︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾
ᠨᠡᠶᠢᠲᠡᠯᠡᠭᠰᠡᠨ ᠴᠠᠭ᠄
2023/11/18
 ᠵᠢᠷᠭᠤᠳᠤᠭᠠᠷ ᠪᠦᠯᠦᠭ    ᠬᠢᠨᠠᠵᠤ ᠬᠠᠮᠢᠶᠠᠷᠬᠤ             ᠲᠠᠪᠢᠨ ᠨᠠᠢᠮᠠᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠣᠯᠣᠨ‌ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠬᠠᠤᠯᠢ ᠶᠣᠰᠣᠭᠠᠷ ᠬᠢᠨᠠᠯᠲᠠ  ᠲᠠᠯᠪᠢᠨ ᠪᠠᠶᠢᠴᠠᠭᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠨ᠎ᠠ᠃           ᠲᠠᠪᠢ ᠶᠢᠰᠦᠳᠦᠭᠡᠷ ᠵᠦᠢᠯ᠄ ᠤᠯᠤᠰ ᠠᠴᠠ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠠ ᠬᠢᠨᠠᠨ ᠰᠢᠯᠭᠠᠵᠤ ᠦᠨᠡᠯᠡᠬᠦ ᠳᠦᠷᠢᠮ ᠢ ᠬᠡᠷᠡᠭᠵᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠬᠢᠨᠠᠨ ᠰᠢᠯᠭᠠᠬᠤ ᠪᠣᠳᠠᠲᠠᠢ ᠠᠷᠭ᠎ᠠ ᠶᠢ ᠲᠣᠭᠲᠠᠭᠠᠨ᠎ᠠ᠃          ᠵᠢᠷᠠᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠥᠨᠳᠡᠯᠡᠨ ᠤ ᠪᠠᠶᠢᠭᠤᠯᠤᠮᠵᠢ  ᠳᠤ ᠨᠠᠶᠢᠳᠠᠵᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠭᠦᠯᠬᠦ ᠶᠢᠨ ᠬᠠᠮᠲᠤ ᠦᠨᠡᠯᠡᠭᠰᠡᠨ ᠳ᠋ᠦᠩ ᠢᠶᠠᠨ ᠢᠯᠡᠵᠢᠬᠦᠯᠵᠤ᠂ ᠨᠡᠶᠢᠭᠡᠮ ᠨᠡᠶᠢᠳᠡ ᠶᠢᠨ  ᠬᠢᠨ ᠤ ᠬᠢᠨᠠᠯᠲᠠ ᠶᠢ ᠬᠦᠯᠢᠶᠡᠨ᠎ᠡ᠃          ᠵᠢᠷᠠᠨ ᠨᠢᠭᠡᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠰᠠᠭᠠᠳ ᠦᠭᠡᠢ ᠣᠷᠴᠢᠨ  ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠵᠠᠷᠯᠠᠬᠤ ᠳᠦᠷᠢᠮ ᠢ ᠪᠠᠶᠢᠭᠤᠯᠵᠤ᠂   ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃           ᠵᠢᠷᠠᠨ ᠬᠤᠶᠠᠳᠤᠭᠠᠷ ᠵᠦᠢᠯ᠄ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠴᠤ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ᠂ ᠮᠡᠳᠡᠭᠦᠯᠬᠦ ᠡᠷᠬᠡ ᠲᠠᠢ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠠᠭᠠᠳ ᠦᠭᠡᠢ ᠣᠷᠴᠢᠨ  ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠬᠤᠯᠪᠣᠭᠳᠠᠭᠰᠠᠨ ᠵᠠᠭᠠᠯᠳᠤᠯᠭ᠎ᠠ ᠪᠠ ᠮᠡᠳᠡᠭᠦᠯᠦᠯᠲᠡ ᠶᠢ ᠣᠯᠣᠭᠰᠠᠨ ᠳᠠᠷᠤᠢ ᠰᠢᠢᠳᠪᠦᠷᠢᠯᠡᠬᠦ ᠶᠢᠨ ᠬᠠᠮᠲᠤ ᠬᠠᠷᠢᠭᠤᠯᠲᠠ ᠥᠭᠬᠦ ᠬᠡᠷᠡᠭᠲᠡᠢ ᠃           ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠬᠢᠨ ᠬᠡᠷᠡᠭᠴᠡᠭᠡ ᠪᠠᠨ ᠦᠨᠳᠦᠰᠦᠯᠡᠨ᠂ ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠠ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠬᠥᠮᠥᠰ ᠢ ᠤᠷᠢᠵᠤ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠣᠯᠣᠨ᠎ᠠ᠃          ᠰᠣᠨᠢᠨ ᠮᠡᠳᠡᠭᠡᠨ ᠤ  ᠵᠠᠭᠤᠴᠢᠰ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠵᠤ ᠪᠣᠯᠣᠨ᠎ᠠ᠃          ᠵᠢᠷᠠᠨ ᠭᠤᠷᠪᠠᠳᠤᠭᠠᠷ ᠵᠦᠢᠯ᠄ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠳᠤ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠰᠠᠨᠠᠭᠤᠯᠭ᠎ᠠ ᠳᠤᠷᠠᠳᠬᠤ ᠪᠤᠶᠤ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ ᠪᠣᠯᠣᠨ᠎ᠠ᠃    
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠰᠦᠯᠵᠢᠶ᠎ᠡ