠶᠢ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠡᠯ᠎ᠡ ᠱᠠᠲᠤᠨ ᠤ ᠡᠯ᠎ᠡ ᠲᠦᠷᠦᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠡᠷᠡᠭᠵᠢᠭᠦᠯᠬᠦ ᠳᠤ ᠲᠣᠬᠢᠷᠠᠮᠵᠢᠲᠠᠢ᠂ ᠬᠤᠯᠪᠤᠭᠳᠠᠯ ᠪᠦᠬᠦᠢ ᠪᠠᠶᠢᠭᠤᠯᠤᠮᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠬᠠᠮᠢᠶᠠᠷᠤᠯᠲᠠ ᠶᠢᠨ ᠲᠣᠭᠲᠠᠭᠠᠯ ᠢ ᠬᠡᠷᠡᠭᠵᠢᠭᠦᠯᠪᠡᠯ ᠵᠣᠬᠢᠬᠤ ᠶᠢ ᠶᠡᠷᠦᠩᠬᠡᠢ ᠳᠦᠷᠢᠮ ᠳᠤ ᠲᠣᠳᠤᠷᠬᠠᠶᠢᠯᠠᠵᠠᠢ᠃ ᠦᠨᠳᠦᠰᠦᠨ ᠱᠠᠭᠠᠷᠳᠠᠯᠭ᠎ᠠ ᠳᠤ ᠪᠠᠶᠢᠭᠤᠯᠤᠮᠵᠢ ᠶᠢᠨ ᠬᠢᠷᠢ ᠬᠡᠮ᠂ ᠪᠡᠯᠡᠳᠬᠡᠮᠵᠢ ᠲᠥᠬᠦᠭᠡᠷᠦᠮᠵᠢ ᠪᠠ ᠦᠢᠯᠡᠴᠢᠯᠡᠬᠦ ᠠᠵᠢᠯᠲᠠᠨ ᠤ ᠬᠢᠷᠢ ᠬᠡᠮ ᠵᠡᠷᠭᠡ 2 ᠲᠠᠯ᠎ᠠ ᠶᠢᠨ ᠠᠭᠤᠯᠭ᠎ᠠ ᠳᠤ ᠴᠢᠭᠯᠡᠭᠦᠯᠦᠭᠰᠡᠨ ᠲᠣᠳᠣᠷᠬᠠᠢ ᠲᠣᠭᠲᠠᠭᠠᠯ ᠭᠠᠷᠭᠠᠪᠠ᠃ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠵᠢᠯ ᠡᠷᠭᠢᠯᠡᠬᠦ ᠵᠥᠪᠰᠢᠶᠡᠷᠡᠯ ᠢ ᠬᠠᠤᠯᠢ ᠶᠣᠰᠣᠭᠠᠷ ᠣᠯᠬᠤ ᠪᠤᠶᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ︵ᠬᠢᠲᠠᠳ ᠡᠮ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠭᠲᠠᠨ᠎ᠠ︶ ᠲᠤ ᠳᠠᠩᠰᠠᠯᠠᠭᠤᠯᠵᠤ᠂ ᠡᠮᠨᠡᠯᠭᠡ ᠶᠢᠨ ᠠᠵᠢᠯᠲᠠᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠯᠭᠤᠭᠰᠠᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠪᠤᠶᠤ ᠵᠣᠬᠢᠬᠤ ᠲᠤᠰᠬᠠᠢ ᠮᠡᠷᠭᠡᠵᠢᠯ ᠤᠨ ᠵᠡᠷᠭᠡ ᠴᠤᠯᠠ ᠪᠠᠶᠢᠬᠤ ᠬᠡᠷᠡᠭᠲᠡᠢ᠃ ᠦᠢᠯᠡᠴᠢᠯᠡᠭᠡᠨ ᠤ ᠠᠭᠤᠯᠭ᠎ᠠ ᠪᠠ ᠱᠠᠭᠠᠷᠳᠠᠯᠭ᠎ᠠ ᠳᠤ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ᠂ ᠲᠣᠭᠤᠷᠢᠨ ᠡᠮᠴᠢᠯᠡᠬᠦ ᠦᠢᠯᠡᠴᠢᠯᠡᠭᠡ᠂ ᠭᠡᠷ ᠲᠤ ᠪᠠᠨ ᠰᠠᠭᠤᠵᠤ ᠡᠮᠴᠢᠯᠡᠭᠦᠯᠬᠦ ᠡᠮᠴᠢᠯᠡᠬᠦ ᠦᠢᠯᠡᠴᠢᠯᠡᠭᠡ ᠂ ᠭᠡᠷ ᠲᠤ ᠨᠢ ᠬᠦᠷᠴᠦ ᠡᠮᠴᠢᠯᠡᠬᠦ ᠦᠢᠯᠡᠴᠢᠯᠡᠭᠡ᠂ ᠬᠢᠲᠠᠳ ᠡᠮ ᠡᠮᠨᠡᠯᠭᠡ ᠶᠢᠨ ᠦᠢᠯᠡᠴᠢᠯᠡᠭᠡ᠂ ᠰᠡᠳᠬᠢᠴᠡ ᠮᠡᠳᠡᠷᠡᠯ ᠤᠨ ᠦᠢᠯᠡᠴᠢᠯᠡᠭᠡ᠂ ᠰᠢᠯᠵᠢᠭᠦᠯᠦᠨ ᠡᠮᠴᠢᠯᠡᠬᠦ ᠦᠢᠯᠡᠴᠢᠯᠡᠭᠡ ᠵᠡᠷᠭᠡ 8 ᠲᠥᠷᠥᠯ ᠤᠨ ᠦᠢᠯᠡᠴᠢᠯᠡᠭᠡᠨ ᠤ ᠪᠣᠳᠠᠲᠠᠢ ᠠᠭᠤᠯᠭ᠎ᠠ ᠶᠢ ᠲᠣᠳᠣᠷᠬᠠᠢ ᠲᠣᠭᠲᠠᠭᠠᠪᠠ᠃ ᠦᠢᠯᠡᠴᠢᠯᠡᠭᠡᠨ ᠤ ᠶᠠᠪᠤᠴᠠ ᠬᠢᠭᠡᠳ ᠱᠠᠭᠠᠷᠳᠠᠯᠭ᠎ᠠ ᠳᠤ ᠭᠤᠶᠤᠴᠢᠯᠠᠬᠤ ᠂ ᠦᠨᠡᠯᠡᠨ ᠵᠢᠱᠢᠬᠦ ᠂ ᠪᠠᠶᠢᠳᠠᠯ ᠢ ᠮᠡᠳᠡᠵᠦ ᠵᠥᠪᠰᠢᠶᠡᠷᠡᠬᠦ᠂ ᠦᠢᠯᠡᠴᠢᠯᠡᠬᠦ ᠂ ᠲᠡᠮᠳᠡᠭᠯᠡᠬᠦ ᠂ ᠳ᠋ᠦᠩᠨᠡᠨ ᠰᠠᠶᠢᠵᠢᠷᠠᠭᠤᠯᠬᠤ ᠵᠡᠷᠭᠡ 6 ᠭᠤᠭᠴᠤᠭ᠎ᠠ ᠶᠢ ᠲᠣᠳᠣᠷᠬᠠᠢ ᠳᠤᠷᠠᠳᠤᠭᠰᠠᠨ ᠮᠥᠷᠲᠡᠭᠡᠨ 9 ᠵᠦᠢᠯ ᠤᠨ ᠱᠠᠭᠠᠷᠳᠠᠯᠭ᠎ᠠ ᠳᠤᠷᠠᠳᠴᠠᠢ ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ