ᠬᠠᠩᠬᠢᠨ‌ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/1
      11 ᠰᠠᠷ᠎ᠠ ᠶᠢᠨ 27 ᠤ ᠡᠳᠦᠷ᠂ ᠬᠠᠩᠬᠢᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 12 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃            ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ᠂ ᠾᠧᠪᠧᠢ ᠳᠤ ᠭᠠᠮᠰᠢᠭ ᠤᠨ ᠳᠠᠷᠠᠭᠠᠬᠢ ᠰᠡᠷᠭᠦᠭᠡᠨ  ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠲᠦᠮᠡᠨ ᠤ ᠠᠵᠢᠯ᠂ ᠪᠠᠶᠢᠴᠠᠭᠠᠨ ᠰᠤᠳᠤᠯᠤᠯᠲᠠ ᠬᠢᠬᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠪᠠᠶᠢᠴᠠᠭᠠᠨ ᠰᠤᠳᠤᠯᠤᠯᠲᠠ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠬᠠᠤᠯᠢᠵᠢᠯ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢᠨ ᠠᠵᠢᠯ ᠢ ᠭᠦᠨᠵᠡᠭᠡᠢ ᠥᠷᠨᠢᠭᠦᠯᠵᠦ᠂ ᠬᠠᠤᠯᠢᠵᠢᠯ ᠤᠨ ᠰᠡᠳᠬᠢᠬᠦᠢ ᠪᠣᠯᠣᠨ ᠬᠠᠤᠯᠢᠵᠢᠯ ᠤᠨ ᠠᠷᠭ᠎ᠠ ᠬᠡᠯᠪᠡᠷᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠨᠠᠮᠳᠠᠭᠤᠯᠬᠤ᠂ ᠲᠣᠭᠲᠠᠭᠤᠨ ᠢ ᠬᠠᠮᠠᠭᠠᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃            ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠨ ᠤ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠢᠪᠲᠤᠯᠤᠨ᠂ ᠣᠨ ᠤ ᠬᠠᠷᠠᠯᠲᠠ ᠡᠭᠦᠷᠭᠡ᠂ ᠬᠢᠨᠠᠨ ᠰᠢᠯᠭᠠᠬᠤ ᠭᠦᠢᠴᠡᠳᠬᠡᠯ ᠲᠤᠭ᠎ᠠ᠂ ᠳᠤᠲᠠᠭᠳᠠᠯ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠪᠦᠬᠦ ᠲᠠᠯ᠎ᠠ ᠪᠠᠷ ᠳ᠋ᠦᠩᠨᠡᠨ ᠳᠠᠬᠢᠨ ᠪᠠᠶᠢᠴᠠᠭᠠᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠨ᠂ ᠰᠠᠶᠢᠨ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠵᠠᠬᠢᠳᠠᠯ ᠰᠤᠷᠪᠤᠯᠵᠢᠯᠠᠯ ᠠᠮᠤᠷ ᠲᠣᠭᠲᠠᠭᠤᠨ ᠢ ᠬᠠᠮᠠᠭᠠᠯᠠᠬᠤ ᠪᠠ ᠶᠠᠷᠢᠶ᠎ᠠ ᠬᠡᠯᠡᠯᠴᠡᠭᠡ ᠶᠢ ᠬᠠᠮᠢᠶᠠᠷᠤᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃            ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠵᠦᠢᠯᠡᠰ ᠢ  ᠰᠤᠳᠤᠯᠵᠠᠢ᠃   
ᠢᠷᠡᠯᠲᠡ᠄ ᠬᠠᠩᠬᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ