ᠡᠯ᠎ᠡ ᠭᠠᠵᠠᠷ ᠤᠨ ᠬᠢᠨ ᠴᠠᠰᠤ ᠵᠤᠳ ᠢ ᠰᠡᠷᠭᠡᠶᠢᠯᠡᠬᠦ ᠪᠡᠯᠡᠳᠬᠡᠯ ᠠᠵᠢᠯ ᠢᠶᠠᠨ ᠰᠠᠶᠢᠨ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/12/15
      ᠲᠥᠪ ᠤᠨ ᠴᠠᠭ ᠠᠭᠤᠷ ᠤᠨ ᠰᠢᠨᠵᠢᠯᠡᠭᠡᠨ ᠤ  ᠰᠲ᠋ᠠᠨᠼ 14 ᠤ ᠡᠳᠦᠷ ᠤᠨ 6  ᠴᠠᠭ ᠲᠤ ᠦᠷᠭᠦᠯᠵᠢᠯᠡᠨ ᠶᠡᠭᠡ ᠰᠠᠯᠬᠢᠨ ᠰᠠᠯᠬᠢᠯᠠᠬᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠪᠠ ᠴᠠᠰᠤ ᠵᠤᠳ ᠪᠣᠯᠬᠤ ᠰᠡᠷᠡᠮᠵᠢ ᠶᠢᠨ ᠳᠣᠬᠢᠶ᠎ᠠ ᠨᠡᠶᠢᠲᠡᠯᠡᠭᠰᠡᠨ ᠪᠠᠶᠢᠨ᠎ᠠ᠃ ᠵᠢᠱᠢᠵᠦ ᠪᠠᠶᠢᠬᠤ ᠪᠠᠷ᠂ ᠱᠠᠨᠰᠢ ᠶᠢᠨ ᠴᠢᠨ ᠯᠢᠩ ᠨᠢᠷᠤᠭᠤᠨ  ᠤ ᠵᠡᠭᠦᠨ ᠪᠡᠶ᠎ᠡ᠂ ᠬᠤᠪᠧᠢ ᠶᠢᠨ ᠪᠠᠷᠠᠭᠤᠨ ᠬᠤᠶᠢᠲᠤ ᠪᠡᠶ᠎ᠡ᠂ ᠾᠧᠨᠠᠨ ᠤ ᠪᠠᠷᠠᠭᠤᠨ ᠪᠡᠶ᠎ᠡ ᠶᠢᠨ ᠠᠭᠤᠯᠠᠷᠬᠠᠭ ᠣᠷᠣᠨ ᠵᠡᠷᠭᠡ ᠭᠠᠵᠠᠷ ᠲᠤ ᠶᠡᠭᠡ ᠴᠠᠰᠤ ᠪᠤᠶᠤ ᠣᠨᠴᠠ ᠶᠡᠭᠡ ᠴᠠᠰᠤ ᠣᠷᠣᠨ᠎ᠠ᠃ 13 ᠤ ᠡᠳᠦᠷ ᠤᠮᠠᠷᠠᠲᠤ ᠣᠷᠣᠨ᠂ ᠬᠠᠲᠤᠨ ᠭᠤᠣᠯ ᠬᠤᠸᠠᠶᠢᠡᠾᠧ ᠭᠤᠣᠯ ᠤᠨ ᠰᠠᠪᠠ ᠭᠠᠵᠠᠷ ᠲᠤ ᠮᠡᠳᠡᠭᠳᠡᠮ᠎ᠡ ᠴᠠᠰᠤ ᠣᠷᠣᠭᠰᠠᠨ ᠢᠶᠠᠷ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠪᠠᠲᠤᠯᠠᠵᠤ ᠪᠠᠶᠢᠨ᠎ᠠ᠃
default2023-12-14-4255eced96-e962-4122-beb3-a15ac983ad44.jpg
ᠢᠷᠡᠯᠲᠡ᠄ ᠲᠥᠪ ᠷᠠᠳᠢᠣ᠋ ᠶᠢᠨ ᠮᠡᠳᠡᠭᠡ