ᠰᠤᠷᠭᠠᠨ ᠬᠥᠮᠦᠵᠢᠯ ᠤᠨ ᠥᠭᠡᠷᠡᠴᠢᠯᠡᠯᠲᠡ ᠳᠤ ᠠᠩᠬᠠᠷᠤᠯ ᠢᠶᠠᠨ ᠬᠠᠨᠳᠤᠭᠤᠯᠬᠤ ᠨᠢ — ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠣᠷᠳᠣᠰ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠤᠷᠳᠤᠴᠠ ᠲᠠᠢ ᠪᠥᠭᠡᠳ ᠡᠷᠴᠢᠮ ᠲᠠᠢ ᠬᠠᠯᠠᠭᠤᠨ ᠳᠤᠯᠠᠭᠠᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/11/29
          ᠡᠨᠡ ᠵᠢᠯ᠂ ᠨᠠᠮ ᠤᠨ ᠬᠤᠷᠢᠳᠤᠭᠠᠷ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠵᠤ᠂ ᠥᠭᠡᠷᠡᠴᠢᠯᠡᠯᠲᠡ ᠶᠢᠨ ᠴᠠᠭ ᠪᠢᠳᠡᠨ ᠢ ᠬᠦᠯᠢᠶᠡᠬᠦ ᠦᠭᠡᠢ᠂ ᠬᠥᠭᠵᠢᠯᠲᠡ ᠶᠢᠨ ᠡᠭᠦᠷᠭᠡ ᠬᠦᠨᠳᠦ ᠵᠠᠮ ᠬᠤᠯᠠ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠭᠤᠨ ᠵᠢᠯ ᠤᠨ ᠢᠷᠠᠭᠤ ᠠᠯᠳᠠᠷ ᠢ ᠵᠠᠯᠭᠠᠮᠵᠢᠯᠠᠵᠤ᠂ ᠴᠠᠭ ᠦᠶ᠎ᠡ ᠶᠢᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ︾ ︽ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠲᠤᠰᠬᠠᠢ ᠪᠤᠯᠤᠩ ᠭᠠᠷᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠰᠤᠷᠤᠭᠴᠢᠳ ᠢᠶᠠᠷ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠤᠮᠠᠷᠠᠲᠤ ᠬᠢᠯᠢ ᠪᠠᠨ ᠴᠣᠭᠴᠠᠯᠠᠬᠤ︾ ᠠᠮᠢᠳᠤᠯᠢᠭ ᠦᠯᠢᠭᠡᠷ ᠢ ᠶᠠᠷᠢᠭᠤᠯᠵᠤ᠂ ᠥᠷᠭᠡᠨ ᠣᠯᠠᠨ ᠪᠠᠭᠰᠢ ᠰᠤᠷᠤᠭᠴᠢ ᠶᠢᠨ ᠰᠢᠨ᠎ᠡ ᠰᠢᠯᠭᠠᠯᠲᠠ ᠳᠤ ᠣᠷᠣᠯᠴᠠᠬᠤ ᠵᠠᠮ ᠳᠠᠬᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠴᠥᠬᠦᠷᠡᠰᠢ ᠦᠭᠡᠢ ᠦᠢᠯᠡᠳᠦᠯᠭᠡᠵᠢᠭᠦᠯᠵᠦ᠂ ᠰᠢᠯᠢᠳᠡᠭ ᠬᠠᠷᠢᠭᠤᠯᠲᠠ ᠶᠢᠨ ᠬᠠᠭᠤᠳᠠᠰᠤ ᠳᠤᠰᠢᠶᠠᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠲᠠᠰᠤᠷᠠᠯᠲᠠ ᠦᠭᠡᠢ ᠵᠣᠷᠢᠭᠵᠢᠭᠤᠯᠪᠠ︕         2022 ᠣᠨ ᠤ 5 ᠰᠠᠷ᠎ᠠ ᠳᠤ᠂ ᠣᠷᠳᠣᠰ ᠬᠤᠲᠠ ᠶᠢᠨ ᠵᠢᠯ ᠳᠤ ᠨᠢᠭᠡ ᠤᠳᠠᠭ᠎ᠠ ᠶᠠᠪᠤᠭᠳᠠᠭᠤᠯᠳᠠᠭ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠠᠵᠢᠯ ᠡᠬᠢᠯᠡᠪᠡ᠃ ᠥᠩᠭᠡᠷᠡᠭᠰᠡᠨ ᠵᠢᠯ ᠤᠳ ᠲᠠᠢ ᠠᠳᠠᠯᠢ ᠦᠭᠡᠢ ᠨᠢ᠂ ᠭᠡᠷ ᠤᠨ ᠠᠬᠠᠮᠠᠳ ᠡᠷᠦᠬᠡ ᠠᠮᠠ᠂ ᠭᠡᠷ ᠬᠥᠷᠥᠩᠭᠡ ᠵᠡᠷᠭᠡ ᠶᠢᠨ ᠭᠡᠷᠡᠴᠢ ᠮᠠᠲ᠋ᠧᠷᠢᠶᠠᠯ ᠢᠶᠠᠨ ᠠᠪᠴᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ ᠬᠢᠨᠠᠨ ᠰᠢᠯᠭᠠᠭᠤᠯᠬᠤ ᠬᠡᠷᠡᠭ ᠲᠠᠢ ᠪᠣᠯᠵᠤ᠂ ᠵᠥᠪᠬᠡᠨ ᠰᠤᠯᠠ ᠰᠡᠯᠡᠭᠦᠦ ᠴᠠᠭ ᠢᠶᠠᠨ ᠠᠰᠢᠭᠯᠠᠨ ︽ᠮᠥᠩᠬᠡ ᠰᠤᠪᠠᠭ︾ APP ᠳᠤ ᠬᠠᠮᠢᠶ᠎ᠠ ᠪᠦᠬᠦᠢ ᠮᠠᠲ᠋ᠧᠷᠢᠶᠠᠯ ᠤᠨ ᠭᠡᠷᠡᠯ ᠵᠢᠷᠤᠭ ᠢ ᠳᠠᠮᠵᠢᠭᠤᠯᠪᠠᠯ ᠳᠠᠷᠤᠢ ᠳᠠᠩᠰᠠᠯᠠᠭᠤᠯᠵᠤ ᠪᠣᠯᠤᠨ᠎ᠠ᠃ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢ ᠳᠠᠩᠰᠠᠯᠠᠭᠤᠯᠵᠤ ᠳᠠᠭᠤᠰᠤᠭᠰᠠᠨ ᠤ ᠳᠠᠷᠠᠭᠠᠬᠢ 1 - 2 ᠰᠠᠷ᠎ᠠ ᠶᠢᠨ ᠳᠣᠲᠣᠷ᠎ᠠ᠂ ᠡᠯ᠎ᠡ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠦᠯᠦ ᠬᠥᠳᠡᠯᠬᠦ ᠬᠥᠷᠥᠩᠭᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠰᠦᠯᠵᠢᠶᠡᠨ ᠳᠤ ᠨᠡᠷ᠎ᠡ ᠮᠡᠳᠡᠭᠦᠯᠦᠭᠰᠡᠨ ᠰᠤᠷᠤᠭᠴᠢᠳ ᠤᠨ ᠡᠷᠦᠬᠡ ᠠᠮᠠ᠂ ᠭᠡᠷ ᠬᠥᠷᠥᠩᠭᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠰᠢᠯᠭᠠᠵᠤ᠂ ︽ᠮᠠᠲ᠋ᠧᠷᠢᠶᠠᠯ ᠳᠤᠰᠢᠶᠠᠬᠤ ᠦᠭᠡᠢ︾᠂ ︽ᠭᠦᠶᠦᠬᠦ ᠦᠭᠡᠢ︾ ᠶᠢ ᠪᠡᠶᠡᠯᠡᠭᠦᠯᠵᠦ᠂ ᠥᠩᠭᠡᠷᠡᠭᠰᠡᠨ ᠤ ᠠᠬᠤᠢ ᠲᠠᠯᠠᠪᠠᠢ ᠳᠤ ᠬᠦᠯᠢᠶᠡᠬᠦ᠂ ᠠᠬᠤᠢ ᠲᠠᠯᠠᠪᠠᠢ ᠳᠤ ᠬᠢᠨᠠᠨ ᠰᠢᠯᠭᠠᠬᠤ ᠵᠡᠷᠭᠡ ᠶᠠᠪᠤᠴᠠ ᠶᠢ ᠳᠥᠭᠦᠮᠴᠢᠯᠡᠵᠦ᠂ ᠭᠡᠷ ᠤᠨ ᠠᠬᠠᠮᠠᠳ ᠤᠨ ᠴᠠᠭ ᠪᠠ ᠣᠶᠤᠨ ᠴᠢᠳᠠᠯ ᠢ ᠠᠷᠪᠢᠯᠠᠵᠤ᠂ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ 5 ᠰᠠᠷ᠎ᠠ ᠶᠢᠨ 23 ᠤ ᠡᠳᠦᠷ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠶᠢ ᠳᠠᠩᠰᠠᠯᠠᠬᠤ ᠠᠵᠢᠯ ᠳᠠᠭᠤᠰᠴᠤ᠂ ᠪᠦᠬᠦ ᠬᠤᠲᠠ ᠳᠤ 49870 ᠬᠥᠮᠦᠨ ᠳᠠᠩᠰᠠᠯᠠᠭᠤᠯᠤᠨ ᠨᠡᠷ᠎ᠡ ᠮᠡᠳᠡᠭᠦᠯᠪᠡ᠃ 8 ᠰᠠᠷ᠎ᠠ ᠶᠢᠨ ᠰᠡᠭᠦᠯᠴᠢ ᠪᠠᠷ᠂ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠂ ᠬᠡᠰᠡᠭ ᠬᠤᠪᠢᠶᠠᠨ ᠬᠤᠪᠢᠶᠠᠷᠢᠯᠠᠭᠰᠠᠨ ᠦᠷ᠎ᠡ ᠳ᠋ᠦᠩ ᠢ ︽ᠣᠷᠳᠣᠰ ᠬᠤᠲᠠ ᠶᠢᠨ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠬᠠᠮᠢᠶᠠᠷᠤᠯᠲᠠ︾ ᠶᠢᠨ ᠰᠢᠰᠲ᠋ᠧᠮ ᠢᠶᠠᠷ ᠳᠠᠮᠵᠢᠭᠤᠯᠤᠨ ᠨᠡᠶᠢᠲᠡᠯᠡᠵᠦ᠂ ᠭᠡᠷ ᠤᠨ ᠠᠬᠠᠮᠠᠳ ᠭᠠᠷ ᠤᠲᠠᠰᠤᠨ ᠳᠤ ᠪᠠᠨ ᠳᠠᠷᠤᠢ ᠪᠠᠶᠢᠴᠠᠭᠠᠨ ᠯᠠᠪᠯᠠᠵᠤ ᠪᠣᠯᠤᠨ᠎ᠠ᠃ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ︽ᠠᠯᠠᠭᠠᠨ ᠳᠡᠭᠡᠷ᠎ᠡ ᠭᠦᠢᠴᠡᠳᠬᠡᠬᠦ︾ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠨ᠎ᠡ ᠵᠠᠭᠪᠤᠷ ᠢ ᠡᠬᠢᠯᠡᠭᠦᠯᠵᠦ᠂ ︽ᠠᠭᠤᠯᠵᠠᠬᠤ ᠦᠭᠡᠢ︾ ᠪᠠᠷ ᠨᠡᠷ᠎ᠡ ᠮᠡᠳᠡᠭᠦᠯᠵᠦ ᠳᠠᠩᠰᠠᠯᠠᠭᠤᠯᠬᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠬᠡᠰᠡᠭ ᠬᠤᠪᠢᠶᠠᠨ ᠰᠤᠷᠭᠠᠭᠤᠯᠢ ᠳᠤ ᠣᠷᠣᠬᠤ᠂ ᠰᠤᠷᠭᠠᠭᠤᠯᠢ ᠳᠤ ᠣᠷᠣᠵᠤ ᠠᠩᠭᠢ ᠬᠤᠪᠢᠶᠠᠬᠤ ᠵᠡᠷᠭᠡ ᠳᠡᠰ ᠳᠠᠷᠠᠭᠠᠯᠠᠯ ᠤᠨ ᠰᠢᠨ᠎ᠡ ᠡᠷᠡᠨ ᠢ ᠡᠬᠢᠯᠡᠭᠦᠯᠵᠦ᠂ ︽ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ︾ ᠴᠦ ᠡᠭᠦᠨ ᠠᠴᠠ ᠪᠣᠯᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠤᠨ ᠠᠷᠪᠠᠨ ᠰᠠᠶᠢᠨ ᠬᠡᠷᠡᠭᠯᠡᠭᠡ ᠪᠠᠷ ᠦᠨᠡᠯᠡᠭᠳᠡᠪᠡ᠃         ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢᠨ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠷᠠᠳ ᠢᠷᠭᠡᠳ ᠢ ᠳᠤᠲᠠᠭᠤ ᠭᠦᠶᠦᠯᠭᠡᠬᠦ ︾ ᠪᠣᠯ ᠰᠤᠷᠭᠠᠨ ᠬᠥᠮᠦᠵᠢᠯ ᠤᠨ ᠠᠷᠠᠳ ᠲᠤ ᠠᠰᠢᠭ ᠬᠦᠷᠲᠡᠭᠡᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ᠂ ᠨᠡᠩ ᠴᠤ ᠦᠨᠡᠨᠴᠢ ᠢᠲᠡᠭᠡᠮᠵᠢ ᠪᠠᠷ ᠠᠷᠠᠳ ᠤᠨ ᠲᠥᠯᠥᠭᠡ ᠵᠢᠳᠬᠦᠬᠦ ᠠᠮᠢᠳᠤᠯᠢᠭ ᠢᠯᠡᠷᠡᠯ ᠮᠥᠨ᠃ ᠡᠨᠡ ᠨᠢ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠺᠠᠳ᠋ᠷᠴᠤᠳ ᠤᠨ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠵᠣᠪᠠᠨᠢᠯ ᠢ ᠠᠷᠢᠯᠭᠠᠭᠰᠠᠨ ᠤ ᠬᠤᠷᠢᠶᠠᠩᠭᠤᠢ ᠳᠦᠷᠰᠦ ᠪᠣᠯᠤᠨ᠎ᠠ᠃ 2021 ᠣᠨ ᠠᠴᠠ ᠨᠠᠭᠠᠰᠢ᠂ ᠪᠦᠬᠦ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠨ ︽ᠪᠢ ᠣᠯᠠᠨ ᠲᠦᠮᠡᠨ ᠳᠤ ᠪᠣᠳᠠᠲᠤ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠥᠭᠴᠦ᠂ ᠠᠷᠠᠳ ᠲᠦᠮᠡᠨ ᠳᠤ ᠬᠡᠷᠡᠭᠴᠡᠭᠡ ᠲᠠᠢ ᠪᠣᠯ ᠪᠢᠳᠡ ᠪᠡᠶᠡᠯᠡᠭᠦᠯᠵᠦ ᠥᠭᠭᠦᠨ᠎ᠡ︾ ᠭᠡᠳᠡᠭ ᠢ ᠴᠢᠷᠮᠠᠶᠢᠨ ᠪᠡᠶᠡᠯᠡᠭᠦᠯᠪᠡ᠃          ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠲᠤ ᠨᠡᠩ ᠰᠠᠶᠢᠨ ᠠᠰᠢᠭ ᠭᠦᠷᠲᠡᠭᠡᠪᠡ ᠡᠨᠡ ᠵᠢᠯ ᠠᠴᠠ ᠨᠠᠭᠠᠰᠢ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠪᠠ ᠠᠩᠬ᠎ᠠ ᠠᠰᠠᠭᠤᠬᠤ ᠶᠢ ᠬᠠᠷᠢᠭᠤᠴᠠᠬᠤ ᠳᠦᠷᠢᠮ᠂ ᠨᠢᠭᠡ ᠯᠡ ᠤᠳᠠᠭ᠎ᠠ ᠳᠤ ᠮᠡᠳᠡᠭᠳᠡᠬᠦ ᠳᠦᠷᠢᠮ᠂ ᠴᠠᠭ ᠬᠢᠵᠠᠭᠠᠷᠯᠠᠨ ᠭᠦᠢᠴᠡᠳᠬᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠷᠡᠴᠢᠯᠡᠬᠦ ᠵᠦᠢᠯ ᠢ ᠮᠡᠳᠡᠭᠳᠡᠬᠦ ᠠᠮᠠᠯᠠᠯᠲᠠ ᠶᠢᠨ ᠳᠦᠷᠢᠮ ᠪᠠ ᠳᠤᠲᠠᠭᠤ ᠮᠠᠲ᠋ᠧᠷᠢᠶᠠᠯ ᠢ ᠬᠤᠶᠢᠨ᠎ᠠ ᠠᠴᠠ ᠨᠢ ᠨᠥᠬᠦᠪᠦᠷᠢᠯᠡᠭᠦᠯᠬᠦ ᠪᠠᠷ ᠬᠦᠯᠢᠶᠡᠨ ᠠᠪᠴᠤ ᠰᠢᠢᠳᠪᠦᠷᠢᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠂ 3 ᠵᠦᠢᠯ ᠳᠤ 3 ᠵᠦᠢᠯ ᠤᠨ ᠮᠠᠲ᠋ᠧᠷᠢᠶᠠᠯ ᠤᠨ ᠳᠤᠲᠠᠭᠤ ᠶᠢ ᠬᠤᠶᠢᠨ᠎ᠠ ᠠᠴᠠ ᠨᠢ ᠨᠥᠬᠦᠪᠦᠷᠢᠯᠡᠭᠦᠯᠬᠦ ᠪᠠᠷ ᠬᠦᠯᠢᠶᠡᠨ ᠠᠪᠴᠤ ᠰᠢᠢᠳᠪᠦᠷᠢᠯᠡᠬᠦ᠂ 2 ᠵᠦᠢᠯ ᠳᠤ 4 ᠵᠦᠢᠯ ᠤᠨ ᠮᠠᠲ᠋ᠧᠷᠢᠶᠠᠯ ᠤᠨ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠪᠡ᠃ 4 ᠵᠦᠢᠯ ᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ︽ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ︾ ᠢ ᠪᠠᠭᠲᠠᠭᠠᠭᠰᠠᠨ 29 ᠥᠨᠳᠥᠷ ᠳᠠᠪᠲᠠᠮᠵᠢᠲᠤ ᠣᠨᠴᠠᠯᠢᠭᠲᠤ ᠬᠡᠷᠡᠭᠯᠡᠯᠲᠡ ᠶᠢ ︽ᠮᠥᠩᠬᠡ ᠰᠤᠪᠠᠭ︾ ᠲᠤ ᠵᠠᠯᠭᠠᠨ ᠣᠷᠣᠭᠤᠯᠵᠤ᠂ ᠡᠭᠦᠨ ᠳᠤ ᠭᠦᠢᠴᠡᠳᠭᠡᠬᠦ ᠳᠤ ᠬᠡᠷᠡᠭᠯᠡᠵᠦ ᠪᠣᠯᠬᠤ ᠵᠦᠢᠯ 17 ᠪᠠ ᠪᠠᠶᠢᠴᠠᠭᠠᠨ ᠯᠠᠪᠠᠯᠬᠤ ᠳᠤ ᠬᠡᠷᠡᠭᠯᠡᠵᠦ ᠪᠣᠯᠬᠤ ᠵᠦᠢᠯ 12 ᠪᠠᠶᠢᠵᠤ᠂ ︽ᠠᠯᠠᠭᠠᠨ ᠳᠡᠭᠡᠷ᠎ᠡ ᠭᠦᠢᠴᠡᠳᠬᠡᠬᠦ︾ ᠶᠢ ᠪᠡᠶᠡᠯᠡᠭᠦᠯᠪᠡ᠃ ᠡᠭᠦᠨ ᠤ ᠬᠠᠮᠲᠤ᠂ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠣᠨᠳᠣᠣ ᠭᠠᠵᠠᠷ ᠲᠤ ᠨᠡᠶᠢᠳᠡᠮ ᠭᠦᠢᠴᠡᠳᠭᠡᠬᠦ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠢ ᠪᠦᠬᠦᠨ ᠢ ︽ᠨᠢᠭᠡ ᠴᠣᠩᠬᠤᠪᠴᠢ︾ ᠪᠠᠷ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠨ᠂ ᠰᠦᠯᠵᠢᠶᠡᠨ ᠳᠤ ᠭᠦᠢᠴᠡᠳᠬᠡᠵᠦ ᠪᠣᠯᠤᠨ᠎ᠠ᠂ ᠳᠥᠷᠪᠡᠨ ᠲᠥᠷᠥᠯ ᠤᠨ ᠡᠯᠧᠺᠳ᠋ᠷᠣᠨ ᠦᠨᠡᠮᠯᠡᠯ ᠢ ᠲᠠᠨᠢᠵᠤ ᠠᠪᠬᠤ ᠶᠢ ᠪᠡᠶᠡᠯᠡᠭᠦᠯᠵᠦ᠂ 7900 ᠭᠠᠷᠤᠢ ᠲᠤᠭ᠎ᠠ ᠪᠠᠷᠢᠮᠲᠠ ᠶᠢ ᠬᠤᠷᠠᠮᠳᠤᠭᠤᠯᠤᠭᠰᠠᠨ ᠪᠥᠭᠡᠳ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠨᠣᠷᠮ᠎ᠠ 100% ᠳᠤ ᠬᠦᠷᠴᠦ᠂ 9 ᠵᠦᠢᠯ ᠳᠤ 22 ᠵᠦᠢᠯ ᠤᠨ ᠮᠠᠲ᠋ᠧᠷᠢᠶᠠᠯ ᠤᠨ ᠬᠤᠯᠪᠣᠭᠳᠠᠯ ᠪᠦᠬᠦᠢ ᠡᠯᠧᠺᠳ᠋ᠷᠣᠨ ᠭᠡᠷᠡᠴᠢ ᠦᠨᠡᠮᠯᠡᠯ ᠢ ᠪᠦᠬᠦᠨ ᠢ ᠪᠡᠶᠡᠯᠡᠭᠦᠯᠪᠡ᠃ 3 ᠵᠦᠢᠯ ᠳᠤ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠶᠢ ᠪᠡᠶᠡᠯᠡᠭᠦᠯᠵᠦ᠂ 6 ᠵᠦᠢᠯ ᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠠᠷᠢᠯᠴᠠᠨ ᠮᠡᠳᠡᠷᠡᠵᠦ ᠬᠠᠷᠢᠯᠴᠠᠨ ᠭᠦᠢᠴᠡᠳᠬᠡᠬᠦ ᠶᠢ ᠪᠡᠶᠡᠯᠡᠭᠦᠯᠦᠨ᠂ 6 ᠵᠦᠢᠯ ᠢ ᠪᠦᠬᠦ ᠬᠤᠲᠠ ᠳᠤ ᠨᠡᠶᠢᠳᠡᠮ ᠭᠦᠢᠴᠡᠳᠬᠡᠬᠦ ᠶᠢ ᠪᠡᠶᠡᠯᠡᠭᠦᠯᠪᠡ᠃          ᠶᠠᠪᠤᠳᠠᠯ ᠪᠦᠬᠦᠨ ᠢ ᠬᠠᠷᠢᠭᠤᠯᠠᠨ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠤᠭᠰᠠᠨ ᠪᠥᠭᠡᠳ ᠪᠦᠬᠦ ᠲᠠᠯ᠎ᠠ ᠪᠠᠷ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ ᠰᠠᠭᠠᠳ ᠦᠭᠡᠢ ᠨᠡᠪᠲᠡᠷᠡᠭᠦᠯᠪᠡ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠣᠳᠠᠲᠠᠢ ᠠᠳᠬᠤᠬᠤ᠂ ᠲᠤᠰᠬᠠᠢ ᠬᠥᠮᠦᠨ ᠴᠢᠩᠭ᠎ᠠ ᠠᠩᠬᠠᠷᠴᠤ ᠲᠤᠰᠬᠠᠢ ᠭᠦᠢᠴᠡᠳᠬᠡᠬᠦ ︽12345︾ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠤᠳᠠᠰᠤᠨ ᠤ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠠᠵᠢᠯ ᠤᠨ ᠳᠦᠷᠢᠮ ᠢ ᠪᠠᠶᠢᠭᠤᠯᠪᠠ᠃ 2022 ᠣᠨ ᠤ 8 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢ 277 ᠬᠤᠪᠢ ᠭᠦᠢᠴᠡᠳᠬᠡᠵᠦ᠂ ᠴᠤᠤᠷᠢᠶᠠᠳᠤᠨ ᠳᠠᠭᠠᠭᠰᠠᠨ ᠨᠣᠷᠮ᠎ᠠ 98.56% ᠬᠦᠷᠴᠦ᠂ ᠰᠢᠢᠳᠪᠦᠷᠢᠯᠡᠭᠰᠡᠨ ᠨᠣᠷᠮ᠎ᠠ 94.76% ᠳᠤ ᠬᠦᠷᠦᠨ᠂ ᠬᠠᠨᠤᠮᠵᠢ ᠶᠢᠨ ᠬᠡᠮᠵᠢᠶ᠎ᠡ 98.25% ᠳᠤ ᠬᠦᠷᠴᠦ᠂ 96.82 ᠬᠤᠪᠢ ᠣᠯᠤᠭᠰᠠᠨ ᠪᠠᠶᠢᠨ᠎ᠠ᠃       ᠬᠢᠶ᠎ᠡ ᠪᠠᠭᠰᠢ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠸᠢᠳᠢᠣ᠋ ᠲᠠᠪᠴᠠᠩ ᠢᠶᠠᠷ ᠳᠠᠮᠵᠢᠭᠤᠯᠤᠨ ᠨᠡᠶᠢᠭᠡᠮ ᠵᠢᠴᠢ ᠭᠡᠷ ᠤᠨ ᠠᠬᠠᠮᠠᠳ ᠲᠤ ᠠᠰᠠᠭᠤᠨ ᠯᠠᠪᠯᠠᠬᠤ᠂ ᠵᠠᠭᠠᠯᠳᠤᠬᠤ ᠤᠲᠠᠰᠤ ᠵᠢᠴᠢ ᠢᠮᠧᠯ ᠬᠠᠶ᠋ᠢᠭ ᠢ ᠨᠡᠶᠢᠲᠡᠯᠡᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠴᠢᠩᠭ᠎ᠠ ᠺᠠᠳ᠋ᠷ ᠢ ᠰᠣᠩᠭᠤᠨ ᠲᠣᠮᠢᠯᠠᠵᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠪᠡ᠃ ︽ᠤᠴᠢᠷ ᠲᠠᠢ ᠪᠣᠯ ᠪᠢ ᠲᠠᠨ ᠢ ᠬᠠᠪᠰᠤᠷᠤᠶ᠎ᠠ︾ ᠭᠡᠬᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠦᠯᠵᠢᠶᠡᠨ ᠤ ᠲᠠᠪᠴᠠᠩ ᠢ ᠪᠠᠶᠢᠭᠤᠯᠵᠤ᠂ ᠭᠡᠷ ᠤᠨ ᠠᠬᠠᠮᠠᠳ ᠤᠨ ᠵᠥᠪᠯᠡᠯᠭᠡ ᠥᠭᠬᠦ ᠪᠠ ᠠᠰᠠᠭᠤᠳᠠᠯ ᠢ ᠲᠤᠰᠬᠠᠬᠤ ᠳᠤ ᠳᠥᠭᠦᠮ ᠦᠵᠡᠭᠦᠯᠵᠦ᠂ ᠰᠢᠰᠲ᠋ᠧᠮ ᠲᠤ ᠵᠠᠭᠠᠯᠳᠤᠯᠭ᠎ᠠ ᠶᠢ ᠬᠦᠯᠢᠶᠡᠨ ᠠᠪᠬᠤ᠂ ᠰᠢᠢᠳᠪᠦᠷᠢᠯᠡᠬᠦ᠂ ᠬᠠᠷᠢᠭᠤᠯᠬᠤ ᠂ ᠨᠡᠬᠡᠮᠵᠢᠯᠡᠨ ᠵᠠᠭᠠᠯᠳᠤᠬᠤ᠂ ᠰᠡᠳᠬᠢᠯ ᠬᠠᠨᠤᠮᠵᠢᠲᠠᠢ ᠰᠤᠷᠪᠤᠯᠵᠢᠯᠠᠬᠤ ᠴᠠᠭᠠᠷᠢᠭᠲᠤ ᠬᠠᠮᠢᠶᠠᠷᠤᠯᠲᠠ ᠶᠢᠨ ᠲᠣᠭᠲᠠᠴᠠ ᠶᠢ ᠪᠣᠢ ᠪᠣᠯᠭᠠᠪᠠ᠃ ᠡᠭᠦᠨ ᠤ ᠬᠠᠮᠲᠤ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠲᠣᠭᠲᠠᠴᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠠᠵᠢᠯ ᠤᠨ ᠶᠠᠪᠤᠴᠠ ᠳᠤ ︽ᠤᠴᠢᠷ ᠢ ᠡᠮᠬᠢᠯᠡᠵᠦ᠂ ᠡᠪ ᠢ ᠲᠠᠭᠠᠨ᠂ ᠠᠷᠠᠳ ᠤᠨ ᠰᠡᠳᠬᠢᠯ ᠢ ᠨᠢᠭᠲᠠᠷᠠᠭᠤᠯᠬᠤ︾ ︽ᠶᠢᠰᠦᠨ ᠦᠰᠦᠭ ᠤᠨ ᠴᠢᠭᠯᠡᠯᠲᠡ︾ ᠶᠢ ᠪᠠᠷᠢᠮᠲᠠᠯᠠᠵᠤ᠂ ᠠᠵᠢᠯᠲᠠᠳ ᠠᠵᠢᠯ ᠬᠢᠬᠦ᠂ ᠨᠠᠶᠢᠵᠠᠯᠠᠬᠤ ᠣᠶᠢᠯᠠᠭᠠᠭᠳᠠᠬᠤᠨ ᠢ ᠪᠠᠷᠢᠮᠲᠠᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠠᠶᠢᠲᠤᠷ ᠰᠢᠢᠳᠪᠦᠷᠢᠯᠡᠵᠦ᠂ ᠭᠡᠷ ᠤᠨ ᠠᠬᠠᠮᠠᠳ ᠤᠨ ᠰᠠᠶᠢᠨ ︽ᠳᠣᠲᠣᠨᠣ ᠬᠥᠮᠦᠨ︾ ᠪᠣᠯᠬᠤ ᠬᠡᠷᠡᠭᠲᠡᠢ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠨᠢᠭᠡᠳᠦᠭᠡᠷ ᠹᠷᠣᠨᠲ ᠤᠨ ᠵᠠᠭᠠᠯᠳᠤᠯᠭ᠎ᠠ ᠶᠢ ᠰᠢᠢᠳᠪᠦᠷᠢᠯᠡᠬᠦ ᠶᠠᠪᠤᠴᠠ ᠪᠠ ᠪᠠᠷᠢᠮᠵᠢᠶ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠳᠠᠷᠤᠢ 1 ᠡᠳᠦᠷ ᠲᠤ ᠨᠡᠪᠲᠡᠷᠡᠵᠦ᠂ 3 ᠡᠳᠦᠷ ᠲᠤ ᠰᠢᠢᠳᠪᠦᠷᠢᠯᠡᠵᠦ ᠳᠠᠭᠤᠰᠬᠠᠨ᠂ ︽ᠰᠢᠢᠳᠪᠦᠷᠢᠯᠡᠭᠰᠡᠨ ᠮᠥᠷᠲᠡᠭᠡᠨ ᠬᠠᠨᠤᠮᠵᠢᠲᠠᠢ︾ ᠦᠷ᠎ᠡ ᠪᠦᠲᠦᠮᠵᠢ ᠳᠤ ᠬᠦᠷᠴᠦ᠂ 5 ᠡᠳᠦᠷ ᠲᠤ ᠦᠷᠭᠦᠯᠵᠢᠯᠡᠨ ᠮᠥᠷᠳᠡᠨ ᠪᠠᠶᠢᠴᠠᠭᠠᠵᠤ᠂ ᠠᠰᠠᠭᠤᠳᠠᠯ ᠢ ᠤᠷᠲᠤ ᠬᠤᠭᠤᠴᠠᠭ᠎ᠠ ᠪᠠᠷ ᠪᠦᠲᠦᠮᠵᠢᠲᠡᠢ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ ᠣᠳᠣᠬᠠᠨ ᠳᠤ᠂ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠠᠵᠢᠯ ᠢ ︽ᠨᠢᠭᠡ ᠪᠠᠶᠢᠪᠠᠯ ᠨᠢᠭᠡ ᠶᠢ ᠰᠢᠢᠳᠪᠦᠷᠢᠯᠡᠵᠦ᠂ ᠨᠢᠭᠡ ᠠᠴᠠ ᠨᠥᠭᠦᠭᠡ ᠶᠢ ᠵᠦᠢᠴᠢᠯᠡᠬᠦ︾ ᠶᠢ ︽ᠰᠠᠨᠠᠭᠠᠴᠢᠯᠠᠭ᠎ᠠ ᠠᠴᠠ ᠪᠠᠨ ᠵᠠᠰᠠᠵᠤ᠂ ᠵᠠᠭᠠᠯᠳᠤᠭ᠎ᠠ ᠦᠭᠡᠢ ᠪᠣᠯ ᠤᠷᠢᠳ ᠢᠶᠠᠷ ᠰᠢᠢᠳᠪᠦᠷᠢᠯᠡᠬᠦ︾ ᠪᠣᠯᠭᠠᠨ ᠬᠤᠪᠢᠷᠠᠭᠤᠯᠵᠤ᠂ ᠬᠤᠲᠠ ᠶᠢᠨ ᠠᠷᠠᠳ ᠣᠯᠠᠨ ᠤ ᠭᠦᠷᠲᠡᠭᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠪᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ