ᠶᠡᠭᠡ ᠴᠠᠰᠤ ᠣᠷᠣᠵᠤ ᠬᠦᠢᠲᠡᠷᠡᠨ᠎ᠡ
ᠨᠡᠶᠢᠲᠡᠯᠡᠭᠰᠡᠨ ᠴᠠᠭ᠄
2023/12/15
        13 ᠠᠴᠠ 16 ᠤ ᠡᠳᠦᠷ ᠪᠣᠯᠲᠠᠯ᠎ᠠ᠂  ᠬᠦᠢᠲᠡᠨ ᠠᠭᠤᠷ ᠠᠮᠢᠰᠬᠤᠯ  ᠤᠨ ᠨᠥᠯᠥᠭᠡ ᠪᠠᠷ᠂ ᠮᠠᠨ ᠤ ᠤᠯᠤᠰ ᠤᠨ ᠳᠤᠮᠳᠠ ᠵᠡᠭᠦᠨ ᠪᠡᠶ᠎ᠡ ᠳᠤ ᠳᠠᠬᠢᠨ ᠶᠡᠭᠡ ᠬᠡᠪᠴᠢᠶ᠎ᠡ ᠪᠠᠷ ᠴᠠᠰᠤ ᠣᠷᠣᠵᠤ ᠲᠡᠭᠷᠢ ᠬᠦᠢᠲᠡᠷᠡᠨ᠎ᠡ᠃  ᠡᠭᠦᠨ ᠳᠤ ᠥᠪᠥᠷ ᠮᠣᠩᠭᠤᠯ ᠤᠨ ᠳᠤᠮᠳᠠ ᠪᠠᠷᠠᠭᠤᠨ ᠪᠡᠶ᠎ᠡ᠂ ᠤᠮᠠᠷᠠᠲᠤ  ᠣᠷᠣᠨ ᠤ ᠪᠠᠷᠠᠭᠤᠨ ᠪᠡᠶ᠎ᠡ᠂  ᠬᠥᠬᠡᠮᠥ᠋ᠷᠡᠨ ᠤ  ᠡᠮᠦᠨ᠎ᠡ ᠪᠡᠶ᠎ᠡ᠂ ᠭᠦᠢᠵᠧᠦ ᠵᠡᠷᠭᠡ ᠭᠠᠵᠠᠷ ᠣᠷᠣᠨ ᠤ ᠳᠤᠯᠠᠭᠠᠨ ᠤ ᠬᠡᠮᠵᠢᠶ᠎ᠡ 14 ᠭᠷᠡᠳᠦ᠋ᠰ  ᠪᠠᠭᠤᠷᠠᠵᠤ᠂ ᠰᠢᠨᠵᠢᠶᠠᠩ ᠤᠨ ᠠᠭᠤᠯᠠᠨ ᠠᠮᠠᠨ ᠳᠠᠬᠢ ᠣᠷᠣᠨ ᠳᠤ 9 ᠠᠴᠠ 10 ᠳᠡᠰ ᠤᠨ ᠰᠠᠯᠬᠢ ᠰᠠᠯᠬᠢᠯᠠᠨ᠂  ᠬᠡᠰᠡᠭ ᠲᠡᠭᠡᠨ 12 ᠠᠴᠠ 13 ᠲᠡᠰ ᠤᠨ  ᠰᠠᠯᠬᠢ ᠰᠠᠯᠬᠢᠯᠠᠨ᠎ᠠ᠃ ᠥᠨᠥᠳᠥᠷ ᠠᠴᠠ ᠮᠠᠷᠭᠠᠰᠢ  ᠪᠣᠯᠲᠠᠯ᠎ᠠ᠂ ᠱᠠᠨᠰᠢ ᠶᠢᠨ ᠳᠤᠮᠳᠠ ᠪᠡᠶ᠎ᠡ᠂ ᠱᠠᠨ ᠰᠢ ᠶᠢᠨ ᠡᠮᠦᠨ᠎ᠡ ᠪᠡᠶ᠎ᠡ᠂ ᠾᠧᠪᠧᠢ ᠶᠢᠨ ᠡᠮᠦᠨ᠎ᠡ ᠪᠡᠶ᠎ᠡ᠂ ᠪᠡᠭᠡᠵᠢᠩ ᠤᠨ ᠡᠮᠦᠨ᠎ᠡ ᠪᠡᠶ᠎ᠡ᠂ ᠾᠧᠨᠠᠨ ᠤ ᠬᠤᠶᠢᠲᠤ ᠪᠡᠶ᠎ᠡ ᠪᠣᠯᠣᠨ ᠪᠠᠷᠠᠭᠤᠨ ᠪᠡᠶ᠎ᠡ ᠪᠠᠷ ᠶᠡᠭᠡ ᠴᠠᠰᠤ  ᠣᠷᠣᠵᠤ ᠬᠦᠢᠲᠡᠷᠡᠨ᠎ᠡ᠃
ᠢᠷᠡᠯᠲᠡ᠄ ᠲᠥᠪ ᠷᠠᠳᠢᠣ᠋ ᠶᠢᠨ ᠮᠡᠳᠡᠭᠡ