ᠬᠢᠶ᠎ᠠ ᠪᠠᠭᠰᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2023/12/13
ᠨᠢᠭᠡ᠂ ᠤᠳᠤᠷᠢᠳᠬᠤ ᠪᠠᠭ          ᠬᠤᠤᠰᠯᠤᠤ            ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ          ᠯᠢᠦ ᠰᠥᠸᠧ ᠵᠦ       ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ          ᠶᠤᠸᠠᠨ    ᠰᠢᠨ       ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ          ᠵᠣᠣ ᠰᠢᠨ ᠰᠢᠩ        ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ          ᠵᠢᠶᠠ ᠽᠢ ᠬᠤᠸᠠ       ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠬᠤᠶᠠᠷ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠳᠣᠷᠣᠭᠰᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠪᠣᠯᠣᠨ᠎ᠠ᠃          ᠬᠤᠤᠰᠯᠤᠤ     ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ         ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠬᠢᠯᠡᠨ᠎ᠡ᠃        ᠯᠢᠦ ᠰᠥᠸᠧ ᠵᠦ       ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ         ᠲᠣᠪᠴᠢᠶᠠᠨ ᠳᠠᠷᠤᠭ᠎ᠠ ᠶᠢ ᠬᠠᠮᠵᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠭᠠᠳᠠᠭᠠᠳᠤ ᠠᠷᠠᠯᠵᠢᠶ᠎ᠠ᠂ ᠪᠣᠭᠤᠮᠲᠠ᠂ ᠲᠣᠮᠣ ᠬᠡᠯᠪᠡᠷᠢ ᠶᠢᠨ ᠬᠤᠳᠠᠯᠳᠤᠭᠠᠨ ᠤ ᠭᠡᠳᠤ ᠳᠡᠯᠭᠡᠭᠦᠷ ᠵᠢᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠳᠤ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠠᠬᠢᠭᠤᠯᠬᠤ ᠶᠢ  ᠬᠠᠷᠢᠭᠤᠴᠠᠨ᠂ ᠬᠤᠳᠠ ᠶᠢᠨ ᠬᠤᠳᠠᠯᠳᠤᠭᠠᠨ ᠤ ᠬᠥᠭᠵᠢᠯᠲᠡ ᠶᠢ ᠵᠢᠯᠤᠭᠤᠳᠴᠤ᠂ ᠬᠤᠳᠠᠯᠳᠤᠭᠠᠨ ᠤ  ᠰᠦᠯᠵᠢᠶᠡᠨ ᠤ ᠴᠡᠭ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠤᠨ᠎ᠠ᠃ ᠳᠣᠲᠣᠭᠠᠳᠤ ᠠᠷᠠᠯᠵᠢᠶ᠎ᠠ ᠶᠢᠨ ᠭᠦᠢᠯᠭᠡᠭᠡᠨ ᠤ ᠬᠦᠷᠢᠶᠡᠨ ᠳᠠᠬᠢ ᠨᠡᠷ᠎ᠡ ᠲᠡᠮᠲᠡᠭ  ᠤᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ  ᠬᠠᠷᠢᠭᠤᠴᠠᠵᠤ᠂ ᠲᠠᠸᠠᠷ ᠤᠨ ᠬᠦᠷᠢᠶᠡᠨ ᠤ ᠪᠣᠬᠢᠷᠲᠤᠯ ᠦᠭᠡᠢ ᠬᠥᠭᠵᠢᠯᠲᠡ ᠪᠠ ᠳᠠᠬᠢᠯᠲᠠ ᠡᠬᠢ ᠪᠠᠶᠠᠯᠢᠭ ᠢ ᠪᠤᠴᠠᠭᠠᠨ ᠬᠤᠷᠢᠶᠠᠬᠤ ᠠᠵᠢᠯ ᠢ ᠵᠢᠯᠣᠭᠤᠳᠤᠨ᠎ᠠ ᠃  ᠬᠤᠯᠪᠤᠭᠠᠯᠠᠨ ᠡᠵᠡᠩᠨᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠰᠢᠰᠲ᠋ᠧᠮ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠤᠳᠤ ᠦᠶ᠎ᠡ ᠶᠢᠨ ᠭᠦᠢᠯᠭᠡᠭᠡᠨ ᠤ ᠲᠠᠯ᠎ᠠ ᠶᠢᠨ ᠠᠵᠢᠯ ᠢ ᠬᠠᠷᠢᠭᠤᠴᠠᠨ᠎ᠠ᠃ ᠨᠢᠭᠡ ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠦᠢᠯᠭᠡᠭᠡᠨ ᠤ ᠭᠠᠳᠠᠭᠠᠳᠤ ᠠᠷᠠᠯᠵᠢᠶᠠᠨ ᠤ ᠳᠤᠭᠤᠶᠢᠯᠠᠩ ᠢ ᠬᠤᠪᠢᠳᠠᠨ ᠬᠠᠮᠢᠶᠠᠷᠤᠨ᠎ᠠ᠃         ᠶᠤᠸᠠᠨ  ᠰᠢᠨ       ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ         ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠠᠶᠢᠩᠭᠤ ᠶᠢᠨ ᠠᠵᠢᠯ ᠢ ᠬᠠᠷᠢᠭᠤᠴᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢ  ᠬᠠᠮᠵᠢᠨ ᠨᠠᠮ ᠤᠨ ᠪᠠᠶᠢᠭᠤᠯᠤᠯᠲᠠ᠂ ᠰᠤᠷᠲᠠᠯ ᠤᠬᠠᠭᠤᠯᠭ᠎ᠠ ᠶᠢᠨ ᠦᠵᠡᠯ ᠰᠠᠨᠠᠭ᠎ᠠ ᠰᠣᠶᠣᠯ᠂ ᠦᠵᠡᠯ ᠤᠬᠠᠮᠰᠠᠷ ᠤᠨ ᠬᠡᠯᠪᠡᠷᠢ᠂ ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠠᠵᠢᠯ ᠢ ᠰᠠᠶᠢᠲᠤᠷ ᠠᠳᠬᠤᠵᠤ᠂ ᠲᠣᠪᠴᠢᠶᠠᠨ ᠳᠠᠷᠤᠭ᠎ᠠ ᠶᠢ ᠬᠠᠪᠰᠤᠷᠤᠨ ᠵᠣᠬᠢᠶᠠᠨ ᠪᠠᠶᠢᠭᠤᠯᠤᠯᠲᠠ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠨᠢᠭᠤᠴᠠ ᠮᠠᠲ᠋ᠧᠷᠢᠶᠠᠯ ᠨᠢᠭᠤᠴᠠ ᠶᠢ ᠬᠠᠮᠠᠭᠠᠯᠠᠬᠤ ᠂ ᠣᠯᠠᠨ ᠲᠦᠮᠡᠨ ᠤ ᠪᠦᠯᠬᠦᠮ᠂ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ᠂ ᠬᠠᠤᠯᠢ ᠶᠣᠰᠣᠭᠠᠷ  ᠲᠤᠭᠤᠷᠢᠭ ᠢᠶᠠᠨ ᠵᠠᠰᠠᠬᠤ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠰᠠᠨᠠᠭᠤᠯᠭ᠎ᠠ ᠳᠤᠷᠠᠳᠤᠯᠭ᠎ᠠ ᠶᠢ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ ᠃ ᠳᠠᠭᠠᠭᠠᠴᠢᠯᠠᠨ ᠬᠤᠯᠪᠤᠭᠠᠯᠠᠬᠤ ᠭᠤᠣᠯᠳᠠᠯᠭ᠎ᠠ ᠲᠠᠢ ᠲᠥᠷᠥᠯ ᠵᠦᠢᠯ ᠂  ᠳᠠᠭᠠᠭᠠᠴᠢᠯᠠᠨ ᠬᠤᠯᠪᠣᠭᠠᠯᠠᠬᠤ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠠᠵᠢᠯ  ᠢ ᠠᠬᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠭᠤᠣᠯᠳᠠᠯᠭ᠎ᠠ ᠲᠠᠢ ᠲᠥᠷᠥᠯ ᠵᠦᠢᠯ ᠤᠨ ᠳᠤᠭᠤᠶᠢᠯᠠᠩ ᠢ ᠬᠤᠪᠢᠳᠠᠨ ᠬᠠᠮᠢᠶᠠᠷᠤᠨ᠎ᠠ᠃         ᠵᠣᠣ ᠰᠢᠨ ᠰᠢᠩ      ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ         ᠲᠣᠪᠴᠢᠶᠠᠨ ᠳᠠᠷᠤᠭ᠎ᠠ ᠶᠢ ᠬᠠᠮᠵᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠷᠠᠯᠵᠢᠶ᠎ᠠ ᠶᠢ ᠠᠬᠢᠭᠤᠯᠬᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠬᠠᠮᠢᠶᠠᠷᠬᠤ᠂ ᠭᠠᠳᠠᠭᠠᠳᠤ ᠳᠤ ᠪᠡᠯᠡ ᠣᠷᠣᠭᠤᠯᠬᠤ ᠪᠠ ᠠᠵᠤ ᠠᠬᠤᠢ ᠶᠢᠨ ᠬᠠᠮᠲᠤᠷᠠᠯᠴᠠᠭ᠎ᠠ ᠬᠢᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ ᠃ ᠪᠥᠬᠦ ᠲᠤᠭᠤᠷᠢᠭ ᠤᠨ  ᠬᠤᠳᠠᠯᠳᠤᠭᠠᠴᠢᠨ ᠤᠷᠢᠵᠤ  ᠪᠡᠯᠡ ᠣᠷᠣᠭᠤᠯᠬᠤ ᠠᠵᠢᠯ ᠤᠨ ᠲᠥᠯᠥᠪᠯᠡᠭᠡ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠰᠥᠯ ᠤᠨ ᠨᠠᠶᠢᠳᠠᠪᠤᠷᠢᠵᠢᠭᠤᠯᠤᠯᠲᠠ ᠳᠤ ᠬᠢᠨᠠᠯᠲᠠ ᠲᠠᠯᠪᠢᠵᠤ᠂ ᠬᠢᠶ᠎ᠠ ᠪᠠᠭᠰᠢ ᠲᠣᠭᠤᠷᠢᠭ ᠤᠨ ᠴᠢᠬᠤᠯᠠ ᠶᠡᠭᠡ  ᠬᠤᠳᠠᠯᠳᠤᠭᠠᠴᠢᠨ ᠤᠷᠢᠬᠤ  ᠲᠥᠷᠥᠯ ᠵᠦᠢᠯ ᠢ ᠮᠥᠷᠳᠡᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠪᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠲᠣᠬᠢᠷᠠᠭᠤᠯᠤᠨ ᠮᠡᠳᠡᠭᠡᠯᠡᠬᠦ ᠬᠡᠷᠡᠭᠲᠡᠢ᠃ ᠪᠡᠯᠡ ᠣᠷᠣᠭᠤᠯᠤᠯᠲᠠ ᠶᠢ ᠠᠬᠢᠭᠤᠯᠬᠤ ᠳᠤᠭᠤᠶᠢᠯᠠᠩ ᠢ ᠬᠤᠪᠢᠳᠠᠨ ᠬᠠᠮᠢᠶᠠᠷᠤᠨ᠎ᠠ᠃         ᠵᠢᠶᠠ ᠽᠢ ᠬᠤᠸᠠ    ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠡᠯᠡ ᠣᠷᠣᠭᠤᠯᠤᠯᠲᠠ ᠶᠢ ᠠᠬᠢᠭᠤᠯᠬᠤ  ᠲᠦᠪ  ᠤᠨ ᠡᠷᠬᠢᠯᠡᠭᠴᠢ        ᠲᠣᠪᠴᠢᠶᠠᠨ ᠳᠠᠷᠤᠭ᠎ᠠ ᠶᠢ ᠬᠠᠮᠵᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠬᠢᠷᠠᠭᠤᠯᠤᠯ ᠡᠵᠡᠮᠳᠡᠯ ᠪᠠ ᠬᠡᠷᠡᠭᠯᠡᠭᠡ ᠶᠢ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠪᠥᠬᠦ  ᠲᠤᠭᠤᠷᠢᠭ ᠤᠨ ᠵᠠᠬ᠎ᠠ ᠳᠡᠯᠭᠡᠭᠦᠷ ᠤᠨ ᠠᠵᠢᠯᠯᠠᠭᠠᠨ ᠢ ᠬᠢᠨᠠᠨ ᠬᠡᠮᠵᠢᠬᠦ ᠪᠠ ᠳᠣᠲᠣᠭᠠᠳᠤ ᠠᠷᠠᠯᠵᠢᠶᠠᠨ ᠤ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠦᠲᠦᠭᠡᠨ ᠪᠠᠶᠢᠭᠤᠯᠵᠦ ᠲᠡᠭᠦᠯᠳᠡᠷᠵᠢᠭᠦᠯᠦᠨ᠎ᠡ᠃ ᠬᠤᠳᠠᠯᠳᠤᠭ᠎ᠠ ᠠᠷᠠᠯᠵᠢᠶ᠎ᠠ ᠶᠢᠨ ᠦᠢᠯᠡᠴᠢᠯᠡᠭᠡᠨ ᠤ ᠦᠢᠯᠡᠰ ︵ᠬᠤᠭᠤᠯᠠ ᠤᠮᠳᠠ᠂ ᠬᠤᠨᠤᠭ ᠪᠠᠭᠤᠳᠠᠯ᠂ ᠭᠡᠷ ᠠᠬᠤᠢ ᠶᠢᠨ ᠦᠢᠯᠡᠰ ᠪᠠᠭᠲᠠᠨ᠎ᠠ︶ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠪᠥᠬᠦ  ᠲᠤᠭᠤᠷᠢᠭ ᠤᠨ ᠬᠤᠷᠠᠯ ᠦᠵᠡᠰᠬᠦᠯᠡᠩ ᠤᠨ ᠦᠢᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠬᠢᠯᠢ ᠶᠢᠨ ᠳᠣᠲᠣᠷ᠎ᠠ  ᠬᠤᠷᠠᠯ ᠦᠵᠡᠰᠬᠦᠯᠡᠩ ᠡᠷᠭᠢᠯᠡᠬᠦ ᠠᠵᠢᠯᠯᠠᠭ᠎ᠠ ᠶᠢ ᠬᠠᠮᠢᠶᠠᠷᠤᠨ᠎ᠠ ᠃ ᠵᠠᠬ᠎ᠠ ᠳᠡᠯᠭᠡᠭᠦᠷ ᠤᠨ  ᠰᠢᠰᠲ᠋ᠧᠮ ᠤᠨ ᠪᠠᠶᠢᠭᠤᠯᠤᠯᠲᠠ᠂ ᠪᠣᠯᠪᠠᠰᠤᠷᠠᠭᠤᠯᠤᠭᠰᠠᠨ ᠲᠣᠰᠣᠨ ᠤ ᠬᠠᠮᠢᠶᠠᠷᠤᠯᠲᠠ᠂ ᠮᠢᠬᠠᠨ ᠤ ᠵᠦᠢᠯ ᠤᠨ ᠨᠥᠭᠡᠴᠡᠯᠡᠯᠲᠡ ᠶᠢᠨ ᠬᠠᠮᠢᠶᠠᠷᠤᠯᠲᠠ᠂ ᠡᠮ ᠤᠨ ᠵᠦᠢᠯ ᠤᠨ ᠭᠦᠢᠯᠭᠡᠭᠡᠨ᠂ ᠮᠠᠰᠢᠨ ᠲᠡᠷᠭᠡ ︵ᠭᠠᠷ ᠳᠠᠮᠵᠢᠭᠰᠠᠨ ᠲᠡᠷᠭᠡ︶ ᠶᠢᠨ ᠭᠦᠢᠯᠭᠡᠭᠡᠨ᠂ ᠬᠡᠷᠡᠭᠯᠡᠭᠡᠨ ᠠᠴᠠ ᠭᠠᠷᠭᠠᠭᠰᠠᠨ ᠲᠡᠷᠭᠡ ᠬᠥᠰᠬᠡ ᠶᠢ ᠵᠠᠳᠠᠯᠬᠤ᠂ ᠠᠶᠤᠯ ᠦᠭᠡᠢ ᠦᠢᠯᠡᠳᠪᠦᠷᠢᠯᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠳᠠᠯᠳᠤᠭ᠎ᠠ ᠠᠷᠠᠯᠵᠢᠶ᠎ᠠ ᠶᠢᠨ ᠠᠮᠤᠷ ᠲᠦᠪᠰᠢᠨ ᠤ ᠳᠤᠭᠤᠶᠢᠯᠠᠩ ᠢ ᠬᠤᠪᠢᠳᠠᠨ  ᠬᠠᠮᠢᠶᠠᠷᠤᠨ᠎ᠠ᠃        ᠠᠵᠢᠯ ᠥᠷᠨᠢᠭᠦᠯᠬᠦ ᠳᠤ ᠲᠥᠬᠦᠮ ᠦᠵᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯ ᠤᠨ ᠣᠷᠣ  ᠬᠤᠭᠤᠰᠤᠷᠠᠬᠤ ᠦᠭᠡᠢ᠂ ᠦᠢᠯᠡᠴᠢᠯᠡᠭᠡ ᠲᠠᠰᠤᠷᠠᠯᠲᠠ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠬᠠᠷᠢᠯᠴᠠᠨ AB ᠥᠨᠴᠥᠭ ᠤᠨ ᠤᠳᠤᠷᠢᠳᠤᠯᠭ᠎ᠠ ᠨᠢᠭᠡ ᠲᠠᠯ᠎ᠠ ᠨᠢ ᠬᠤᠷᠠᠯ ᠬᠢᠬᠦ᠂ ᠠᠯᠪᠠᠨ ᠠᠵᠢᠯ ᠢᠶᠠᠷ ᠭᠠᠳᠠᠭᠰᠢ ᠭᠠᠷᠬᠤ᠂ ᠰᠤᠷᠤᠯᠴᠠᠬᠤ᠂ ᠠᠮᠠᠷᠠᠯᠲᠠ ᠠᠪᠬᠤ ᠪᠤᠶᠤ ᠪᠤᠰᠤᠳ ᠪᠠᠴᠢᠮ ᠪᠠᠶᠢᠳᠠᠯ  ᠠᠴᠠ ᠪᠣᠯᠵᠤ ᠠᠵᠢᠯ ᠤᠨ ᠪᠠᠶᠢᠷᠢ ᠳᠠᠭᠠᠨ ᠪᠠᠶᠢᠬᠤ ᠦᠭᠡᠢ ᠪᠣᠯ᠂ ᠪᠠᠶᠢᠷᠢ ᠨᠥᠬᠦᠪᠦᠷᠢᠯᠡᠬᠦ ᠤᠳᠤᠷᠢᠳᠤᠯᠭ᠎ᠠ  ᠠᠴᠠ ᠲᠤᠰᠢᠶᠠᠯ ᠬᠠᠷᠢᠭᠤᠴᠠᠯᠭ᠎ᠠ ᠶᠢ ᠨᠢ ᠣᠷᠣᠯᠠᠨ ᠭᠦᠢᠴᠡᠳᠬᠡᠨ᠎ᠡ᠃ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠡᠯ᠎ᠡ ᠤᠳᠤᠷᠢᠳᠤᠯᠭ᠎ᠠ ᠶᠢᠨ AB ᠥᠨᠴᠥᠭ ᠨᠢ᠄ ᠯᠢᠦ ᠰᠥᠸᠧ ᠵᠤ᠋  ᠨᠥᠬᠦᠷ ᠪᠣᠯᠣᠨ ᠵᠢᠶᠠ ᠽᠢ ᠬᠤᠸᠠ ᠨᠥᠬᠦᠷ ᠬᠠᠷᠢᠯᠴᠠᠨ AB ᠥᠨᠴᠥᠭ ᠪᠣᠯᠣᠨ᠎ᠠ᠃ ᠶᠤᠸᠠᠨ ᠰᠢᠨ ᠨᠥᠬᠦᠷ ᠪᠣᠯᠣᠨ ᠵᠣᠣ ᠰᠢᠨ ᠰᠢᠩ ᠨᠥᠬᠦᠷ ᠪᠣᠯ ᠬᠠᠷᠢᠯᠴᠠᠨ AB  ᠦᠨᠴᠦᠭ  ᠪᠣᠯᠣᠨ᠎ᠠ᠃           ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠨᠡᠪᠴᠢᠭᠦᠯᠬᠦ ᠲᠣᠮᠣ ᠠᠰᠠᠷ ᠤᠨ 9 ᠳ᠋ᠤᠭᠡᠷ ᠠᠰᠠᠷ         ᠠᠵᠢᠯᠯᠠᠬᠤ ᠴᠠᠭ᠄ ᠦᠳᠡ ᠶᠢᠨ ᠡᠮᠦᠨᠡᠬᠢ 9᠄ 00 ︱ 12᠄ 00 ᠦᠳᠡ ᠶᠢᠨ ᠬᠤᠶᠢᠨᠠᠬᠢ 14᠄ 00 ︱ 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶         ᠬᠠᠷᠢᠭᠤᠴᠠᠯᠭᠠᠲᠠᠨ᠄ ᠬᠤᠤᠰᠯᠤᠤ        ᠬᠠᠷᠢᠯᠴᠠᠬᠤ ᠤᠲᠠᠰᠤ᠄ 0477 ︱ 8595797
ᠢᠷᠡᠯᠲᠡ᠄ ᠳᠣᠰ ᠰᠦᠯᠵᠢᠶ᠎ᠡ