ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2023 ᠣᠨ ᠤ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠵᠣᠭᠤᠰ ᠤᠨ ᠲᠤᠭ᠎ᠠ ᠶᠢ ᠨᠡᠮᠡᠭᠳᠡᠭᠦᠯᠦᠨ ᠬᠦᠦ ᠶᠢᠨ ᠨᠣᠷᠮ᠎ᠠ ᠶᠢ ᠲᠣᠬᠢᠷᠠᠭᠤᠯᠪᠠ
ᠨᠡᠶᠢᠲᠡᠯᠡᠭᠰᠡᠨ ᠴᠠᠭ᠄
2023/11/7
        ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠬᠦ ᠪᠠᠷ ᠳᠠᠮᠵᠢᠨ᠂ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠠᠮᠲᠤᠷᠠᠨ ︽ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠲᠣᠬᠢᠷᠠᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃         ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ         ᠵᠣᠭᠤᠰ ᠤᠨ ᠲᠤᠭ᠎ᠠ ᠶᠢ ᠨᠡᠮᠡᠭᠳᠡᠭᠦᠯᠪᠡ᠃ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ︵ᠬᠤᠶᠠᠳᠤᠭᠠᠷ ᠡᠷᠳᠡᠮ ᠤᠨ ᠴᠣᠯᠠ ᠶᠢᠨ ᠣᠶᠤᠲᠠᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ᠂ ᠪᠡᠯᠡᠳᠬᠡᠯ ᠠᠩᠭᠢ ᠶᠢᠨ ᠰᠤᠷᠤᠭᠴᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠨᠢᠭᠡ ᠪᠦᠷᠢ ᠶᠢᠨ ᠵᠢᠯ ᠪᠦᠷᠢ ᠵᠢᠭᠡᠯᠡᠯᠭᠡ ᠭᠤᠶᠣᠴᠢᠯᠠᠬᠤ ᠵᠣᠭᠤᠰ ᠤᠨ ᠲᠤᠭ᠎ᠠ ᠶᠢ 12000 ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠭᠰᠠᠨ ᠢ 16000 ᠲᠥᠭᠦᠷᠢᠭ ᠠᠴᠠ ᠬᠡᠲᠦᠷᠡᠭᠦᠯᠬᠦ ᠦᠭᠡᠢ︔ ᠪᠦᠬᠦᠯᠢ ᠡᠳᠦᠷ ᠤᠨ ᠳᠦᠷᠢᠮᠲᠦ ᠰᠣᠳᠤᠯᠤᠨ ᠰᠤᠷᠤᠭᠴᠢ ᠨᠢᠭᠡ ᠪᠦᠷᠢ ᠶᠢᠨ ᠵᠢᠯ ᠪᠦᠷᠢ ᠵᠢᠭᠡᠯᠡᠯᠭᠡ ᠭᠤᠶᠤᠴᠢᠯᠠᠬᠤ ᠵᠣᠭᠤᠰ ᠤᠨ ᠲᠤᠭ᠎ᠠ ᠶᠢ 16000 ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠭᠰᠠᠨ ᠢ 20000 ᠲᠥᠭᠦᠷᠢᠭ ᠠᠴᠠ ᠬᠡᠲᠦᠷᠡᠭᠦᠯᠬᠦ ᠦᠭᠡᠢ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠶᠢ ᠪᠣᠳᠣᠯᠬᠢᠯᠠᠵᠤ᠂ ᠴᠡᠷᠢᠭ ᠤᠨ ᠠᠯᠪᠠ ᠬᠠᠭᠠᠵᠤ ᠪᠠᠶᠢᠭ᠎ᠠ ᠳᠡᠭᠡᠳᠦ ᠰᠤᠷᠭᠠᠭᠤᠯᠢ ᠶᠢᠨ ᠣᠶᠤᠲᠠᠳ ᠤᠨ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ᠂ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠣᠷᠣᠯᠠᠨ ᠲᠥᠯᠥᠬᠦ ᠪᠠ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠵᠢᠴᠢ ᠦᠨᠳᠦᠰᠦᠨ ᠱᠠᠲᠤᠨ ᠳᠤ ᠠᠵᠢᠯ ᠣᠯᠬᠤ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ᠂ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠣᠷᠣᠯᠠᠨ ᠲᠥᠯᠥᠬᠦ ᠪᠠᠷᠢᠮᠵᠢᠶ᠎ᠠ ᠶᠢ ᠵᠣᠬᠢᠰᠲᠠᠢ ᠨᠡᠮᠡᠭᠳᠡᠭᠦᠯᠦᠨ᠎ᠡ᠃         ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠳᠣᠬᠢᠷᠠᠭᠤᠯᠪᠠ᠃ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠦᠦ ᠶᠢᠨ ᠨᠣᠷᠮ᠎ᠠ ᠶᠢ 0.3% ᠠᠴᠠ ᠲᠣᠬᠢᠷᠠᠭᠤᠯᠤᠨ ᠪᠠᠭᠠᠰᠬᠠᠵᠤ᠂ ᠠᠳᠠᠯᠢ ᠬᠤᠭᠤᠴᠠᠭᠠᠨ ᠤ ᠠᠳᠠᠯᠢ ᠳᠡᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠤᠷᠮ᠎ᠠ ︵LPR︶ ᠠᠴᠠ 0.3% ᠶᠢ ᠬᠠᠰᠤᠵᠤ᠂ 0.6% ᠪᠣᠯᠭᠠᠨ ᠳᠣᠬᠢᠷᠠᠭᠤᠯᠪᠠ᠃        ᠬᠤᠳᠠᠯᠳᠤᠭᠠᠨ ᠤ ᠪᠠᠩᠬᠢ ᠠᠴᠠ ᠰᠣᠳᠤᠯᠤᠨ ᠰᠤᠷᠤᠭᠴᠢ ᠶᠢᠨ ᠬᠤᠳᠠᠯᠳᠤᠭᠠᠨ ᠤ ᠴᠢᠨᠠᠷᠲᠠᠢ ᠰᠤᠷᠤᠯᠭ᠎ᠠ ᠶᠢ ᠳᠡᠳᠬᠦᠬᠦ ᠵᠢᠭᠡᠯᠡᠯᠭᠡ ᠲᠠᠯᠪᠢᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃         ᠣᠳᠣᠬᠠᠨ ᠳᠤ᠂ ᠮᠠᠨ ᠤ ᠣᠷᠣᠨ ᠤ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠳᠠᠭᠠᠭᠠᠴᠢᠯᠠᠨ ᠭᠦᠢᠴᠡᠳᠭᠡᠵᠦ ᠪᠠᠶᠢᠭ᠎ᠠ ᠪᠠᠩᠬᠢ ᠳᠤ ᠤᠯᠤᠰ ᠤᠨ ᠨᠡᠭᠡᠭᠡᠨ ᠬᠥᠭᠵᠢᠭᠦᠯᠬᠦ ᠪᠠᠩᠬᠢ ᠪᠣᠯᠤᠨ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠪᠣᠢ᠃         ᠠᠩᠬᠠᠷᠬᠤ ᠵᠦᠢᠯ :        ᠵᠣᠭᠤᠰ ᠤᠨ ᠲᠤᠭ᠎ᠠ ᠶᠢ ᠨᠡᠮᠡᠭᠳᠡᠭᠦᠯᠬᠦ ᠭᠤᠶᠤᠴᠢᠯᠠᠯ ᠢ ᠵᠥᠪᠬᠡᠨ ᠨᠢᠭᠡ ᠤᠳᠠᠭ᠎ᠠ ᠬᠢᠬᠦ ᠶᠢ ᠵᠦᠪᠰᠢᠶᠡᠷᠡᠨ᠎ᠡ᠂ ᠵᠣᠭᠤᠰ ᠤᠨ ᠲᠤᠭ᠎ᠠ ᠶᠢ ᠨᠡᠮᠡᠭᠳᠡᠭᠦᠯᠬᠦ ᠭᠤᠶᠤᠴᠢᠯᠠᠯ ᠢ ᠲᠤᠰᠢᠶᠠᠭᠰᠠᠨ ᠤ ᠳᠠᠷᠠᠭ᠎ᠠ᠂ ᠵᠠᠰᠠᠵᠤ ᠪᠣᠯᠬᠤ ᠦᠭᠡᠢ᠂ ᠬᠦᠴᠦᠨ ᠦᠭᠡᠢ ᠪᠣᠯᠭᠠᠵᠤ ᠪᠣᠯᠬᠤ ᠦᠭᠡᠢ᠃         ᠵᠣᠭᠤᠰ ᠤᠨ ᠲᠤᠭ᠎ᠠ ᠶᠢ ᠨᠡᠮᠡᠭᠳᠡᠭᠦᠯᠬᠦ ᠭᠤᠶᠤᠴᠢᠯᠠᠯ ᠢ ᠲᠤᠰᠢᠶᠠᠭᠰᠠᠨ ᠤ ᠳᠠᠷᠠᠭ᠎ᠠ᠂ ᠭᠠᠷᠲᠠᠨ ᠭᠦᠢᠴᠡᠳᠭᠡᠬᠦ ᠪᠠᠩᠬᠢ ᠠᠴᠠ ᠬᠤᠯᠪᠣᠭᠳᠠᠯ ᠪᠦᠬᠦᠢ ᠬᠢᠨᠠᠨ ᠪᠠᠶᠢᠴᠠᠭᠠᠯᠲᠠ ᠬᠢᠨ᠎ᠡ᠃        ᠤᠯᠤᠰ ᠤᠨ ᠨᠡᠭᠡᠭᠡᠨ ᠬᠥᠭᠵᠢᠭᠦᠯᠬᠦ ᠪᠠᠩᠬᠢ ᠠᠴᠠ ᠰᠤᠷᠤᠯᠭ᠎ᠠ ᠶᠢ ᠳᠡᠳᠬᠦᠬᠦ ᠵᠢᠭᠡᠯᠡᠯᠭᠡ ᠭᠤᠶᠤᠴᠢᠯᠠᠬᠤ ᠰᠤᠷᠤᠭᠴᠢ ᠬᠡᠷᠪᠡ 2023 ᠣᠨ ᠤ 10 ᠳ᠋ᠤᠭᠠᠷ ᠰᠠᠷ᠎ᠠ ᠶᠢᠨ 22 ᠤᠨ ᠡᠳᠦᠷ ᠠᠴᠠ ᠡᠮᠦᠨ᠎ᠡ ︽ᠰᠤᠷᠤᠭᠴᠢ ᠶᠢᠨ ᠰᠦᠯᠵᠢᠶᠡᠨ ᠳᠠᠬᠢ ᠰᠢᠰᠲ᠋ᠧᠮ︾ ᠳᠤ ᠣᠷᠣᠵᠤ᠂ ᠵᠣᠭᠤᠰ ᠤᠨ ᠲᠤᠭ᠎ᠠ ᠶᠢ ᠨᠡᠮᠡᠭᠳᠡᠭᠦᠯᠬᠦ ᠭᠤᠶᠤᠴᠢᠯᠠᠯ ᠢᠶᠠᠨ ᠲᠤᠰᠢᠶᠠᠭᠰᠠᠨ ᠦᠭᠡᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠠᠴᠠ ᠰᠤᠷᠤᠯᠭ᠎ᠠ ᠶᠢ ᠳᠡᠳᠬᠦᠬᠦ ᠵᠢᠭᠡᠯᠡᠯᠭᠡ ᠭᠤᠶᠤᠴᠢᠯᠠᠬᠤ ᠰᠤᠷᠤᠭᠴᠢ ᠬᠡᠷᠪᠡ 2023 ᠣᠨ ᠤ 10 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠬᠤᠸᠠ ᠠᠨ ᠰᠤᠷᠤᠯᠭ᠎ᠠ ᠶᠢ ᠳᠡᠳᠬᠦᠬᠦ ᠪᠢᠴᠢᠯ ᠫᠷᠤᠭ᠍ᠷᠠᠮ ᠳᠤ ᠣᠷᠣᠵᠤ ᠵᠣᠭᠤᠰ ᠤᠨ ᠲᠤᠭ᠎ᠠ ᠶᠢ ᠨᠡᠮᠡᠭᠳᠡᠭᠦᠯᠬᠦ ᠭᠤᠶᠤᠴᠢᠯᠠᠯ ᠢᠶᠠᠨ ᠲᠤᠰᠢᠶᠠᠭᠰᠠᠨ ᠦᠭᠡᠢ ᠪᠣᠯ᠂ ᠡᠨᠡ ᠵᠢᠯ ᠤᠨ ᠭᠤᠶᠤᠴᠢᠯᠠᠯ ᠢᠶᠠᠨ ᠰᠠᠶᠢᠨ ᠳᠤᠷ᠎ᠠ ᠠᠴᠠ ᠪᠠᠨ ᠲᠠᠶᠠᠭᠳᠠᠭᠰᠠᠨ ᠢᠶᠠᠷ ᠦᠵᠡᠨ᠎ᠡ᠃        ᠣᠨᠴᠠᠭᠠᠶᠢᠯᠠᠨ ᠰᠠᠨᠠᠭᠤᠯᠬᠤ ᠨᠢ :        ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠵᠣᠭᠤᠰ ᠤᠨ ᠲᠤᠭ᠎ᠠ ᠶᠢ ᠨᠡᠮᠡᠭᠳᠡᠭᠦᠯᠬᠦ ᠪᠠᠷ ᠭᠤᠶᠤᠴᠢᠯᠠᠬᠤ ᠳᠤ᠂ ᠰᠤᠷᠤᠭᠴᠢᠳ ᠶᠠᠮᠠᠷᠪᠠ ᠰᠦᠢᠳᠬᠡᠯ ᠢ ᠤᠷᠢᠳᠴᠢᠯᠠᠨ ᠥᠭᠬᠦ ᠴᠢᠬᠤᠯᠠ ᠦᠭᠡᠢ᠃ ᠮᠡᠬᠡᠯᠡᠯ ᠢ ᠰᠡᠷᠭᠡᠶᠢᠯᠡᠬᠦ ᠶᠢ ᠰᠡᠷᠡᠮᠵᠢᠯᠡᠭᠦᠯᠦᠶ᠎ᠡ︕ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ