ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/12/19
       ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 12 ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠵᠦ᠂ ᠵᠢᠯ ᠤᠨ ᠰᠡᠭᠦᠯᠴᠢ ᠪᠠ ᠵᠢᠯ ᠤᠨ ᠡᠬᠢᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃        ᠡᠨᠡ ᠤᠳᠠᠭᠠᠨ ᠤ ᠲᠤᠰᠬᠠᠢ ᠴᠡᠭᠴᠡᠯᠡᠨ ᠵᠠᠰᠠᠯᠲᠠ 12 ᠰᠠᠷ᠎ᠠ ᠶᠢᠨ ᠡᠬᠢᠨ ᠠᠴᠠ 2024 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠪᠣᠯᠲᠠᠯ᠎ᠠ ᠦᠷᠭᠦᠯᠵᠢᠯᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠵᠣᠬᠢᠶᠠᠨ ᠪᠠᠶᠢᠭᠤᠯᠵᠤ ᠤᠳᠤᠷᠢᠳᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠳᠣᠭᠲᠠᠯᠴᠠᠭ᠎ᠠ ᠶᠢ ᠪᠠᠶᠢᠭᠤᠯᠬᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ ᠢ ᠬᠠᠮᠠᠭᠠᠯᠠᠵᠤ ᠶᠡᠷᠦᠩᠬᠡᠶᠢᠯᠡᠨ ᠵᠠᠰᠠᠬᠤ᠂ ᠰᠤᠷᠭᠠᠭᠤᠯᠢ ᠶᠢᠨ ᠬᠦᠷᠢᠶᠡᠨ ᠤ ᠪᠠᠶᠢᠩᠭᠤ ᠶᠢᠨ ᠡᠷᠡᠭᠦᠯ ᠬᠠᠮᠠᠭᠠᠯᠠᠯ ᠪᠠ ᠬᠢᠵᠢᠭ ᠢ ᠰᠡᠷᠭᠡᠶᠢᠯᠡᠬᠦ ᠵᠡᠷᠭᠡ ᠶᠢᠨ ᠲᠣᠭᠤᠷᠢᠨ ᠳᠤ ᠭᠤᠣᠯᠳᠠᠯᠭ᠎ᠠ ᠲᠠᠢ ᠶᠡᠷᠦᠩᠬᠡᠶᠢᠯᠡᠨ ᠴᠡᠭᠴᠡᠯᠡᠨ ᠵᠠᠰᠠᠬᠤ ᠪᠣᠯᠤᠨ᠎ᠠ᠃ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠳᠤ ᠬᠠᠮᠵᠢᠯᠴᠠᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ 4 ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ 12 ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠶᠢᠮᠠᠭ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ︽ᠰᠤᠷᠭᠠᠭᠤᠯᠢ ᠶᠢ ᠬᠠᠮᠠᠭᠠᠯᠠᠵᠤ ᠴᠡᠴᠡᠷᠯᠢᠭ ᠢ ᠠᠮᠤᠷᠵᠢᠭᠤᠯᠬᠤ︾ ᠪᠠᠶᠢᠳᠠᠯ ᠢ ᠲᠤᠰᠬᠠᠢ ᠪᠠᠶᠢᠴᠠᠭᠠᠪᠠ︔ ᠪᠦᠬᠦ ᠣᠷᠣᠨ ᠤ 58 ᠶᠡᠭᠡ ᠳᠡᠭᠡᠳᠦ ᠰᠤᠷᠭᠠᠭᠤᠯᠢ ᠰᠣᠯᠪᠢᠴᠠᠵᠤ ᠬᠠᠷᠢᠯᠴᠠᠨ ᠪᠠᠶᠢᠴᠠᠭᠠᠪᠠ᠃        ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠠᠮᠤᠷ ᠲᠦᠪᠰᠢᠨ ᠤ ᠳᠠᠯᠳᠠ ᠭᠡᠮ ᠤᠨ ᠦᠯᠦ ᠣᠨᠣᠭᠳᠠᠬᠤ ᠭᠠᠵᠠᠷ ᠪᠠ ᠪᠠᠯᠠᠢ ᠭᠠᠵᠠᠷ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢᠨ ᠤᠬᠠᠮᠰᠠᠷ ᠪᠠ ᠡᠭᠦᠷᠭᠡᠯᠡᠯ ᠤᠨ ᠤᠬᠠᠮᠰᠠᠷ ᠢᠶᠠᠨ ᠤᠯᠠᠮ ᠴᠠᠭᠠᠰᠢᠳᠠ ᠴᠢᠩᠭᠠᠳᠬᠠᠵᠤ᠂ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠭᠰᠢ ᠰᠤᠷᠤᠭᠴᠢᠳ ᠤᠨ ᠬᠤᠪᠢ ᠪᠡᠶ᠎ᠡ ᠶᠢᠨ ᠠᠮᠤᠷ ᠲᠦᠪᠰᠢᠨ ᠪᠠ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠵᠢᠷᠤᠮ ᠢ ᠪᠠᠲᠤᠯᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ