ᠲᠦᠷᠦᠭᠦᠦ 10 ᠰᠠᠷ᠎ᠠ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ‌ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/12/1
      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 11 ᠰᠠᠷ᠎ᠠ ᠶᠢᠨ 26 ᠤ ᠡᠳᠦᠷ ᠤᠨ ᠮᠡᠳᠡᠭᠡ  ︵ᠰᠤᠷᠪᠤᠯᠵᠢᠯᠠᠭᠴᠢ‌‍ᠸᠠᠩ ᠺᠧ︶ ᠰᠤᠷᠪᠤᠯᠵᠢᠯᠠᠭᠴᠢ ᠣᠶᠢᠷ᠎ᠠ ᠳᠤ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠄ 10 ᠰᠠᠷ᠎ᠠ ᠳ᠋ᠤ᠋‌ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 4.3 ᠲᠦᠮᠡᠨ ᠳ᠋ᠦᠩᠰᠢᠭᠤᠷ  ᠲᠥᠭᠦᠷᠢᠭ ᠲᠤ᠋‌‍ᠬᠦ᠋ᠷᠴᠦ᠂  ᠠᠳᠠᠯᠢ  ᠬᠤᠭᠤᠴᠠᠭᠠᠨ ᠤ ᠬᠢ ᠠᠴᠠ ᠪᠠᠨ  7.6% ᠪᠠᠷ   ᠨᠡᠮᠡᠭᠳᠡᠵᠦ᠂   ᠨᠡᠮᠡᠭᠳᠡᠯ ᠤᠨ   ᠬᠤᠷᠳᠤᠴᠠ ᠨᠢ   9ᠰᠠᠷ᠎ᠠ ᠶᠢᠨ ᠬᠢ ᠠᠴᠠ 2.1 ᠵᠠᠭᠤᠨ ᠤ  ᠬᠤᠪᠢ ᠶᠢᠨ  ᠴᠡᠭ  ᠲᠦᠷᠭᠡᠳᠴᠦ᠂  3  ᠰᠠᠷ᠎ᠠ  ᠳᠠᠷᠠᠭᠠᠯᠠᠨ  ᠳᠡᠭᠡᠭᠰᠢᠯᠡᠪᠡ︔  1ᠰᠠᠷ᠎ᠠ ᠠᠴᠠ 10 ᠰᠠᠷ᠎ᠠ ᠪᠤᠯᠳᠠᠯᠠᠭᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ  ᠨᠡᠶᠢᠲᠡ38.54 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ  ᠬᠤᠭᠤᠴᠠᠭᠠᠨ ᠤ ᠬᠢ ᠠᠴᠠ  6.9% ᠪᠠᠷ  ᠨᠡᠮᠡᠭᠳᠡᠵᠦ᠂ᠬᠡᠷᠡᠭᠯᠡᠭᠡ ᠦᠷᠭᠦᠯᠵᠢᠯᠡᠨ ᠰᠡᠷᠭᠦᠨ ᠳᠡᠭᠡᠭᠰᠢᠯᠡᠪᠡ᠃               ᠲᠠᠸᠠᠷ ᠤᠨ ᠬᠡᠷᠡᠭᠯᠡᠭᠡᠨ ᠤ ᠨᠡᠮᠡᠭᠳᠡᠯ ᠤᠨ ᠬᠤᠷᠳᠤᠴᠠ  ᠲᠦᠷᠭᠡᠳᠪᠡ᠃  10  ᠰᠠᠷ᠎ᠠ ᠳᠤ᠂  ᠲᠠᠸᠠᠷ ᠤᠨ  ᠵᠢᠵᠢᠭᠯᠡᠨ‌ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 6.5% ᠪᠠᠷ  ᠨᠡᠮᠡᠭᠳᠡᠵᠦ᠂  ᠨᠡᠮᠡᠭᠳᠡᠯ ᠤᠨ  ᠬᠤᠷᠳᠤᠴᠠ ᠨᠢ  9ᠰᠠᠷ᠎ᠠ ᠶᠢᠨ ᠬᠢ ᠠᠴᠠ 1.9 ᠵᠠᠭᠤᠨ ᠤ  ᠬᠤᠪᠢ ᠶᠢᠨ  ᠴᠡᠭ  ᠲᠦᠷᠭᠡᠳᠪᠡ᠃  ᠬᠡᠷ ᠤᠨ  ᠭᠠᠳᠠᠨᠠᠬᠢ  ᠬᠥᠳᠡᠯᠭᠡᠭᠡᠨ᠂  ᠰᠢᠨ᠎ᠡ‌‍ᠬᠡᠯᠪᠡᠷᠢ ᠶᠢᠨ ᠡᠯᠧᠺᠲᠷᠣᠨ ᠦᠢᠯᠡᠳᠬᠦᠨ᠂ ᠰᠢᠨ᠎ᠡ ᠡᠨᠧᠷᠭᠢ ᠶᠢᠨ ᠮᠠᠰᠢᠨ ᠲᠡᠷᠭᠡ᠂  ᠤᠶᠤᠨᠲᠤ  ᠬᠡᠷ ᠤᠨ  ᠴᠠᠬᠢᠯᠭᠠᠨ  ᠬᠡᠷᠡᠭᠰᠡᠯ‌ᠵᠡᠷᠭᠡ ᠲᠠᠰ ᠳᠡᠪᠰᠢᠭᠰᠡᠨ ᠲᠥᠷᠥᠯ ᠤᠨ ᠲᠠᠸᠠᠷ ᠤᠨ ᠨᠡᠮᠡᠭᠳᠡᠯ ᠤᠨ ᠬᠠᠨᠳᠤᠰᠢ  ᠨᠡᠯᠢᠶᠡᠳ  ᠰᠠᠶᠢᠨ  ᠪᠠᠶᠢᠨ᠎ᠠ᠃  ᠬᠢᠵᠠᠭᠠᠷᠯᠠᠭᠰᠠᠨ‌‍ᠲ᠋ᠤᠭ᠎ᠠ ᠠᠴᠠ ᠳᠡᠭᠡᠭᠰᠢᠬᠢ ᠨᠢᠭᠡᠴᠡ ᠶᠢᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ  ᠬᠡᠷᠡᠭᠰᠡᠯ᠂  ᠴᠢᠮᠡᠭᠡ  ᠬᠤᠯᠪᠣᠭᠠᠨ ᠤ  ᠪᠠᠭᠠᠵᠢ‌‍ᠬᠡᠷᠡᠭᠰᠡᠯ᠂  ᠮᠠᠰᠢᠨ  ᠲᠡᠷᠭᠡ᠂   ᠬᠡᠷ ᠤᠨ   ᠴᠠᠬᠢᠯᠭᠠᠨ   ᠬᠡᠷᠡᠭᠰᠡᠯ ᠤᠨ   ᠵᠢᠵᠢᠭᠯᠡᠨ   ᠬᠤᠳᠠᠯᠳᠤᠭᠰᠠᠨ   ᠲᠤᠭ᠎ᠠ   ᠠᠳᠠᠯᠢ‌ᠬᠤᠭᠤᠴᠠᠭᠠᠨ ᠤ ᠬᠢ ᠠᠴᠠ ᠲᠣᠰ  ᠲᠣᠰ  25.7%᠂  14.6%᠂  11.4%  ᠪᠠ  9.6% ᠪᠠᠷ  ᠨᠡᠮᠡᠭᠳᠡᠵᠦ᠂  9ᠰᠠᠷ᠎ᠠ ᠠᠴᠠ ᠲᠣᠰ ᠲᠣᠰ 15.0᠂ 14.2᠂ 8.6 ᠪᠠ 11.9 ᠵᠠᠭᠤᠨ ᠤ ᠬᠤᠪᠢ  ᠶᠢᠨ  ᠴᠡᠭ  ᠲᠦᠷᠭᠡᠳᠪᠡ᠃  ᠰᠢᠨ᠎ᠡ‌ᠡᠨᠧᠷᠭᠢ ᠶᠢᠨ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 33.5% ᠪᠠᠷ ᠨᠡᠮᠡᠭᠳᠡᠵᠦ᠂ᠰᠢᠨ᠎ᠡ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠬᠡᠮᠵᠢᠶᠡᠨ ᠤ 33.5% ᠶᠢ ᠡᠵᠡᠯᠡᠪᠡ᠃               ᠦᠢᠯᠡᠴᠢᠯᠡᠭᠡᠨ ᠤ  ᠬᠡᠷᠡᠭᠯᠡᠭᠡ  ᠨᠡᠯᠢᠶᠡᠳ  ᠲᠦᠷᠭᠡᠨ  ᠨᠡᠮᠡᠭᠳᠡᠪᠡ᠃  1  ᠰᠠᠷ᠎ᠠ ᠠᠴᠠ  10  ᠰᠠᠷ᠎ᠠ   ᠪᠣᠯᠲᠠᠯ᠎ᠠ᠂ᠦᠢᠯᠡᠴᠢᠯᠡᠭᠡᠨ ᠤ ᠵᠢᠵᠢᠭᠯᠡᠨ ᠬᠤᠳᠠᠯᠳᠤᠭᠰᠠᠨ  ᠲᠤᠭ᠎ᠠ  ᠠᠳᠠᠯᠢ  ᠬᠤᠭᠤᠴᠠᠭᠠᠨ ᠤ ᠬᠢ ᠠᠴᠠ  19.0% ᠢᠶᠠᠷ  ᠨᠡᠮᠡᠭᠳᠡᠪᠡ᠃ᠪᠠᠶᠠᠷ ᠤᠨ ᠡᠳᠦᠷ ᠤᠨ ᠨᠥᠯᠥᠭᠡᠯᠡᠯ  ᠵᠡᠷᠭᠡ  ᠬᠦᠴᠦᠨ  ᠵᠦᠢᠯ ᠤᠨ  ᠳᠠᠭᠠᠭᠤᠯᠭ᠎ᠠ  ᠳᠤᠤᠷ᠎ᠠ᠂  ᠬᠤᠨᠤᠭ  ᠪᠠᠭᠤᠳᠠᠯ  ᠢᠳᠡᠭᠡᠨ‌ᠤᠮᠳᠠᠭᠠᠨ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ ᠶᠠᠪᠤᠵᠤ ᠰᠠᠭᠤᠬᠤ ᠵᠡᠷᠭᠡ ᠦᠢᠯᠡᠴᠢᠯᠡᠭᠡᠨ ᠤ ᠬᠡᠷᠡᠭᠯᠡᠭᠡᠨ ᠤ ᠬᠡᠷᠡᠭᠴᠡᠭᠡ ᠵᠢ‌‍ᠲ᠋ᠦ᠋ᠪᠯᠡᠷᠡᠩᠭᠦᠢ  ᠪᠠᠷ  ᠪᠠᠳᠠᠷᠠᠭᠤᠯᠪᠠ᠃  10  ᠰᠠᠷ᠎ᠠ ᠳᠤ᠂  ᠢᠳᠡᠭᠡᠨ  ᠤᠮᠳᠠᠭᠠᠨ ᠤ  ᠣᠷᠣᠯᠭ᠎ᠠ  4800  ᠳ᠋ᠦᠩᠰᠢᠭᠤᠷ‌‍ᠲ᠋ᠥ᠋ᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.1% ᠪᠠᠷ ᠨᠡᠮᠡᠭᠳᠡᠪᠡ︔ ᠺᠢᠨᠣ᠋ ᠶᠢᠨ ᠪᠢᠯᠧᠲ ᠤᠨ ᠣᠷᠣᠯᠭ᠎ᠠ36 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ ᠪᠠᠷᠤᠭ ᠲᠤᠯᠤᠭᠠᠨ ᠬᠤᠪᠢ ᠨᠡᠮᠡᠭᠳᠡᠪᠡ᠃               ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠶᠢᠨ ᠨᠡᠮᠡᠭᠳᠡᠯ  ᠤᠨ  ᠬᠠᠨᠳᠤᠰᠢ  ᠨᠡᠯᠢᠶᠡᠳ  ᠰᠠᠶᠢᠨ  ᠪᠤᠯᠪᠠ᠃  1ᠰᠠᠷ᠎ᠠ ᠠᠴᠠ 10 ᠰᠠᠷ᠎ᠠ ᠪᠣᠯᠲᠠᠯ᠎ᠠ᠂ ᠰᠦᠯᠵᠢᠶᠡᠨ ᠳᠡᠭᠡᠷ᠎ᠡ ᠵᠢᠵᠢᠭᠯᠡ᠊ ᠬᠤᠳᠠᠯᠳᠤᠬᠰᠠᠨ ᠲᠤᠭ᠎ᠠ  12.3  ᠲᠦᠮᠡᠨ  ᠳ᠋ᠦᠩᠰᠢᠭᠤᠷ‌‍ᠲ᠋ᠥ᠋ᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠪᠡ᠂ ᠡᠭᠦᠨ ᠳᠤ  ᠪᠣᠳᠠᠲᠤ  ᠲᠠᠸᠠᠷ ‍ᠤᠨ‌‍ᠰᠦ᠋ᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠰᠠᠨ ᠲᠤᠭ᠎ᠠ 10.3 ᠲᠦᠮᠡᠨ ᠳ᠋ᠦᠩᠰᠢᠭᠤᠷ  ᠲᠥᠭᠦᠷᠢᠭ ᠲᠤ  ᠬᠦᠷᠴᠦ᠂  ᠠᠳᠠᠯᠢ‌ᠬᠤᠭᠤᠴᠠᠭᠠᠨ ᠤ ᠬᠢ ᠠᠴᠠ 8.4% ᠪᠠᠷ ᠨᠡᠮᠡᠭᠳᠡᠵᠦ᠂  ᠨᠡᠶᠢᠭᠡᠮ ᠤᠨ  ᠬᠡᠷᠡᠭᠯᠡᠭᠡᠨ ᠤ  ᠵᠦᠢᠯ ᠤᠨ  ᠵᠢᠵᠢᠭᠯᠡᠨ  ᠬᠤᠳᠠᠯᠳᠤᠬᠰᠠᠨ‌‍ᠶᠡᠷᠦᠩᠬᠡᠶ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 26.7% ᠳᠤ ᠬᠦᠷᠴᠡᠶ᠃               ᠪᠣᠳᠠᠲᠤ ᠴᠣᠭᠴᠠ ᠶᠢᠨ ᠵᠢᠵᠢᠭᠯᠡᠨ ᠬᠤᠳᠠᠯᠳᠤᠬᠤ ᠪᠠᠶᠢᠳᠠᠯ ᠦᠷᠭᠦᠯᠵᠢᠯᠡᠨ ᠰᠡᠷᠭᠦᠪᠡ᠃ 1 ᠰᠠᠷ᠎ᠠ ᠠᠴᠠ 10  ᠰᠠᠷ᠎ᠠ‌‍ᠪᠣᠯᠲᠠᠯ᠎ᠠ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠣᠳᠠᠲᠤ ᠴᠣᠭᠴᠠ ᠶᠢᠨ ᠳᠡᠯᠭᠡᠭᠦᠷ ᠤᠨ ᠵᠢᠵᠢᠭᠯᠡᠨ ᠬᠤᠳᠠᠯᠳᠤᠭᠰᠠᠨ ᠲᠤᠭ᠎ᠠ‌ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 ᠠᠴᠠ 9 ᠰᠠᠷ᠎ᠠ ᠶᠢᠨ ᠬᠢ ᠠᠴᠠ0.3 ᠵᠠᠭᠤᠨ ᠤ ᠬᠤᠪᠢ ᠶᠢᠨ ᠴᠡᠭ ᠲᠦᠷᠭᠡᠳᠪᠡ᠃  ᠡᠭᠦᠨ ᠳᠤ᠂  ᠲᠥᠬᠦᠮ  ᠦᠵᠡᠭᠦᠯᠬᠦ  ᠳᠡᠯᠭᠡᠭᠦᠷ᠂  ᠪᠦᠷᠢᠨ  ᠪᠠᠷᠠᠭᠠᠲᠤ‌‍ᠲ᠋ᠡᠯᠭᠡᠭᠦᠷ᠂ ᠲᠤᠰᠬᠠᠶ ᠳᠡᠯᠭᠡᠭᠦᠷ᠂ ᠨᠠᠷᠠᠲᠤ ᠲᠡᠮᠳᠡᠭᠲᠦ ᠶᠢᠨ ᠲᠤᠰᠬᠠᠶ ᠬᠤᠳᠠᠯᠳᠤᠬᠤ  ᠳᠡᠯᠭᠡᠭᠦᠷ ᠤᠨ  ᠵᠢᠵᠢᠭᠯᠡᠨ  ᠬᠤᠳᠠᠯᠳᠤᠭᠰᠠᠨ‌‍ᠲ᠋ᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.3%᠂ 7.2%᠂ 4.7%᠂ 3.6% ᠪᠠᠷ ᠨᠡᠮᠡᠭᠳᠡᠪᠡ᠃                ᠬᠤᠲᠠ ᠬᠥᠳᠡᠭᠡ ᠶᠢᠨ  ᠬᠡᠷᠡᠭᠯᠡᠭᠡ  ᠲᠣᠭᠲᠠᠭᠤᠨ ᠢᠶᠠᠷ  ᠨᠡᠮᠡᠭᠳᠡᠪᠡ᠃  10  ᠰᠠᠷ᠎ᠠ ᠳᠤ᠂  ᠬᠤᠲᠠ  ᠪᠠᠯᠭᠠᠰᠤᠨ ‍ᠤ‌‍ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.7 ᠲᠦᠮᠡᠨ ᠳ᠋ᠦᠩᠰᠢᠭᠤᠷ ᠲᠥᠭᠦᠷᠢᠭ ᠲᠤ  ᠬᠦᠷᠴᠦ᠂  ᠠᠳᠠᠯᠢ‌ᠬᠤᠭᠤᠴᠠᠭᠠᠨ ᠤ ᠬᠢ ᠠᠴᠠ  7.4% ᠪᠠᠷ  ᠨᠡᠮᠡᠭᠳᠡᠪᠡ︔  ᠬᠥᠳᠡᠭᠡ  ᠲᠣᠰᠬᠤᠨ ᠤ  ᠬᠡᠷᠡᠭᠯᠡᠭᠡᠨ ᠤ   ᠵᠦᠢᠯ ᠤᠨ   ᠵᠢᠵᠢᠭᠯᠡᠨ‌ᠬᠤᠳᠠᠯᠳᠤᠭᠰᠠᠨ ᠲᠤᠭ᠎ᠠ 5854 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ  8.9% ᠪᠠᠷ‌ᠨᠡᠮᠡᠭᠳᠡᠪᠡ᠃ 1 ᠰᠠᠷ᠎ᠠ ᠠᠴᠠ 10 ᠰᠠᠷ᠎ᠠ ᠪᠣᠯᠲᠠᠯ᠎ᠠ᠂ ᠬᠤᠲᠠ ᠪᠠᠯᠭᠠᠰᠤ᠂ ᠬᠥᠳᠡᠭᠡ  ᠲᠣᠰᠬᠤᠨ ᠤ  ᠬᠡᠷᠡᠭᠯᠡᠭᠡᠨ ᠤ  ᠵᠦᠢᠯ ‍ᠤᠨ‌ᠵᠢᠵᠢᠭᠯᠡᠨ ᠬᠤᠳᠠᠯᠳᠤᠭᠰᠠᠨ ᠲᠤᠭ᠎ᠠ ᠲᠣᠰ  ᠲᠣᠰ  33.39  ᠲᠦᠮᠡᠨ  ᠳ᠋ᠦᠩᠰᠢᠭᠤᠷ  ᠲᠥᠭᠦᠷᠢᠭ  ᠪᠠ  5.16  ᠲᠦᠮᠡᠨ‌‍ᠳᠦ᠋ᠩᠰᠢᠭᠤᠷ ᠲᠥᠭᠦᠷᠢᠭ ᠲᠤ  ᠬᠦᠷᠴᠦ᠂  ᠠᠳᠠᠯᠢ  ᠬᠤᠭᠤᠴᠠᠭᠠᠨ ᠤ ᠬᠢ ᠠᠴᠠ  ᠲᠣᠰ  ᠲᠣᠰ  6.8%  ᠪᠠ  7.6% ᠪᠠᠷ‌ᠨᠡᠮᠡᠭᠳᠡᠪᠡ᠃        
ᠢᠷᠡᠯᠲᠡ᠄ ᠠᠷᠠᠳ ᠤᠨ ᠰᠦᠯᠵᠢᠶ᠎ᠡ