ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭᠠᠨ ᠤ ᠴᠡᠷᠢᠭ ᠠᠩᠭᠢ ᠣᠯᠠᠨ ᠬᠦᠴᠦᠨ ᠲᠣᠮᠢᠯᠠᠵᠤ ᠭᠠᠵᠠᠷ ᠬᠥᠳᠡᠯᠦᠯᠲᠡ ᠠᠴᠠ ᠠᠪᠤᠷᠠᠨ ᠲᠤᠰᠠᠯᠠᠬᠤ ᠠᠵᠢᠯ  ᠳᠤ ᠣᠷᠣᠯᠴᠠᠵᠤ ᠪᠠᠶᠢᠨ᠎ᠠ
ᠨᠡᠶᠢᠲᠡᠯᠡᠭᠰᠡᠨ ᠴᠠᠭ᠄
2023/12/21
         ᠭᠠᠮᠰᠢᠭ ᠪᠣᠯ ᠵᠠᠷᠯᠢᠭ ᠶᠤᠮ᠃ ᠭᠠᠵᠠᠷ ᠬᠥᠳᠡᠯᠦᠭᠰᠡᠨ ᠤ ᠳᠠᠷᠠᠭ᠎ᠠ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭᠠᠨ‌‍ᠣ ᠴᠡᠷᠢᠭ ᠠᠩᠭᠢ ᠲᠡᠷᠡ ᠳᠣᠣᠷ᠎ᠠ  ᠨᠢ ᠭᠠᠵᠠᠷ ᠬᠥᠳᠡᠯᠦᠯᠲᠡ ᠳᠤ ᠭᠠᠮᠰᠢᠭᠳᠠᠭᠰᠠᠨ ᠣᠷᠣᠨ ᠳᠤ  ᠠᠪᠤᠷᠠᠨ  ᠲᠤᠰᠠᠯᠠᠬᠤ  ᠣᠯᠠᠨ‌‍ᠬᠦ᠋ᠴᠦᠨ ᠲᠣᠮᠢᠯᠠᠵᠤ᠂ ᠭᠠᠵᠠᠷ ᠬᠥᠳᠡᠯᠦᠯᠲᠡ ᠠᠴᠠ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃                                ᠪᠠᠷᠠᠭᠤᠨ ᠪᠡᠶ᠎ᠡ ᠶᠢᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠤᠨ ︽ᠵᠥᠭᠡᠭᠡᠪᠦᠷᠢ —  20︾  ᠬᠡᠯᠪᠡᠷᠢ‌‍ᠶᠢᠨ ᠨᠢᠭᠡ ᠨᠢᠰᠬᠡᠯ 19 ᠤ ᠦᠳᠡ  ᠶᠢᠨ ᠡᠮᠦᠨ᠎ᠡ ᠨᠡᠶᠢᠲᠡ 14 ᠲᠣᠨ ᠬᠦᠨᠳᠦ ᠮᠠᠰᠢᠨ ᠤᠨᠤᠭ᠎ᠠ᠂ ᠡᠳ᠋  ᠪᠣᠳᠠᠰ  ᠵᠡᠷᠭᠡ  ᠵᠢ‌ᠠᠴᠢᠵᠤ ᠪᠠᠷᠠᠭᠤᠨ ᠡᠮᠦᠨᠡᠲᠦ ᠶᠢᠨ ᠨᠢᠭᠡ ᠴᠡᠷᠢᠭ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠠᠴᠠ  ᠬᠥᠭᠡᠷᠦᠨ  ᠭᠠᠮᠰᠢᠭ  ᠡᠴᠠ‌ᠠᠪᠤᠷᠠᠨ ᠲᠤᠰᠠᠯᠠᠬᠤ ᠡᠮᠦᠨ᠎ᠡ ᠹᠷᠣᠨᠲ  ᠲᠤ ᠣᠴᠢᠭᠰᠠᠨ ᠪᠠᠶᠢᠨ᠎ᠠ᠃ ᠪᠠᠷᠠᠭᠤᠨ ᠪᠡᠶ᠎ᠡ ᠶᠢᠨ ᠪᠠᠶᠢᠯᠳᠤᠭᠠᠨ   ᠤ  ᠲᠣᠭᠤᠷᠢᠭ  ‍ᠣᠨ‌ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠯᠢ ᠶᠦᠩ ᠬᠤᠩ  ᠬᠡᠯᠡᠬᠦ  ᠳᠡᠭᠡᠨ᠂  ᠭᠠᠮᠰᠢᠭ  ᠠᠴᠠ  ᠠᠪᠤᠷᠠᠨ  ᠲᠤᠰᠠᠯᠠᠬᠤ‌ᠬᠠᠭᠤᠷᠠᠢ ᠠᠭᠠᠷ ᠤᠨ ᠣᠯᠠᠨ ᠬᠦᠴᠦᠨ ᠢ ᠵᠣᠬᠢᠶᠠᠨ ᠪᠠᠶᠢᠭᠤᠯᠵᠤ ᠭᠠᠮᠰᠢᠭ ᠤᠨ  ᠡᠮᠦᠨ᠎ᠡ  ᠹᠷᠣᠨᠲ  ᠲᠤ  ᠶᠠᠭᠠᠷᠠᠯᠲᠠᠢ  ᠬᠦᠷᠴᠦ‌‍ᠪᠠᠶᠢᠯᠳᠤᠭᠠᠨ ᠤ ᠲᠣᠭᠤᠷᠢᠭ ᠤᠨ ᠵᠢᠯᠣᠭᠤᠳᠬᠤ ᠭᠠᠵᠠᠷ ᠲᠣᠬᠢᠷᠠᠭᠤᠯᠵᠤ᠂ ᠴᠡᠷᠢᠭ ᠠᠩᠭᠢ ᠶᠢ ᠵᠣᠬᠢᠶᠠᠨ ᠪᠠᠶᠢᠭᠤᠯᠤᠨ ᠭᠠᠮᠰᠢᠭ ‍ᠣᠨ‌‍ᠪᠠᠶᠢᠳᠠᠯ ᠢ ᠪᠠᠶᠢᠴᠠᠭᠠᠨ ᠰᠢᠨᠵᠢᠬᠦ᠂ ᠬᠥᠮᠥᠨ ᠬᠠᠷ᠎ᠠ ᠶᠢ ᠡᠷᠢᠵᠦ ᠠᠪᠤᠷᠠᠬᠤ᠂ ᠰᠢᠷᠬᠠᠲᠤᠭᠰᠠᠨ ᠬᠥᠮᠥᠰ ᠢ ᠰᠢᠯᠵᠢᠭᠦᠯᠬᠦ ᠪᠠ  ᠣᠯᠠᠨ‌‍ᠲ᠋ᠦ᠋ᠮᠡᠨ ᠢ ᠲᠥᠪᠬᠢᠨᠡᠭᠦᠯᠬᠦ ᠵᠡᠷᠭᠡ ᠠᠵᠢᠯ ᠢ ᠬᠢᠵᠦ ᠪᠠᠶᠢᠨ᠎ᠠ ᠭᠡᠵᠡᠢ᠃                                 ᠠᠭᠠᠷ ᠤᠨ ᠴᠡᠷᠢᠭ ᠤᠨ 76 ᠳ᠋ᠤᠭᠠᠷ ᠨᠢᠭᠡᠳᠬᠡᠯ ᠠᠷᠮᠢ ᠶᠢᠨ  ᠨᠢᠭᠡ  ᠪᠠᠷᠢᠭᠠᠳᠠ  300  ᠳᠠᠷᠤᠭ᠎ᠠ  ᠪᠠᠶᠢᠯᠳᠤᠭᠴᠢ‌‍ᠲ᠋ᠣᠮᠢᠯᠠᠨ ᠬᠦᠨᠳᠤ ᠭᠠᠮᠰᠢᠭᠳᠠᠭᠰᠠᠨ ᠯᠢᠠ ᠰᠢᠶᠠ ᠵᠧᠦ ᠶᠢᠨ ᠵᠢᠢ ᠱᠢ ᠱᠠᠨ ᠰᠢᠶᠠᠨ  ᠤ ᠴᠧᠨ ᠵᠢᠶᠠ ᠼᠦᠨ  ᠲᠣᠰᠬᠤᠨ᠂  ᠯᠢᠦ‌‍ᠭᠸᠦ ᠰᠢᠶᠠᠩ ᠳᠤ ᠶᠠᠭᠠᠷᠠᠯᠲᠠᠢ ᠬᠦᠷᠴᠦ ᠠᠶᠤᠯ ᠭᠠᠮᠰᠢᠭ ᠠᠴᠠ ᠠᠪᠤᠷᠠᠨ ᠲᠤᠰᠠᠯᠠᠵᠤ ᠪᠠᠶᠢᠨ᠎ᠠ᠃ ᠰᠤᠷᠪᠤᠯᠵᠢᠯᠠᠭᠴᠢ ᠲᠤᠰ ᠮᠡᠳᠡᠭᠡ‌‍ᠶᠢ ᠨᠡᠶᠢᠲᠡᠯᠡᠬᠦ ᠪᠣᠯᠲᠠᠯ᠎ᠠ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠣᠷᠣᠨ ᠨᠤᠲᠤᠭ ᠤᠨ ᠵᠠᠰᠠᠭ   ᠤᠨ  ᠣᠷᠳᠣᠨ  ᠲᠠᠢ‌ᠬᠠᠮᠵᠢᠯᠴᠠᠨ 130 ᠬᠥᠮᠥᠨ ᠢ ᠰᠢᠯᠵᠢᠭᠦᠯᠵᠦ᠂ 1450 ᠭᠠᠷᠤᠢ ᠣᠷᠣᠨ ᠰᠠᠭᠤᠴᠠ ᠶᠢ ᠰᠢᠯᠭᠠᠨ ᠪᠠᠶᠢᠴᠠᠭᠠᠭᠠᠳ ᠪᠠᠶᠢᠨ᠎ᠠ᠃
ᠢᠷᠡᠯᠲᠡ᠄ ᠠᠷᠠᠳ ᠤᠨ ᠰᠦᠯᠵᠢᠶ᠎ᠡ