ᠲᠠᠪᠤᠨ ᠪᠣᠯᠬᠤ ᠦᠭᠡᠢ︕ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠥᠵᠢᠭ ᠵᠡᠷᠭᠡ ᠪᠡᠶ᠎ᠡ ᠶᠢᠨ ᠲᠠᠮᠢᠷ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠮᠤᠷ ᠲᠦᠪᠰᠢᠨ ᠤ ᠰᠠᠨᠠᠭᠤᠯᠤᠮᠵᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2023/11/23
        ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠲᠣᠪᠴᠢᠶ᠎ᠠ ᠲᠠᠢ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ︽ᠠᠮᠤᠷ ᠲᠦᠪᠰᠢᠨ ᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠣᠯᠪᠠᠰᠤᠷᠠᠯ ᠤᠨ ᠠᠮᠤᠷ ᠲᠦᠪᠰᠢᠨ ᠢ ᠪᠦᠬᠦ ᠲᠠᠯ᠎ᠠ ᠪᠠᠷ ᠰᠠᠬᠢᠨ ᠬᠠᠮᠠᠭᠠᠯᠠᠪᠠ᠃ ᠪᠥᠵᠢᠭ᠂ ᠪᠡᠶ᠎ᠡ ᠶᠢᠨ ᠲᠠᠮᠢᠷ ᠵᠡᠷᠭᠡ ᠪᠡᠶ᠎ᠡ ᠮᠠᠬᠠᠪᠣᠳ ᠤᠨ ᠪᠣᠯᠪᠠᠰᠤᠷᠠᠯ ᠢᠶᠠᠷ ᠭᠤᠣᠯ ᠪᠣᠯᠭᠠᠭᠰᠠᠨ᠂ ᠰᠢᠷᠬᠠᠲᠤᠯ ᠤᠨ ᠠᠶᠤᠯ ᠲᠦᠭᠰᠢᠭᠦᠷᠢ ᠨᠡᠯᠢᠶᠡᠳ ᠠᠮᠠᠷᠬᠠᠨ ᠭᠠᠷᠬᠤ ᠪᠣᠯᠪᠠᠰᠤᠷᠠᠯ ᠤᠨ ᠠᠵᠢᠯᠯᠠᠭ᠎ᠠ ᠳᠤ ᠴᠢᠭᠯᠡᠭᠦᠯᠦᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠮᠤᠷ ᠲᠦᠪᠰᠢᠨ ᠤ ᠰᠠᠨᠠᠭᠤᠯᠤᠮᠵᠢ ︽ᠲᠠᠪᠤᠨ ᠪᠣᠯᠬᠤ ᠦᠭᠡᠢ︾ ᠶᠢ ᠣᠨᠴᠠᠭᠠᠶᠢᠯᠠᠨ ᠳᠤᠷᠠᠳᠪᠠ᠃        ᠨᠢᠭᠡ ᠳᠤ᠂ ᠠᠮᠤᠷ ᠲᠦᠪᠰᠢᠨ ᠤ ᠪᠠᠲᠤᠯᠠᠭ᠎ᠠ ᠦᠭᠡᠢ ᠪᠠᠶᠢᠳᠠᠯ ᠳᠤ ᠪᠣᠯᠪᠠᠰᠤᠷᠠᠯ ᠬᠢᠵᠦ ᠪᠣᠯᠬᠤ ᠦᠭᠡᠢ᠃  ᠬᠡᠦᠬᠡᠳ ᠪᠣᠯᠪᠠᠰᠤᠷᠠᠯ ᠬᠢᠬᠦ ᠳᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠬᠠᠮᠠᠭᠠᠯᠠᠯᠲᠠ ᠱᠠᠭᠠᠷᠳᠠᠭᠳᠠᠨ᠎ᠠ᠃ ᠭᠦᠯᠢᠭᠡᠷ ᠱᠠᠭᠠᠵᠠᠩ ᠲᠣᠭᠤᠰᠬ᠎ᠠ ᠪᠣᠯᠤᠨ ᠱᠦᠢᠨᠢ ᠭᠠᠵᠠᠷ ᠵᠡᠷᠭᠡ ᠲᠠᠯᠠᠪᠤᠷ ᠭᠠᠵᠠᠷ ᠪᠣᠯᠪᠠᠰᠤᠷᠠᠬᠤ᠂ ᠭᠦᠢᠴᠡᠳ ᠪᠡᠯᠡᠳᠬᠡᠯ ᠬᠢᠭᠰᠡᠨ ᠦᠭᠡᠢ ᠪᠣᠯᠪᠠᠰᠤᠷᠠᠬᠤ᠂ ᠬᠠᠮᠠᠭᠠᠯᠠᠯᠲᠠ ᠦᠭᠡᠢ ᠪᠠᠷ ᠳᠡᠭᠡᠳᠦ ᠵᠡᠷᠭᠡ ᠶᠢᠨ ᠠᠶᠤᠯ ᠲᠦᠭᠰᠢᠭᠦᠷᠢᠲᠡᠢ ᠪᠣᠯᠪᠠᠰᠤᠷᠠᠯ ᠬᠢᠬᠦ᠂ ᠶᠠᠳᠠᠷᠠᠯ ᠲᠠᠢ ᠪᠠᠶᠢᠳᠠᠯ ᠳᠤ ᠪᠣᠯᠪᠠᠰᠤᠷᠠᠬᠤ ᠵᠡᠷᠭᠡ ᠨᠢ ᠬᠡᠦᠬᠡᠳ ᠤᠨ ᠰᠢᠷᠬᠠᠲᠤᠬᠤ ᠲᠦᠭᠰᠢᠭᠦᠷᠢ ᠶᠢ ᠨᠡᠮᠡᠭᠳᠡᠭᠦᠯᠬᠦ ᠪᠣᠯᠬᠤᠷ ᠵᠠᠶᠢᠯᠠᠰᠬᠢᠬᠤ ᠬᠡᠷᠡᠭᠲᠡᠢ᠃       ᠬᠤᠶᠠᠷ᠂ ᠬᠡᠦᠬᠡᠳ ᠬᠡᠲᠦ ᠡᠷᠲᠡ ᠬᠡᠲᠦ ᠴᠢᠩᠭ᠎ᠠ ᠬᠡᠲᠦ ᠤᠶᠠᠨ ᠵᠦᠭᠡᠯᠡᠨ ᠪᠣᠯᠪᠠᠰᠤᠷᠠᠯ ᠬᠢᠵᠦ ᠪᠣᠯᠬᠤ ᠦᠭᠡᠢ᠃       ᠬᠡᠦᠬᠡᠳ ᠤᠨ ᠪᠡᠶ᠎ᠡ ᠶᠢᠨ ᠪᠤᠶᠢᠵᠢᠯᠲᠠ ᠠᠳᠠᠯᠢ ᠪᠤᠰᠤ ᠱᠠᠲᠤᠨ ᠳᠤ ᠠᠳᠠᠯᠢ ᠪᠣᠰᠤ ᠪᠣᠯᠬᠤᠷ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠭᠤᠯᠬᠤ ᠬᠡᠷᠡᠭᠲᠡᠢ᠃ ᠬᠡᠳᠦ ᠡᠷᠲᠡ ᠬᠡᠳᠦ ᠴᠢᠩᠭ᠎ᠠ ᠬᠡᠲᠦ ᠤᠶᠠᠨ ᠵᠦᠭᠡᠯᠡᠨ ᠪᠣᠯᠪᠠᠰᠤᠷᠠᠯ ᠬᠢᠯᠭᠡᠪᠡᠯ ᠬᠡᠦᠬᠡᠳ ᠤᠨ ᠡᠷᠬᠡᠲᠡᠨ ᠤ ᠪᠤᠶᠢᠵᠢᠯᠲᠠ ᠮᠠᠭᠤᠳᠠᠬᠤ᠂ ᠪᠤᠯᠴᠢᠩ ᠤᠨ ᠪᠤᠶᠢᠵᠢᠯᠲᠠ ᠭᠦᠢᠴᠡᠳ ᠪᠣᠰᠤ ᠪᠣᠯᠬᠤ ᠵᠡᠷᠭᠡ ᠠᠰᠠᠭᠤᠳᠠᠯ ᠭᠠᠷᠴᠤ ᠮᠡᠳᠡᠨ᠎ᠡ᠃        ᠭᠤᠷᠪᠠ ᠳᠤ᠂ ᠰᠡᠭᠡᠷ ᠨᠢᠷᠤᠭᠤ᠂ ᠨᠢᠷᠤᠭᠤᠨ ᠤ ᠬᠡᠰᠡᠭ ᠲᠤ ᠬᠡᠲᠦᠷᠬᠡᠢ ᠳᠠᠷᠤᠯᠲᠠ ᠥᠭᠴᠦ ᠪᠣᠯᠬᠤ ᠦᠭᠡᠢ᠃        ᠬᠡᠦᠬᠡᠳ ᠤᠨ ᠪᠡᠶ᠎ᠡ ᠶᠢᠨ ᠦᠰᠦᠨ ᠪᠤᠶᠢᠵᠢᠯᠲᠠ ᠵᠥᠷᠢᠶ᠎ᠡ ᠲᠠᠢ ᠪᠠᠶᠢᠵᠤ᠂ ᠭᠠᠳᠠᠨᠠᠬᠢ ᠬᠦᠴᠦ ᠶᠢ ᠬᠦᠯᠢᠶᠡᠬᠦ᠂ ᠳᠠᠷᠤᠬᠤ᠂ ᠳᠠᠲᠠᠬᠤ ᠵᠡᠷᠭᠡ ᠦᠶ᠎ᠡ ᠭᠡᠰᠢᠭᠦᠦ᠂ ᠰᠡᠭᠡᠷ ᠨᠢᠷᠤᠭᠤ᠂ ᠰᠢᠨᠳᠠᠰᠤ ᠵᠡᠷᠭᠡ ᠶᠢᠨ ᠪᠣᠯᠪᠠᠰᠤᠷᠠᠯ ᠢ ᠬᠡᠲᠦ ᠬᠢᠪᠡᠯ᠂ ᠠᠷᠤᠭ ᠶᠠᠰᠤᠨ ᠤ ᠪᠠᠶᠢᠷᠢ ᠰᠣᠯᠪᠢᠴᠠᠨ ᠬᠤᠪᠢᠷᠠᠬᠤ᠂ ᠦᠶ᠎ᠡ ᠭᠡᠰᠢᠭᠦᠦ ᠡᠪᠡᠳᠬᠦ ᠵᠡᠷᠭᠡ ᠪᠠᠶᠢᠳᠠᠯ ᠭᠠᠷᠴᠤ ᠮᠡᠳᠡᠬᠦ ᠪᠣᠯᠬᠤᠷ ᠶᠠᠰᠤᠨ ᠤ ᠥᠰᠥᠯᠲᠡ ᠪᠠ ᠪᠤᠶᠢᠵᠢᠯᠲᠠ ᠶᠢ ᠬᠦᠨᠳᠦ ᠨᠣᠴᠢᠲᠠᠢ ᠨᠥᠯᠥᠭᠡᠯᠡᠳᠡᠭ᠃       ᠳᠥᠷᠪᠡ ᠳᠤ᠂ ᠬᠡᠲᠦ ᠬᠦᠴᠢᠷ ᠲᠠᠢ ᠪᠣᠯᠪᠠᠰᠤᠷᠠᠯ ᠬᠢᠵᠦ ᠪᠣᠯᠬᠤ ᠦᠭᠡᠢ᠃        ᠥᠨᠳᠦᠷ ᠦᠰᠦᠷᠴᠦ ᠡᠷᠭᠢᠯᠳᠦᠬᠦ᠂ ᠪᠥᠬᠦ᠋ᠢᠬᠦ᠂ ᠬᠥᠯ ᠢᠶᠠᠨ ᠰᠠᠯᠭᠠᠬᠤ᠂ ᠰᠠᠯᠲᠠᠭᠠᠯᠠᠨ ᠰᠠᠭᠤᠬᠤ ᠵᠡᠷᠭᠡ ᠬᠥᠳᠡᠯᠭᠡᠭᠡᠨ ᠢ ᠬᠢᠬᠦ ᠳᠤ ᠰᠢᠰᠲ᠋ᠧᠮᠵᠢᠭᠦᠯᠦᠭᠰᠡᠨ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠰᠠᠭᠤᠷᠢ ᠲᠠᠢ ᠪᠠᠶᠢᠬᠤ ᠬᠡᠷᠡᠭᠲᠡᠢ ᠪᠥᠭᠡᠳ ᠲᠤᠰᠬᠠᠢ ᠮᠡᠷᠭᠡᠵᠢᠯ ᠤᠨ ᠠᠵᠢᠯᠲᠠᠨ ᠵᠢᠯᠣᠭᠤᠳᠬᠤ ᠪᠠ ᠨᠠᠰᠤᠨ ᠳᠤ ᠬᠦᠷᠦᠭᠰᠡᠳ ᠬᠠᠷᠠᠵᠤ ᠬᠠᠮᠠᠭᠠᠯᠠᠨ᠂ ᠠᠩᠬ᠎ᠠ ᠰᠤᠷᠤᠭᠰᠠᠳ ᠪᠠ ᠲᠤᠰᠬᠠᠢ ᠮᠡᠷᠭᠡᠵᠢᠯ ᠤᠨ ᠪᠤᠰᠤ ᠬᠥᠮᠦᠰ ᠲᠤ ᠲᠣᠬᠢᠷᠠᠬᠤ ᠦᠭᠡᠢ᠃ ᠲᠤᠰᠬᠠᠢ ᠮᠡᠷᠭᠡᠵᠢᠯᠲᠡᠨ ᠠᠴᠠ 10 ᠨᠠᠰᠤ ᠬᠦᠷᠦᠭᠡ ᠦᠭᠡᠢ ᠬᠡᠦᠬᠡᠳ ︽ᠪᠥᠬᠦ᠋ᠢᠬᠦ︾ ᠵᠡᠷᠭᠡ ᠰᠡᠭᠡᠷ ᠨᠢᠷᠤᠭᠤ᠂ ᠨᠢᠷᠤᠭᠤᠨ ᠬᠡᠰᠡᠭ ᠤᠨ ᠪᠡᠶ᠎ᠡ ᠶᠢᠨ ᠪᠣᠯᠪᠠᠰᠤᠷᠠᠯ ᠢ ᠪᠣᠯᠭᠤᠮᠵᠢᠲᠠᠢ ᠬᠢᠵᠦ᠂ ᠰᠢᠷᠬᠠᠲᠤᠬᠤ ᠠᠴᠠ ᠵᠠᠶᠢᠯᠠᠰᠬᠢᠬᠤ ᠶᠢ ᠰᠠᠨᠠᠭᠤᠯᠵᠤ ᠪᠠᠶᠢᠨ᠎ᠠ᠃       ᠲᠠᠪᠤ ᠳᠤ᠂ ᠬᠡᠦᠬᠡᠳ ᠲᠤ ᠪᠡᠶ᠎ᠡ ᠰᠡᠳᠬᠢᠯ ᠤᠨ ᠡᠷᠡᠭᠦᠯ ᠮᠡᠨᠳᠦ ᠲᠠᠢ ᠨᠡᠶᠢᠴᠡᠬᠦ ᠦᠭᠡᠢ ᠠᠭᠤᠯᠭ᠎ᠠ ᠪᠥᠬᠦᠢ ᠪᠣᠯᠪᠠᠰᠤᠷᠠᠯ ᠢ ᠬᠢᠯᠭᠡᠵᠦ ᠪᠣᠯᠬᠤ ᠦᠭᠡᠢ᠃        ᠵᠢᠭᠠᠨ ᠰᠤᠷᠭᠠᠯᠲᠠ ᠶᠢᠨ ᠲᠣᠭᠯᠠᠯᠲᠠ ᠶᠢᠨ ᠠᠭᠤᠯᠭ᠎ᠠ ᠠᠳᠠᠯᠢ ᠪᠤᠰᠤ ᠨᠠᠰᠤᠨ ᠤ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠲᠤ ᠨᠡᠶᠢᠴᠡᠭᠰᠡᠨ ᠪᠠᠶᠢᠬᠤ ᠬᠡᠷᠡᠭᠲᠡᠢ᠂ ᠰᠣᠩᠭᠤᠭᠰᠠᠨ ᠪᠦᠲᠦᠭᠡᠯ ᠨᠢ ᠬᠦᠴᠦᠷᠬᠡᠭᠯᠡᠯ᠂ ᠴᠢᠰᠤᠲᠤ᠂ ᠱᠠᠯᠢᠭ ᠵᠠᠪᠬᠠᠢ ᠵᠡᠷᠭᠡ ᠬᠡᠦᠬᠡᠳ ᠲᠤ ᠲᠣᠬᠢᠷᠠᠬᠤ ᠦᠭᠡᠢ ᠠᠭᠤᠯᠭ᠎ᠠ ᠭᠠᠷᠬᠤ ᠠᠴᠠ ᠵᠠᠶᠢᠯᠠᠰᠬᠢᠵᠦ᠂ ᠬᠡᠦᠬᠡᠳ ᠤᠨ ᠥᠭᠡᠳᠡᠯᠡᠨ ᠳᠠᠪᠰᠢᠵᠤ ᠰᠠᠶᠢᠨ ᠰᠠᠶᠢᠬᠠᠨ ᠪᠠᠶᠢᠬᠤ ᠬᠦᠴᠦᠨ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃       ᠬᠡᠦᠬᠡᠳ ᠤᠨ ᠡᠷᠡᠭᠦᠯ ᠥᠰᠥᠯᠲᠡ ᠪᠤᠶᠢᠵᠢᠯᠲᠠ ᠪᠣᠯ ᠪᠢᠳᠡᠨ ᠤ ᠬᠠᠮᠲᠤ ᠶᠢᠨ ᠰᠠᠨᠠᠭᠠᠰᠢᠷᠠᠯ᠃ ᠥᠷᠭᠡᠨ ᠣᠯᠠᠨ ᠭᠡᠷ ᠤᠨ ᠠᠬᠠᠮᠠᠳ ᠨᠠᠶᠢᠵᠠ ᠨᠠᠷ ᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠳᠤ ᠤᠶᠤᠨᠴᠢ ᠪᠠᠷ ᠬᠠᠨᠳᠤᠵᠤ᠂ ᠬᠡᠦᠬᠡᠳ ᠤᠨ ᠳᠤᠷ᠎ᠠ ᠰᠣᠨᠢᠷᠬᠠᠯ ᠪᠠ ᠨᠠᠰᠤᠨ ᠤ ᠣᠨᠴᠠᠯᠢᠭ᠂ ᠪᠡᠶ᠎ᠡ ᠮᠠᠬᠠᠪᠣᠳ ᠤᠨ ᠪᠠᠶᠢᠳᠠᠯ ᠵᠡᠷᠭᠡ ᠶᠢ ᠦᠨᠳᠦᠰᠦᠯᠡᠨ᠂ ᠪᠣᠯᠪᠠᠰᠤᠷᠠᠯ ᠳᠤ ᠣᠷᠣᠯᠴᠠᠬᠤ ᠡᠰᠡᠬᠦ ᠪᠤᠶᠤ ᠶᠠᠮᠠᠷ ᠵᠦᠢᠯ ᠤᠨ ᠪᠣᠯᠪᠠᠰᠤᠷᠠᠯ ᠤᠨ ᠲᠥᠷᠥᠯ ᠵᠦᠢᠯ ᠢ ᠰᠣᠩᠭᠤᠬᠤ ᠶᠢ ᠶᠡᠷᠦᠩᠬᠡᠶᠢᠯᠡᠨ ᠪᠣᠳᠣᠯᠬᠢᠯᠠᠵᠤ᠂ ᠰᠣᠬᠤᠷ ᠪᠠᠯᠠᠢ ᠪᠠᠷ ᠬᠥᠭᠡᠭᠡᠴᠡᠯᠳᠦᠬᠦ ᠦᠭᠡᠢ᠂ ᠡᠯᠳᠡᠪ ᠤᠷᠤᠰᠬᠠᠯ ᠢ ᠳᠠᠭᠠᠬᠤ ᠦᠭᠡᠢ᠂ ᠬᠡᠦᠬᠡᠳ ᠤᠨ ᠪᠡᠶ᠎ᠡ ᠮᠠᠬᠠᠪᠣᠳ ᠤᠨ ᠪᠠᠶᠢᠳᠠᠯ ᠢ ᠴᠠᠭ ᠲᠤᠬᠠᠢ ᠳᠤ ᠨᠢ ᠠᠩᠬᠠᠷᠬᠤ ᠬᠡᠷᠡᠭᠲᠡᠢ᠂ ᠬᠡᠷᠪᠡ ᠡᠪ ᠦᠭᠡᠢ ᠪᠠᠶᠢᠳᠠᠯ ᠲᠠᠢ ᠪᠣᠯ ᠶᠠᠭᠠᠬᠢᠭᠰᠠᠨ ᠴᠤ ᠴᠢᠷᠮᠠᠶᠢᠨ ᠪᠠᠷᠢᠮᠲᠠᠯᠠᠵᠤ ᠪᠣᠯᠬᠤ ᠦᠭᠡᠢ︔ ᠲᠣᠭᠲᠠᠭᠠᠯ ᠳᠤ ᠨᠡᠶᠢᠴᠡᠭᠰᠡᠨ ᠪᠣᠯᠪᠠᠰᠤᠷᠠᠯ ᠤᠨ ᠪᠠᠶᠢᠭᠤᠯᠤᠮᠵᠢ ᠶᠢ ᠰᠣᠩᠭᠤᠵᠤ᠂ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠵᠥᠪᠰᠢᠶᠡᠷᠡᠯ ᠪᠠ ᠡᠵᠡᠩᠨᠡᠯᠲᠡ ᠶᠢᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠪᠠᠭᠰᠢ ᠶᠢᠨ ᠡᠩᠨᠡᠭᠡ ᠪᠠ ᠬᠢᠴᠢᠶᠡᠯ ᠤᠨ ᠵᠢᠭᠠᠨ ᠰᠤᠷᠭᠠᠯᠲᠠ ᠨᠢ ᠵᠢᠷᠤᠮᠵᠢᠯ ᠲᠠᠢ ᠪᠠᠶᠢᠬᠤ ᠡᠰᠡᠬᠦ᠂ ᠲᠠᠯᠠᠪᠤᠷ ᠲᠥᠬᠦᠭᠡᠷᠦᠮᠵᠢ ᠨᠢ ᠠᠮᠤᠷ ᠲᠦᠪᠰᠢᠨ ᠤ ᠬᠢᠷᠢ ᠲᠡᠩᠴᠡᠭᠰᠡᠨ ᠡᠰᠡᠬᠦ ᠵᠡᠷᠭᠡ ᠶᠢ ᠦᠵᠡᠵᠦ᠂ ᠡᠷᠬᠡᠪᠰᠢ ᠵᠢᠩᠬᠢᠨᠢ ᠪᠠᠶᠢᠭᠤᠯᠤᠮᠵᠢ ᠶᠢ ᠰᠣᠩᠭᠤᠵᠤ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ