ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/21
        ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠳ᠋ᠦ᠋ ᠬᠤᠢ ᠯᠢᠶᠠᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠤᠨ᠂ ︽ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠ ᠡᠮᠦᠨ᠎ᠡ ᠨᠢ ᠶᠠᠪᠤᠵᠤ᠂ ᠳᠠᠭᠤᠷᠢᠶᠠᠯ ᠦᠵᠡᠭᠦᠯᠬᠦ︾ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃               ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠲᠥᠷᠥᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠠᠭᠤᠰᠤᠯᠴᠠᠨ ᠬᠠᠮᠲᠤ ᠣᠷᠣᠰᠢᠬᠤ ᠶᠢ ᠠᠬᠢᠭᠤᠯᠬᠤ ᠲᠠᠪᠴᠠᠩ ᠤᠨ ᠠᠴᠢᠶᠠᠯᠠᠪᠤᠷᠢ ᠶᠢ ᠥᠷᠭᠡᠨ ᠢᠶᠠᠷ ᠪᠠᠶᠢᠭᠤᠯᠵᠤ᠂ ᠦᠨᠳᠦᠰᠦᠲᠡᠨ ᠨᠦᠭᠦᠳ ᠤᠨ ᠵᠣᠷᠢᠭ ᠰᠠᠨᠠᠭ᠎ᠠ ᠶᠢ ᠬᠠᠮᠲᠤᠪᠠᠷ ᠪᠤᠢ ᠪᠣᠯᠭᠠᠵᠤ᠂ ᠠᠮᠢᠳᠤᠷᠠᠯ ᠢ ᠬᠠᠮᠲᠤᠪᠠᠷ ᠠᠭᠤᠰᠤᠯᠴᠠᠭᠤᠯᠬᠤ᠂ ᠬᠥᠭᠵᠢᠯᠲᠡ ᠶᠢ ᠬᠠᠮᠲᠤᠪᠠᠷ ᠡᠳ᠋ᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃               ᠬᠤᠷᠠᠯ ᠠᠴᠠ᠂ ︽ᠪᠥᠬᠦ ᠣᠷᠣᠨ ᠳᠤ ︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠤᠰᠬᠠᠢ ᠲᠥᠰᠥᠯ︾ ᠢ ᠨᠠᠷᠢᠯᠢᠭ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠯ᠎ᠡ ᠲᠥᠷᠥᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠣᠯᠠᠨ ᠵᠦᠢᠯ ᠤᠨ ᠠᠷᠭ᠎ᠠ ᠬᠡᠯᠪᠡᠷᠢ ᠪᠠ ᠠᠴᠢᠶᠠᠯᠠᠪᠤᠷᠢ ᠶᠢᠨ ᠰᠢᠨ᠎ᠡ ᠶᠢ ᠡᠭᠦᠳᠦᠨ ᠶᠡᠷᠦᠩᠬᠡᠶᠢᠯᠡᠨ ᠬᠡᠷᠡᠭᠯᠡᠵᠦ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠦᠨᠡᠨ ᠬᠦ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠬᠡᠪᠴᠢᠶ᠎ᠡ ᠶᠢ ᠤᠷᠲᠤᠳᠬᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ᠂ ᠡᠯ᠎ᠡ ᠲᠦᠷᠦᠯ ᠤᠨ ᠵᠠᠭᠤᠷᠠᠯᠳᠤᠭᠠᠨ ᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ  ᠨᠠᠮ ᠤᠨ ᠠᠴᠢ ᠳᠤ ᠨᠡᠩ ᠴᠢᠩ ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠣᠷᠳᠣᠰ ᠤᠨ ᠡᠳᠦᠷ ᠤᠨ ᠰᠣᠨᠢᠨ