ᠦᠰᠦᠭ ᠪᠢᠴᠢᠭ ᠢᠶᠠᠷ ᠥᠭᠦᠯᠡᠬᠦᠢ᠄ᠮᠠᠨ ᠤ ᠤᠯᠤᠰ ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠣᠶᠢᠷ᠎ᠠ ᠬᠠᠪᠢ ᠳᠤ ᠪᠠᠨ ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠣᠯᠠᠨ ᠨᠡᠶᠢᠲᠡ ᠶᠢᠨ ᠦᠢᠯᠡᠴᠢᠯᠡᠭᠡ ᠶᠢ ᠭᠥᠷᠳᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2023/12/15
      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠳᠠᠮᠵᠢᠭᠤᠯᠤᠨ ᠲᠠᠷᠬᠠᠭᠠᠪᠠ᠃ ᠡᠭᠦᠨ ᠳᠤ ᠳᠤᠷᠠᠳᠤᠭᠰᠠᠨ ᠨᠢ᠂ ᠮᠠᠨ ᠤ ᠤᠯᠤᠰ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ ᠨᠢ 100 ᠲᠦᠮᠡ ᠶᠢ ᠳᠠᠪᠠᠭᠰᠠᠨ ᠲᠣᠮᠣ ᠬᠤᠲᠠ ᠶᠢᠨ ᠳᠣᠲᠣᠷ᠎ᠠ ᠠᠴᠠ 50 ᠣᠷᠴᠢᠮ ᠲᠤᠷᠰᠢᠯᠲᠠ ᠶᠢᠨ ᠬᠤᠲᠠ ᠶᠢ ᠰᠣᠩᠭᠤᠨ ᠨᠡᠶᠢᠭᠡᠮ ᠲᠣᠭᠤᠷᠢᠭ ᠤᠨ ᠰᠢᠭᠢᠳᠬᠡᠯᠳᠦ ᠮᠠᠶ᠋ᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠲᠤᠷᠰᠢᠯᠲᠠ ᠶᠢᠨ ᠬᠤᠲᠠ ᠨᠢᠭᠡᠪᠦᠷᠢ  ᠨᠢ ᠪᠠᠷᠤᠭ 100 ᠨᠡᠶᠢᠭᠡᠮ ᠲᠣᠭᠤᠷᠢᠭ ᠢ ᠰᠣᠩᠭᠤᠨ᠎ᠠ᠃ 2027 ᠣᠨ ᠪᠣᠯᠬᠤ ᠳᠤ᠂ ᠲᠤᠷᠰᠢᠯᠲᠠ ᠶᠢᠨ ᠴᠡᠭ ᠤᠨ ᠪᠦᠷᠢᠯᠳᠦᠭᠦᠯᠦᠭᠰᠡᠨ ᠲᠤᠷᠰᠢᠯᠭ᠎ᠠ ᠠᠷᠭ᠎ᠠ ᠬᠢᠳᠡᠯ ᠪᠠ ᠪᠦᠲᠦᠮᠵᠢᠲᠡᠶ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠳ᠋ᠦᠩᠨᠡᠭᠰᠡᠨ ᠰᠠᠭᠤᠷᠢᠨ ᠳᠡᠭᠡᠷ᠎ᠡ᠂ ᠪᠤᠰᠤᠳ ᠡᠯ᠎ᠡ ᠲᠥᠷᠥᠯ ᠤᠨ ᠬᠤᠲᠠ ᠪᠠ ᠨᠠᠩ ᠣᠯᠠᠨ ᠨᠡᠶᠢᠭᠡᠮ ᠲᠣᠭᠤᠷᠢᠭ ᠲᠤ ᠯᠠᠪᠳᠠᠭᠤᠨ ᠪᠥᠭᠡᠳ ᠡᠮᠬᠢ ᠵᠢᠷᠤᠮ ᠲᠠᠢ ᠳᠡᠯᠭᠡᠷᠡᠭᠦᠯᠵᠦ᠂ ᠰᠠᠭᠤᠭᠠᠯᠢ ᠠᠷᠠᠳ ᠤᠨ ᠣᠶᠢᠷ᠎ᠠ ᠬᠠᠪᠢ ᠳᠤ ᠪᠠᠨ ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠣᠯᠠᠨ ᠨᠡᠶᠢᠲᠡ ᠶᠢᠨ ᠦᠢᠯᠡᠴᠢᠯᠡᠭᠡ ᠭᠥᠷᠳᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃           ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠬᠡᠯᠳᠦ ᠮᠠᠶ᠋ᠢᠭ ᠤᠨ ᠦᠢᠯᠡᠴᠢᠯᠡᠭᠡᠨ ᠤ ᠪᠡᠯᠡᠳᠬᠡᠮᠵᠢ ᠭᠡᠳᠡᠭ ᠨᠢ ᠨᠡᠶᠢᠭᠡᠮ ᠲᠣᠭᠤᠷᠢᠭ ︵ᠵᠢᠵᠢᠭ ᠲᠣᠭᠤᠷᠢᠭ︶ ᠢᠶᠠᠷ ᠨᠢᠭᠡᠴᠢ ᠪᠣᠯᠭᠠᠵᠤ᠂ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ︵ᠵᠢᠵᠢᠭ ᠲᠣᠭᠤᠷᠢᠭ︶ ᠤᠨ ᠣᠯᠠᠨ ᠨᠡᠶᠢᠲᠡ ᠶᠢᠨ ᠣᠷᠣᠨ ᠵᠠᠢ ᠳᠤ ᠴᠢᠳᠠᠮᠵᠢ ᠶᠢᠨ ᠴᠢᠨᠠᠷᠲᠠᠢ ᠪᠡᠯᠡᠳᠬᠡᠮᠵᠢ ᠪᠠ ᠲᠣᠬᠢᠷᠠᠬᠤ ᠴᠢᠨᠠᠷᠲᠠᠢ ᠦᠢᠯᠡᠴᠢᠯᠡᠭᠡ ᠶᠢ ᠰᠢᠭᠢᠳᠬᠡᠨ ᠣᠷᠣᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠰᠤᠲᠠᠨ ᠢ ᠠᠰᠠᠷᠠᠵᠤ ᠨᠠᠶᠢᠳᠠᠨ ᠬᠥᠮᠥᠵᠢᠭᠦᠯᠬᠦ᠂ ᠨᠡᠶᠢᠭᠡᠮ ᠲᠣᠭᠤᠷᠢᠭ ᠤᠨ ᠬᠤᠭᠤᠯᠠᠯᠠᠬᠤ ᠳᠤ ᠲᠤᠰᠠᠯᠠᠬᠤ᠂ ᠭᠡᠷ ᠠᠬᠤᠢ ᠶᠢᠨ ᠲᠥᠬᠦᠮ ᠦᠵᠡᠭᠦᠯᠬᠦ᠂ ᠡᠷᠡᠭᠦᠯ ᠮᠡᠨᠳᠦ ᠶᠢᠨ ᠦᠢᠯᠡᠴᠢᠯᠡᠭᠡ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ᠂ ᠰᠣᠶᠣᠯ ᠰᠡᠯᠡᠭᠦᠴᠡᠯ᠂ ᠬᠡᠦᠬᠡᠳ ᠤᠨ ᠵᠤᠭᠠᠴᠠᠨ ᠠᠮᠠᠷᠠᠬᠤ ᠵᠡᠷᠭᠡ ᠨᠢᠭᠡ ᠵᠦᠢᠯ ᠪᠤᠶᠤ ᠣᠯᠠᠨ ᠵᠦᠢᠯ ᠤᠨ ᠦᠢᠯᠡᠴᠢᠯᠡᠭᠡ ᠬᠠᠩᠭᠠᠬᠤ ᠶᠢ ᠵᠢᠭᠠᠵᠤ ᠪᠣᠶ᠃ ᠣᠨᠣᠪᠴᠢᠵᠢᠭᠤᠯᠬᠤ᠂ ᠬᠡᠪᠴᠢᠶᠡᠵᠢᠭᠦᠯᠬᠦ᠂ ᠵᠠᠬ᠎ᠠ ᠳᠡᠯᠭᠡᠭᠦᠷᠴᠢᠯᠡᠬᠦ ᠵᠠᠷᠴᠢᠮ ᠤᠨ ᠶᠣᠰᠣᠭᠠᠷ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠦᠢᠯᠡᠴᠢᠯᠡᠭᠡᠨ ᠢ ᠡᠩ ᠲᠡᠷᠢᠭᠦᠨ ᠳᠤ ᠪᠠ ᠭᠤᠣᠯᠳᠠᠯᠭ᠎ᠠ ᠲᠠᠢ ᠬᠠᠩᠭᠠᠵᠤ᠂ ᠳᠥᠭᠦᠮ ᠳᠥᠲᠡ ᠪᠥᠭᠡᠳ ᠪᠣᠯᠣᠮᠵᠢᠲᠠᠢ᠂ ᠦᠨ᠎ᠡ ᠬᠠᠩᠰᠢ ᠳᠠᠭᠠᠭᠠᠵᠤ ᠳᠡᠶᠢᠯᠬᠦ᠂ ᠶᠠᠰᠤ ᠴᠢᠨᠠᠷ ᠪᠠᠲᠤᠯᠠᠭ᠎ᠠ ᠲᠠᠢ ᠪᠠᠶᠢᠬᠤ ᠶᠢ ᠦᠨᠡᠨᠬᠦ ᠪᠠᠲᠤᠯᠠᠵᠤ᠂ ᠪᠤᠰᠤᠳ ᠦᠢᠯᠡᠴᠢᠯᠡᠭᠡᠨ ᠢ ᠠᠯᠬᠤᠮ ᠠᠯᠬᠤᠮ ᠢᠶᠠᠷ ᠨᠥᠬᠦᠪᠦᠷᠢᠯᠡᠨ᠎ᠡ᠃          ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠡᠶᠢᠭᠡᠮ ᠤᠨ ᠬᠥᠭᠵᠢᠭᠦᠯᠦᠯᠲᠡ ᠶᠢᠨ ᠵᠤᠷᠭᠠᠨ ᠤ ᠳᠠᠷᠤᠭ᠎ᠠ ᠯᠢᠦ ᠮᠢᠩ ᠢᠯᠡᠷᠬᠡᠶᠢᠯᠡᠬᠦ ᠳᠡᠭᠡᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠭᠡᠮ ᠲᠣᠭᠤᠷᠢᠭ ᠲᠤ ᠣᠷᠭᠠᠨᠢᠭ ᠢᠶᠠᠷ ᠰᠢᠭᠢᠳᠬᠡᠨ ᠣᠷᠣᠭᠤᠯᠵᠤ᠂ ᠣᠯᠠᠨ ᠲᠦᠮᠡᠨ ᠳᠤ ᠡᠭᠦᠳᠡᠨ ᠡᠮᠦᠨ᠎ᠡ᠂ ᠠᠰᠠᠷ ᠤᠨ ᠳᠣᠣᠷ᠎ᠠ ᠴᠢᠨᠠᠷ ᠰᠠᠶᠢᠲᠠᠢ ᠦᠢᠯᠡᠴᠢᠯᠡᠭᠡ ᠡᠳ᠋ᠯᠡᠭᠦᠯᠪᠡᠯ᠂ ᠣᠯᠠᠨ ᠲᠦᠮᠡᠨ ᠢ ᠲᠤᠰᠴᠤ ᠬᠦᠷᠭᠡᠬᠦ᠂ ᠨᠠᠭᠠᠰᠢ ᠴᠠᠭᠠᠰᠢ ᠭᠦᠶᠦᠯᠭᠡᠬᠦ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠵᠦ᠂ ᠨᠠᠰᠤᠲᠠᠨ ᠢ ᠠᠰᠠᠷᠠᠵᠤ ᠨᠠᠶᠢᠳᠠᠨ ᠬᠥᠮᠥᠵᠢᠭᠦᠯᠬᠦ ᠶᠢᠨ ︽ᠭᠡᠷ ᠠᠴᠠ ᠪᠠᠨ ᠰᠠᠯᠬᠤ ᠦᠭᠡᠢ ᠨᠡᠶᠢᠭᠡᠮ ᠲᠣᠭᠤᠷᠢᠭ︾ ᠢ ᠪᠡᠶᠡᠯᠡᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠠᠵᠢᠯᠯᠠᠭᠠᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ ᠪᠣᠯᠣᠨ᠎ᠠ ᠭᠡᠵᠡᠢ᠃ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠡᠷᠡᠭᠴᠡᠭᠡ ᠶᠢ ᠣᠨᠣᠪᠴᠢᠲᠠᠢ ᠬᠠᠩᠭᠠᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠶᠠᠪᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃      ᠪᠣᠳᠠᠲᠠᠢ ᠶᠠᠭᠠᠬᠢᠵᠤ ᠪᠠᠶᠢᠭᠤᠯᠬᠤ ᠪᠣᠶ︖ ᠲᠥᠰᠥᠯ ᠳᠤ᠂ ᠥᠭᠡᠷᠡᠴᠢᠯᠡᠬᠦ ᠪᠠ ᠰᠢᠨ᠎ᠡ ᠪᠠᠷ ᠪᠠᠶᠢᠭᠤᠯᠬᠤ ᠶᠢ ᠤᠶᠠᠯᠳᠤᠭᠤᠯᠬᠤ ᠪᠠᠷ ᠳᠠᠮᠵᠢᠭᠤᠯᠤᠨ᠂ ᠬᠡᠪᠴᠢᠶ᠎ᠡ ᠨᠢ ᠲᠣᠬᠢᠷᠠᠮᠵᠢᠲᠠᠢ᠂ ᠬᠢᠮᠳᠠ ᠪᠥᠭᠡᠳ ᠲᠣᠬᠢᠷᠠᠮᠵᠢᠲᠠᠢ᠂ ᠦᠢᠯᠡᠴᠢᠯᠡᠭᠡ ᠨᠢ ᠥᠨᠳᠥᠷ ᠪᠦᠲᠦᠮᠵᠢᠲᠡᠶ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠎ᠠ᠃ ︵ᠥᠭᠡᠷᠡᠴᠢᠯᠡᠬᠦ︶ ᠴᠢᠳᠠᠮᠵᠢ ᠶᠢᠨ ᠨᠡᠶᠢᠯᠡᠮᠡᠯ ᠬᠤᠷᠠᠮᠠᠯ ᠤᠨ ᠨᠡᠶᠢᠭᠡᠮ ᠲᠣᠭᠤᠷᠢᠭ ᠤᠨ ᠰᠢᠭᠢᠳᠬᠡᠯ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ︵ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ︶ ᠶᠢ ᠭᠤᠣᠯᠳᠠᠯᠭ᠎ᠠ ᠲᠠᠢ ᠳᠡᠯᠭᠡᠷᠡᠭᠦᠯᠬᠦ ᠪᠠ ᠡᠩ ᠲᠡᠷᠢᠭᠦᠨ ᠳᠤ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠲᠤ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ᠲᠦᠷ ᠨᠥᠬᠦᠴᠡᠯ ᠪᠦᠷᠢᠯᠳᠦᠭᠦᠯᠦᠭᠡᠳᠦᠢ ᠨᠡᠶᠢᠭᠡᠮ ᠲᠣᠭᠤᠷᠢᠭ ᠤᠨ ︽ᠠᠯᠠᠭᠯᠠᠬᠤ︾ ᠮᠠᠶ᠋ᠢᠭ ᠤᠨ ᠲᠠᠷᠠᠬᠠᠢ ᠪᠤᠲᠠᠷᠬᠠᠢ ᠪᠠᠷ ᠴᠢᠳᠠᠮᠵᠢ ᠨᠢ ᠬᠠᠷᠢᠴᠠᠩᠭᠤᠢ ᠳᠠᠩ ᠴᠤᠯᠭᠤᠢ ᠪᠡᠯᠡᠳᠬᠡᠮᠵᠢ ᠶᠢ ᠪᠦᠲᠦᠭᠡᠨ ᠪᠠᠶᠢᠭᠤᠯᠵᠤ ᠪᠣᠯᠣᠨ᠎ᠠ᠃ ᠡᠯ᠎ᠡ ᠭᠠᠵᠠᠷ ᠤᠨ ᠬᠢᠨ ᠠᠳᠠᠯᠢ ᠪᠤᠰᠤ ᠬᠤᠲᠠ ᠶᠢᠨ ᠲᠥᠷᠥᠯ ᠬᠡᠯᠪᠡᠷᠢ ᠪᠠ ᠨᠡᠶᠢᠭᠡᠮ ᠲᠣᠭᠤᠷᠢᠭ ᠤᠨ ᠣᠨᠴᠠᠯᠢᠭ ᠢ ᠦᠨᠳᠦᠰᠦᠯᠡᠨ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠪᠠᠶᠢᠭᠤᠯᠬᠤ ᠳᠤ ᠲᠣᠬᠢᠷᠠᠪᠠᠯ ᠪᠠᠶᠢᠭᠤᠯᠵᠤ᠂ ᠥᠭᠡᠷᠡᠴᠢᠯᠡᠬᠦ ᠳᠤ ᠲᠣᠬᠢᠷᠠᠪᠠᠯ ᠥᠭᠡᠷᠡᠴᠢᠯᠡᠵᠦ᠂ ᠬᠤᠲᠠ ᠪᠠᠷ ᠨᠢᠭᠡᠴᠢ ᠪᠣᠯᠭᠠᠨ ᠪᠦᠬᠦᠯᠢ ᠴᠣᠭᠴᠠ ᠪᠠᠷ ᠲᠥᠯᠥᠪᠵᠢᠭᠦᠯᠵᠦ᠂ ᠵᠡᠭᠡᠯᠢ ᠭᠤᠳᠤᠮᠵᠢ ᠪᠤᠶᠤ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ ᠠᠬᠢᠭᠤᠯᠬᠤ ᠬᠡᠷᠡᠭᠲᠡᠢ᠃          ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠳᠡᠳ᠋ ᠳᠠᠷᠤᠭ᠎ᠠ ᠵᠠᠩ ᠶᠠᠨ ᠢᠯᠡᠷᠬᠡᠶᠢᠯᠡᠬᠦ ᠳᠡᠭᠡᠨ᠂ 2024 ᠣᠨ ᠠᠴᠠ ᠡᠬᠢᠯᠡᠨ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠳᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠣᠨᠣᠪᠴᠢᠲᠠᠶ ᠰᠢᠭᠢᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠨᠢᠭᠡᠨᠲᠡ ᠪᠠᠶᠢᠭᠤᠯᠤᠭᠰᠠᠨ ᠪᠠᠷᠢᠯᠭ᠎ᠠ ᠶᠢ ᠰᠢᠨᠡᠳᠬᠡᠨ ᠥᠭᠡᠷᠡᠴᠢᠯᠡᠬᠦ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ ᠰᠢᠨᠡᠳᠬᠡᠨ ᠥᠭᠡᠷᠡᠴᠢᠯᠡᠬᠦ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠮᠢᠵᠢᠷᠠᠯ ᠤᠨ ᠬᠦᠴᠦᠨ ᠲᠠᠢ ᠵᠡᠭᠡᠯᠢ ᠲᠣᠭᠤᠷᠢᠭ ᠢ ᠴᠣᠭᠴᠠᠯᠠᠨ ᠪᠠᠶᠢᠭᠤᠯᠬᠤ ᠵᠡᠷᠭᠡ ᠨᠢ ᠴᠥᠮ ᠨᠡᠶᠢᠭᠡᠮ ᠲᠣᠭᠤᠷᠢᠭ ᠤᠨ ᠰᠢᠭᠢᠳᠬᠡᠯᠳᠦ ᠮᠠᠶ᠋ᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠠᠴᠢᠶᠠᠯᠠᠪᠤᠷᠢ ᠪᠣᠯᠣᠨ᠎ᠠ᠃           ᠠᠷᠠᠳ ᠤᠨ ᠶᠠᠪᠤᠳᠠᠯ ᠤᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠤᠷᠭᠠᠨ ᠤ ᠳᠡᠳ᠋ ᠳᠠᠷᠤᠭ᠎ᠠ ᠯᠢ ᠶᠦᠩ ᠰᠢᠨ ᠢᠯᠡᠷᠬᠡᠶᠢᠯᠡᠬᠦ ᠳᠡᠭᠡᠨ᠂ ᠭᠡᠷ ᠲᠡᠭᠡᠨ ᠰᠠᠭᠤᠵᠤ ᠪᠠᠶᠢᠭ᠎ᠠ ᠬᠥᠮᠥᠰ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠳᠤ ᠣᠷᠭᠠᠨᠢᠭ ᠢᠶᠠᠷ ᠠᠭᠤᠰᠬᠠᠨ ᠣᠷᠣᠭᠤᠯᠬᠤ ᠪᠣᠯ ᠭᠡᠷ ᠲᠡᠭᠡᠨ ᠰᠠᠭᠤᠵᠤ ᠪᠠᠶᠢᠭ᠎ᠠ ᠬᠥᠮᠥᠰ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠬᠦ ᠬᠦᠴᠦᠲᠡᠢ ᠠᠷᠭ᠎ᠠ ᠬᠡᠮᠵᠢᠶ᠎ᠡ ᠮᠥᠨ᠂ ᠡᠨᠡ ᠨᠢ ᠭᠡᠷ ᠲᠡᠭᠡᠨ ᠰᠠᠭᠤᠵᠤ ᠪᠠᠶᠢᠭ᠎ᠠ ᠬᠥᠮᠥᠰ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠨᠠᠰᠤᠲᠠᠶᠢᠴᠤᠳ ᠤᠨ ᠳᠡᠷᠭᠡᠳᠡ ᠲᠦᠷᠭᠡᠨ ᠬᠦᠷᠭᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃          ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠥᠮᠥᠨ ᠠᠮᠠ ᠶᠢᠨ ᠭᠡᠷ ᠪᠦᠯᠢ ᠶᠢᠨ ᠵᠤᠷᠭᠠᠨ ᠤ ᠳᠡᠳ᠋ ᠳᠠᠷᠤᠭ᠎ᠠ ᠰᠢᠦᠢ ᠶᠦᠩ ᠵᠢᠶᠦ᠋ᠨ ᠢᠯᠡᠷᠬᠡᠶᠢᠯᠡᠬᠦ ᠳᠡᠭᠡᠨ᠂ ᠨᠡᠶᠢᠭᠡᠮ ᠲᠣᠭᠤᠷᠢᠭ ᠲᠤ ᠲᠦᠰᠢᠭᠯᠡᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠬᠦ ᠨᠢ ᠥᠪᠡᠷᠮᠢᠴᠡ ᠳᠠᠪᠠᠭᠤᠯᠢᠭ ᠲᠠᠢ ᠶᠤᠮ᠄ ᠨᠢᠭᠡ ᠳᠤ᠂ ᠣᠶᠢᠷ᠎ᠠ ᠬᠠᠪᠢ ᠳᠤᠨᠢ ᠬᠦᠷᠭᠡᠵᠦ ᠥᠭᠬᠦ ᠬᠠᠷᠠᠯᠲᠠ ᠶᠢ ᠪᠡᠶᠡᠯᠡᠭᠦᠯᠵᠦ    ᠪᠣᠯᠣᠨ᠎ᠠ᠂ ᠢᠯᠠᠩᠭᠤᠶ᠎ᠠ ᠣᠷᠣᠰᠢᠨ ᠰᠠᠭᠤᠬᠤ ᠬᠡᠯᠪᠡᠷᠢ ᠶᠢᠨ ᠨᠡᠶᠢᠭᠡᠮ ᠲᠣᠭᠤᠷᠢᠭ ᠨᠢ ᠭᠡᠷ ᠪᠦᠯᠢ ᠶᠢᠨ ᠠᠮᠢᠳᠤᠷᠠᠯ ᠤᠨ ᠣᠷᠴᠢᠨ ᠲᠣᠭᠤᠷᠢᠨ ᠲᠠᠢ ᠠᠳᠠᠯᠢ ᠪᠠᠶᠢᠵᠤ᠂ ᠨᠢᠯᠬ᠎ᠠ ᠬᠡᠦᠬᠡᠳ ᠤᠨ ᠦᠰᠦᠨ ᠪᠤᠶᠢᠵᠢᠯᠲᠠ ᠳᠤ ᠲᠥᠬᠦᠮ ᠦᠵᠡᠭᠦᠯᠦᠨ᠎ᠡ︔ ᠬᠤᠶᠠᠷ ᠲᠤ᠂ ᠨᠡᠶᠢᠭᠡᠮ ᠲᠣᠭᠤᠷᠢᠭ ᠤᠨ ᠢᠵᠢ ᠪᠦᠷᠢᠳᠦᠭᠦᠯᠬᠦ ᠳᠤ ᠬᠡᠷᠡᠭᠯᠡᠬᠦ ᠭᠡᠷ ᠪᠠᠶᠢᠰᠢᠩ᠂ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠢ ᠠᠰᠢᠭᠯᠠᠨ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠵᠤ ᠪᠠᠶᠢᠭᠠᠳ ᠨᠠᠶᠢᠳᠠᠵᠤ ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠬᠠᠩᠭᠠᠨ ᠬᠡᠷᠡᠭᠯᠡᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠦᠢᠯᠡᠴᠢᠯᠡᠭᠡᠨ ᠤ ᠦᠨ᠎ᠡ ᠬᠠᠩᠰᠢ ᠶᠢ ᠪᠠᠭᠤᠷᠠᠭᠤᠯᠵᠤ᠂ ᠨᠡᠶᠢᠳᠡᠮ ᠠᠰᠢᠭ ᠬᠦᠷᠲᠡᠭᠡᠬᠦ ᠬᠠᠷᠠᠯᠲᠠ ᠶᠢ ᠪᠡᠶᠡᠯᠡᠭᠦᠯᠵᠦ ᠪᠣᠯᠣᠨ᠎ᠠ︔ ᠭᠤᠷᠪᠠ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠳᠠᠯ ᠠᠬᠤᠢ᠂ ᠨᠡᠶᠢᠭᠡᠮ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠨᠡᠶᠢᠭᠡᠮ ᠤᠨ ᠬᠦᠴᠦᠨ ᠤ ᠳᠠᠪᠠᠭᠤᠯᠢᠭ ᠢ ᠪᠠᠳᠠᠷᠠᠭᠤᠯᠵᠤ᠂ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠵᠤ ᠪᠣᠯᠣᠨ᠎ᠠ᠃
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ