ᠺᠠᠩ ᠯᠧ ᠠᠺᠠᠳᠧᠮᠢᠴᠢ ᠨᠠᠷ ᠦᠤᠰᠢᠨ  ᠬᠤᠰᠢᠭᠤᠨ ᠳᠤ ᠰᠢᠨᠵᠢᠯᠡᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/12/15
      12 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠺᠠᠩ ᠯᠧ ᠨᠠᠷ ᠮᠠᠨ ᠤ ᠬᠤᠰᠢᠭᠤᠨ ᠳᠤ ᠰᠢᠨᠵᠢᠯᠡᠨ ᠪᠠᠶᠢᠴᠠᠭᠠᠯᠲᠠ ᠬᠢᠵᠦ᠂ ᠬᠤᠰᠢᠭᠤ ᠨᠠᠮ ᠤᠨ ᠬᠤᠷᠢᠶᠠᠨ ᠤ ᠱᠦᠵᠢ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠢᠶᠠᠨ᠂ ᠬᠤᠰᠢᠭᠤ ᠤᠳᠤᠷᠢᠳᠤᠯᠭ᠎ᠠ ᠵᠧᠦ ᠶᠦᠩ ᠴᠢᠶᠠᠩ᠂ ᠮᠠ ᠶᠠ ᠳ᠋ᠦᠩ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠵᠢᠴᠢ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠯᠲᠠ ᠳᠤ ᠣᠷᠣᠯᠴᠠᠪᠠ᠃ 
6383799557024620591286832.jpg  
      ᠺᠠᠩ ᠯᠧ ᠠᠺᠠᠳᠧᠮᠢᠴᠢ ᠨᠠᠷ ᠤᠷᠢᠳ ᠬᠤᠵᠢᠳ ᠵᠥᠩ ᠲᠢᠶᠠᠨ ᠾᠧ ᠴᠤᠸᠠᠩ ᠺᠤᠮᠫᠠᠨᠢ ᠶᠢᠨ ᠨᠡᠭᠦᠷᠡᠰᠦ ᠶᠢ ᠨᠠᠷᠢᠯᠢᠭ ᠪᠣᠯᠪᠠᠰᠤᠷᠠᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ᠂ ᠪᠦᠦ ᠹᠧᠩ ᠪᠦᠯᠦᠭᠯᠡᠯ ᠤᠨ ᠨᠡᠭᠦᠷᠡᠰᠦ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ᠂ ᠬᠤᠤ ᠲᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠵᠢᠯ ᠤᠨ 100 ᠲᠦᠮᠡᠨ ᠲᠣᠨ ᠤ ᠨᠡᠭᠦᠷᠡᠰᠦᠨ ᠬᠡᠢ ᠶᠢᠨ ᠬᠢᠮᠢ ᠶᠢᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠰᠢᠨᠵᠢᠯᠡᠨ ᠪᠠᠶᠢᠴᠠᠭᠠᠵᠤ ᠦᠦᠰᠢᠨ ᠬᠤᠰᠢᠭᠤᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠨᠡᠭᠦᠷᠡᠰᠦ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠪᠣᠯᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠢ ᠦᠨᠡᠨᠬᠦ ᠨᠤᠲᠠᠯᠠᠵᠤ ᠲᠤᠬᠠᠢ ᠶᠢᠨ ᠲᠠᠯᠠᠪᠠᠶ ᠶᠢᠨ ᠰᠢᠨᠵᠢᠯᠡᠨ ᠪᠠᠶᠢᠴᠠᠭᠠᠬᠤ ᠠᠵᠢᠯᠲᠠᠳ ᠲᠠᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠨᠤᠨᠳᠠᠭ ᠨᠡᠭᠦᠷᠡᠰᠦ ᠶᠢ ᠶᠡᠷᠦᠩᠬᠡᠶᠢᠯᠡᠨ ᠰᠢᠢᠳᠪᠦᠷᠢᠯᠡᠬᠦ ᠲᠤᠬᠠᠢ ᠰᠤᠳᠤᠯᠤᠨ ᠶᠠᠷᠢᠯᠴᠠᠪᠠ᠃            ᠸᠠᠩ ᠵᠢᠶᠠᠨ᠂ ᠺᠠᠩ ᠯᠧ ᠠᠺᠠᠳᠧᠮᠢᠴᠢ ᠨᠠᠷ ᠤᠨ ᠦᠦᠰᠢᠨ ᠬᠤᠰᠢᠭᠤᠨ ᠳᠤ ᠰᠢᠨᠵᠢᠯᠡᠨ ᠪᠠᠶᠢᠴᠠᠭᠠᠵᠤ ᠵᠢᠭᠠᠨ ᠵᠢᠯᠣᠭᠤᠳᠤᠭᠰᠠᠨ ᠳᠤ ᠪᠠᠶᠠᠷᠯᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠦᠦᠰᠢᠨ ᠬᠤᠰᠢᠭᠤᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠲᠠᠨᠢᠯᠴᠠᠭᠤᠯᠭ᠎ᠠ ᠬᠢᠵᠦ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ  ᠪᠠᠶᠢᠨ᠎ᠠ ᠭᠡᠵᠡᠢ᠃                                                                                                             ᠰᠤᠷᠪᠤᠯᠵᠢᠯᠠᠭᠴᠢ᠄ ᠬᠠᠰᠰᠡᠴᠡᠨ᠂ ᠸᠠᠩ ᠴᠢ᠂ ᠵᠢᠢ ᠫᠧᠩ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ