ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠠᠷᠪᠠ ᠵᠢᠰᠦᠳᠦᠭᠡᠷ ᠤᠳᠠᠭ᠎ᠠ ᠶᠢᠨ ᠬᠤᠷᠠᠯ ᠵᠢᠴᠢ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠵᠢᠰᠦᠳᠦᠭᠡᠷ ᠤᠳᠠᠭ᠎ᠠ ᠶᠢᠨ ᠡᠷᠬᠢᠯᠡᠭᠴᠢ ᠨᠠᠷ ᠤᠨ ᠬᠤᠷᠠᠯ ᠬᠤᠷᠡᠯᠳᠤᠪᠡ
ᠨᠡᠶᠢᠲᠡᠯᠡᠭᠰᠡᠨ ᠴᠠᠭ᠄
2023/11/24
      ᠤᠶᠢᠷ᠎ᠠ ᠶᠢᠨ ᠡᠳᠦᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠵᠠᠨ ᠯᠢᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠠᠷᠪᠠ ᠵᠢᠰᠦᠳᠦᠭᠡᠷ ᠤᠳᠠᠭ᠎ᠠ ᠶᠢᠨ ᠬᠤᠷᠠᠯ ᠵᠢᠴᠢ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠵᠢᠰᠦᠳᠦᠭᠡᠷ ᠤᠳᠠᠭ᠎ᠠ ᠶᠢᠨ ᠡᠷᠬᠢᠯᠡᠭᠴᠢ ᠨᠠᠷ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠱᠢ ᠶᠠᠨ ᠵᠢᠶᠧ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠶᠠᠩ ᠶᠦᠨ᠂ ᠵᠣᠣ ᠹᠧᠢ ᠯᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠶᠢᠨ ᠵᠢᠱᠢᠭᠳᠡᠭᠴᠢ ᠵᠧᠦ ᠬᠦᠶ ᠷᠦᠩ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠡᠭ ᠤᠨ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠤᠬᠳᠡᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠥᠪᠯᠡᠬᠦ ᠵᠦᠢᠯ ᠢ ᠲᠣᠭᠲᠠᠭᠠᠪᠠ᠄ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠣᠷᠳᠣᠰ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠦᠪᠯᠡᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠠ︔ ᠲᠤᠰᠢᠶᠠᠯ ᠠᠴᠠ ᠨᠢ ᠪᠠᠭᠤᠯᠭᠠᠬᠤ ᠤᠴᠢᠷ ᠶᠠᠪᠤᠳᠠᠯ ᠢ ᠬᠦᠯᠢᠶᠡᠨ ᠠᠪᠬᠤ ᠲᠤᠬᠠᠢ ᠲᠤᠬᠳᠠᠭᠠᠯ︔ ᠬᠤᠷᠠᠯ ᠠᠴᠠ ᠪᠠᠰᠠ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠣᠪᠴᠢᠶ᠎ᠠ᠂ ᠤᠢ ᠰᠢᠭᠤᠢ ᠪᠠ ᠨᠤᠳᠤᠭ ᠪᠡᠯᠴᠢᠭᠡᠷ ᠤᠨ ᠲᠣᠪᠴᠢᠶ᠎ᠠ ᠶᠢᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠭᠦᠢᠴᠡᠳᠭᠡᠭᠦ ᠠᠵᠢᠯ ᠤᠨ ᠲᠤᠬᠠᠢ ᠦᠨᠠᠯᠠᠯᠳᠡ ᠶᠢᠨ ᠰᠠᠨᠠᠯ ᠢ ᠬᠢᠨᠠᠨ ᠵᠥᠪᠯᠡᠵᠦ ᠪᠠᠲᠤᠯᠠᠨ᠎ᠠ᠃      ᠵᠠᠩ ᠵᠠᠨ ᠯᠢᠨ᠂ ᠡᠨᠡ ᠵᠢᠯ ᠤᠨ ᠡᠯ᠎ᠡ ᠲᠦᠷᠦᠯ ᠤᠨ ᠠᠵᠢᠯ ᠤᠨ ᠡᠭᠦᠷᠭᠡ ᠶᠢᠨ ᠰᠡᠭᠦᠯ ᠬᠤᠷᠢᠶᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠪᠠᠶᠢᠩᠭᠤ ᠶᠢᠨ ᠬᠤᠷᠢᠶᠠᠨ ᠤ ᠡᠯ᠎ᠡ ᠲᠦᠷᠦᠯ ᠤᠨ ᠠᠵᠢᠯ ᠤᠨ ᠲᠣᠬᠢᠷᠠᠭᠤᠯᠤᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠢᠷᠡᠬᠦ ᠵᠢᠯ ᠤᠨ ᠠᠵᠢᠯ ᠤᠨ ᠲᠥᠯᠥᠪᠯᠡᠭᠡ ᠶᠢ ᠤᠷᠢᠳᠴᠢᠯᠠᠨ ᠲᠥᠯᠥᠪᠯᠡᠨ ᠲᠣᠭᠲᠠᠭᠠᠵᠤ᠂ ᠨᠡᠶᠢᠭᠡᠮ ᠠᠴᠠ ᠰᠠᠨᠠᠯ ᠬᠤᠷᠢᠶᠠᠬᠤ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠪᠠᠶᠢᠩᠭᠤ ᠶᠢᠨ ᠬᠤᠷᠢᠶᠠᠨ ᠤ ᠢᠷᠡᠬᠦ ᠵᠢᠯ ᠤᠨ ᠡᠯ᠎ᠡ ᠲᠦᠷᠦᠯ ᠤᠨ ᠠᠵᠢᠯ ᠤᠨ ᠲᠣᠬᠢᠷᠠᠭᠤᠯᠤᠯᠲᠠ ᠶᠢ ᠭᠤᠣᠯᠳᠠᠯᠭ᠎ᠠ ᠶᠢᠨ ᠲᠤᠭᠤᠷᠢᠨ ᠳᠤ᠂ ᠶᠡᠭᠡ ᠲᠠᠯ᠎ᠠ ᠶᠢ ᠪᠠᠲᠤᠯᠠᠵᠤ᠂ ᠠᠷᠠᠳ ᠤᠨ ᠠᠮᠢᠳᠤᠷᠠᠯ ᠳᠤ ᠦᠢᠯᠡᠴᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠦᠷᠦᠯ ᠤᠨ ᠪᠡᠯᠡᠳᠭᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠠᠵᠢᠯ ᠤᠨ ᠡᠭᠦᠷᠭᠡ ᠪᠣᠯᠣᠨ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠷᠤᠭᠰᠢᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ︽ᠲᠠᠪᠤ ᠶᠢ ᠨᠢᠭᠡ ᠴᠣᠭᠴᠠᠵᠢᠭᠤᠯᠬᠤ︾ ᠬᠢᠨᠠᠨ ᠰᠢᠯᠭᠠᠬᠤ ᠡᠯ᠎ᠡ ᠲᠦᠷᠦᠯ ᠤᠨ ᠪᠡᠯᠡᠳᠭᠡᠯ ᠠᠵᠢᠯ ᠢ ᠴᠢᠨᠠᠷ ᠰᠠᠶᠢᠲᠠᠢ ᠰᠠᠶᠢᠲᠤᠷ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠤ ᠴᠢᠬᠤᠯᠠᠴᠢᠯᠡᠪᠡ᠃
ᠢᠷᠡᠯᠲᠡ᠄ ᠤᠷᠳᠤᠰ ᠤᠨ ᠡᠳᠦᠷ ᠤᠨ ᠰᠤᠨᠢᠨ