2024 ᠣᠨ ᠳᠤ ᠲᠡᠭᠦᠰᠬᠦ ᠣᠶᠤᠲᠠᠳ ᠤᠨ ᠲᠤᠭ᠎ᠠ 1179 ᠲᠦᠮᠡ ᠳᠤ ᠬᠦᠷᠬᠦ ᠪᠣᠯᠣᠨ᠎ᠠ
ᠨᠡᠶᠢᠲᠡᠯᠡᠭᠰᠡᠨ ᠴᠠᠭ᠄
2023/12/21
        ᠰᠡᠭᠦᠯ ᠤᠨ ᠦᠶ᠎ᠡ ᠶᠢᠨ ᠲᠤᠭ᠎ᠠ ᠪᠦᠷᠢᠳᠬᠡᠯ ᠠᠴᠠ ᠦᠵᠡᠪᠡᠯ᠂ 2024 ᠣᠨ ᠤ ᠪᠦᠬᠦ ᠤᠯᠤᠰ ᠤᠨ ᠡᠩ ᠤᠨ ᠶᠡᠭᠡ‌‍ᠲ᠋ᠡᠭᠡᠳᠦ ᠰᠤᠷᠭᠠᠭᠤᠯᠢ ᠠᠴᠠ ᠲᠡᠭᠦᠰᠬᠦ ᠣᠶᠤᠲᠠᠳ ᠤᠨ  ᠲᠤᠭ᠎ᠠ  ᠵᠢᠱᠢᠵᠦ  ᠪᠠᠶᠢᠬᠤ ᠪᠠᠷ᠂  1179  ᠲᠦᠮᠡ ᠳᠤ  ᠬᠦᠷᠴᠦ᠂ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21 ᠲᠦᠮᠡ ᠨᠡᠮᠡᠭᠳᠡᠬᠦ ᠪᠣᠯᠣᠨ᠎ᠠ᠃ ᠰᠤᠷᠭᠠᠨ ᠬᠥᠮᠥᠵᠢᠯ ᠤᠨ  ᠶᠠᠮᠤᠨ  26ᠵᠤᠷᠪᠤᠰ ᠠᠷᠭ᠎ᠠ ᠪᠣᠳᠣᠯᠭ᠎ᠠ ᠳᠤᠷᠠᠳᠴᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠠᠵᠢᠯ ᠣᠯᠬᠤ ᠵᠢ‌‍ᠪᠦ᠋ᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃                               ᠣᠳᠣᠬᠠᠨ ᠳᠤ᠂ 2024  ᠣᠨ ᠤ  ᠶᠡᠭᠡ  ᠳᠡᠭᠡᠳᠦ  ᠰᠤᠷᠭᠠᠭᠤᠯᠢ ᠶᠢᠨ  ᠲᠡᠭᠦᠰᠬᠦ  ᠣᠶᠤᠲᠠᠳ ᠤᠨ  ᠨᠠᠮᠤᠷ ‍ᠤᠨ‌ᠤᠯᠠᠷᠢᠯ ᠤᠨ ᠠᠵᠢᠯ ᠳᠤ ᠡᠯᠰᠡᠬᠦ ᠠᠵᠢᠯ ᠵᠠᠩᠭᠢᠯᠠᠭ᠎ᠠ ᠶᠢᠨ ᠴᠠᠭ ᠦᠶ᠎ᠡ ᠳᠡᠭᠡᠨ  ᠣᠷᠣᠵᠤ᠂  ᠡᠯ᠎ᠡ  ᠭᠠᠵᠠᠷ ᠤᠨ  ᠶᠡᠭᠡ  ᠳᠡᠭᠡᠳᠦ‌‍ᠰᠤᠷᠭᠠᠭᠤᠯᠢ ᠣᠯᠠᠨ ᠲᠥᠷᠥᠯ ᠤᠨ ᠠᠵᠢᠯ ᠣᠯᠭᠤᠯᠲᠠ ᠶᠢᠨ ᠬᠤᠷᠠᠯ ᠴᠤᠭᠯᠠᠭᠠᠨ ᠢ ᠡᠷᠬᠢᠯᠡᠨ  ᠬᠢᠵᠦ  ᠪᠠᠶᠢᠨ᠎ᠠ᠃  ᠣᠶᠢᠷ᠎ᠠ ᠳ᠋ᠤ᠋‌‍ᠪᠣᠯᠣᠭᠰᠠᠨ ᠴᠦᠩᠴᠢᠩ ᠬᠤᠲᠠ ᠶᠢᠨ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ  ᠣᠶᠤᠲᠠᠳ ‍ᠤᠨ‌ᠠᠵᠢᠯ ᠣᠯᠭᠤᠯᠲᠠ ᠶᠢᠨ ᠶᠡᠭᠡ ᠬᠡᠪᠴᠢᠶᠡᠨ ᠤ ᠬᠤᠷᠠᠯ ᠴᠤᠭᠯᠠᠭᠠᠨ ᠳᠡᠭᠡᠷ᠎ᠡ᠂  ᠪᠦᠬᠦ  ᠤᠯᠤᠰ ᠤᠨ  ᠡᠯ᠎ᠡ  ᠭᠠᠵᠠᠷ ᠤᠨ  400ᠭᠠᠷᠤᠢ ᠠᠵᠢᠯᠲᠠᠨ ᠡᠯᠰᠡᠬᠦ ᠪᠠᠶᠢᠭᠤᠯᠭ᠎ᠠ ᠨᠢᠭᠡᠴᠠ 1 ᠲᠦᠮᠡ 1000 ᠭᠠᠷᠤᠢ  ᠠᠵᠢᠯ ᠤᠨ  ᠪᠠᠶᠢᠷᠢ  ᠬᠠᠩᠭᠠᠵᠠᠢ᠃  ᠰᠤᠷᠭᠠᠨ‌‍ᠬᠥ᠋ᠮᠥᠵᠢᠯ ᠤᠨ  ᠶᠠᠮᠤᠨ ᠤ  ᠪᠦᠷᠢᠳᠬᠡᠭᠰᠡᠨ ᠪᠠᠷ᠂  2024  ᠣᠨ ᠳᠤ  ᠪᠦᠬᠦ  ᠤᠯᠤᠰ ᠤᠨ   ᠡᠩ ᠤᠨ   ᠶᠡᠭᠡ   ᠳᠡᠭᠡᠳᠦ‌‍ᠰᠤᠷᠭᠠᠭᠤᠯᠢ ᠠᠴᠠ ᠲᠡᠭᠦᠰᠬᠦ ᠣᠶᠤᠲᠠᠳ ᠤᠨ ᠲᠤᠭ᠎ᠠ ᠵᠢᠱᠢᠵᠦ ᠪᠠᠶᠢᠬᠤ ᠪᠠᠷ 1179  ᠲᠦᠮᠡ ᠳᠤ  ᠬᠦᠷᠴᠦ᠂  ᠨᠢᠳᠤᠨᠤᠨ ‍ᠤ‌ᠠᠳᠠᠯᠢ ᠬᠤᠭᠤᠴᠠᠭᠠᠨ ᠤ ᠬᠢ ᠠᠴᠠ 21 ᠲᠦᠮᠡ ᠨᠡᠮᠡᠭᠳᠡᠬᠦ ᠪᠣᠯᠣᠨ᠎ᠠ᠃ ᠰᠤᠷᠭᠠᠨ ᠬᠥᠮᠥᠵᠢᠯ ᠤᠨ ᠶᠠᠮᠤᠨ ᠤ ᠬᠢᠨ  ︽2024ᠣᠨ ᠤ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠣᠶᠤᠲᠠᠳ ᠲᠤ ᠠᠵᠢᠯ ᠣᠯᠭᠤᠵᠤ᠂  ᠦᠢᠯᠡᠰ‌‍ᠪᠦ᠋ᠲᠦᠭᠡᠬᠦ ᠠᠵᠢᠯ ᠢ ᠰᠠᠶᠢᠨ ᠬᠢᠬᠦ  ᠲᠤᠬᠠᠢ  ᠮᠡᠳᠡᠭᠳᠡᠯ︾ ᠢ  ᠳᠠᠷᠤᠮᠠᠯᠯᠠᠨ  ᠲᠠᠷᠬᠠᠭᠠᠵᠤ᠂  26  ᠵᠤᠷᠪᠤᠰ  ᠠᠷᠭ᠎ᠠ  ᠪᠣᠳᠣᠯᠭ᠎ᠠ‌‍ᠲ᠋ᠤᠷᠠᠳᠤᠭᠰᠠᠨ ᠶᠤᠮ᠃ ︽ᠮᠡᠳᠡᠭᠳᠡᠯ︾ ᠳᠤ ᠴᠢᠬᠤᠯᠠᠴᠢᠯᠠᠬᠤ ᠳᠠᠭᠠᠨ᠂ ᠵᠠᠬ᠎ᠠ ᠳᠡᠯᠭᠡᠭᠦᠷ ᠤᠨ ᠠᠷᠭ᠎ᠠ ᠮᠠᠶ᠋ᠢᠭ ᠢᠶᠠᠷ ᠠᠵᠢᠯᠯᠠᠭᠰᠠᠨ᠂ᠨᠡᠶᠢᠭᠡᠮᠴᠢᠯᠡᠭᠰᠡᠨ  ᠠᠵᠢᠯ  ᠣᠯᠭᠤᠯᠲᠠ ᠶᠢᠨ  ᠵᠠᠮ  ᠱᠤᠭᠤᠮ ᠢ  ᠡᠷᠴᠢᠮᠲᠡᠢ  ᠥᠷᠭᠡᠳᠬᠡᠵᠦ᠂  ︽ᠲᠦᠮᠡᠨ  ᠠᠵᠤ  ᠠᠬᠤᠶᠢᠯᠠᠯ‌‍ᠰᠤᠷᠭᠠᠭᠤᠯᠢ ᠶᠢᠨ ᠬᠦᠷᠢᠶᠡᠨ ᠳᠤ ᠢᠷᠡᠬᠦ︾ ᠲᠥᠯᠥᠪᠯᠡᠭᠡ ᠶᠢ  ᠬᠡᠷᠡᠭᠵᠢᠭᠦᠯᠵᠦ᠂  ᠠᠵᠢᠯᠲᠠᠨ  ᠡᠯᠰᠡᠬᠦ  ᠪᠠᠶᠢᠭᠤᠯᠭ᠎ᠠ  ᠨᠢᠭᠡᠴᠠ ᠵᠢ‌‍ᠰᠠᠨᠠᠭᠠᠴᠢᠯᠠᠭ᠎ᠠ ᠠᠴᠠ ᠪᠠᠨ ᠰᠤᠷᠭᠠᠭᠤᠯᠢ ᠳᠤ  ᠤᠷᠢᠵᠤ᠂  ᠠᠵᠢᠯᠲᠠᠨ  ᠡᠯᠰᠡᠬᠦ  ᠠᠵᠢᠯᠯᠠᠭ᠎ᠠ  ᠵᠣᠬᠢᠶᠠᠨ  ᠪᠠᠶᠢᠭᠤᠯᠵᠤ᠂  ᠡᠳᠡᠭᠡᠷ‌ᠠᠵᠢᠯᠲᠠᠨ ᠡᠯᠰᠡᠬᠦ ᠠᠵᠢᠯᠯᠠᠭ᠎ᠠ ᠨᠢᠭᠡᠪᠦᠷᠢ ᠶᠢᠨ ᠪᠣᠳᠠᠲᠠᠢ ᠦᠢᠯᠡᠳᠦᠯ ᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃                              ᠡᠭᠦᠨ ᠤ ᠬᠠᠮᠲᠤ  ︽ᠮᠡᠳᠡᠭᠳᠡᠯ︾ ᠳᠤ  ᠮᠥᠨ  ᠴᠢᠬᠤᠯᠠᠴᠢᠯᠠᠬᠤ ᠳᠠᠭᠠᠨ᠂  ᠲᠥᠷᠥ ᠶᠢᠨ  ᠪᠣᠳᠣᠯᠭ᠎ᠠ ᠶᠢᠨ  ᠴᠢᠨᠠᠷᠲᠠᠢ‌ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠦᠢᠯᠡᠳᠦᠯ ᠢ ᠭᠦᠢᠴᠡᠳ ᠪᠠᠳᠠᠷᠠᠭᠤᠯᠬᠤ  ᠬᠡᠷᠡᠭᠲᠡᠢ᠃  ᠡᠯ᠎ᠡ  ᠭᠠᠵᠠᠷ ᠤᠨ  ᠬᠢᠨ ᠢ‌ᠵᠣᠷᠢᠭᠵᠢᠭᠤᠯᠵᠤ᠂ ᠬᠠᠷᠠᠭᠠᠯᠵᠠᠯ ᠲᠠᠢ ᠲᠥᠷᠥ ᠶᠢᠨ ᠪᠣᠳᠣᠯᠭ᠎ᠠ ᠲᠣᠭᠲᠠᠭᠠᠵᠤ᠂ ᠨᠡᠩ ᠣᠯᠠᠨ ᠲᠡᠭᠦᠰᠬᠦ ᠣᠶᠤᠲᠠᠳ ᠢ ᠦᠨᠳᠦᠰᠦᠨ‌‍ᠱᠠᠲᠤ ᠪᠠ ᠨᠢᠭᠡᠳᠦᠭᠡᠷ ᠹᠷᠣᠨᠲ ᠲᠤ ᠣᠴᠢᠭᠤᠯᠤᠨ᠂ ᠠᠳᠠᠯ ᠦᠢᠯᠡᠰ ᠪᠦᠲᠦᠭᠡᠯᠭᠡᠬᠦ ᠬᠡᠷᠡᠭᠲᠡᠢ ᠭᠡᠵᠡᠢ᠃                      ︽ᠮᠡᠳᠡᠭᠳᠡᠯ︾ ᠳᠤ  ᠮᠥᠨ  ᠴᠢᠬᠤᠯᠠᠴᠢᠯᠠᠬᠤ ᠳᠠᠭᠠᠨ᠂  ᠣᠶᠤᠲᠠᠳ ᠤᠨ  ᠲᠡᠭᠦᠰᠦᠭᠰᠡᠨ ᠠᠴᠠ  ᠬᠤᠶᠢᠨᠠᠬᠢ   ᠠᠵᠢᠯ‌ᠣᠯᠣᠭᠰᠠᠨ ᠪᠠᠶᠢᠳᠠᠯ ᠢ ᠳᠠᠩᠰᠠᠯᠠᠬᠤ ᠲᠣᠭᠲᠠᠴᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂  ᠠᠵᠢᠯ  ᠣᠯᠭᠤᠯᠲᠠ ᠶᠢᠨ  ᠲᠤᠭ᠎ᠠ‌‍ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠶᠢ  ᠪᠠᠲᠤᠯᠠᠬᠤ  ᠬᠡᠷᠡᠭᠲᠡᠢ  ᠭᠡᠵᠡᠢ᠃  ᠰᠤᠷᠭᠠᠨ  ᠬᠥᠮᠥᠵᠢᠯ ‍ᠦᠨ‌‍ᠶᠠᠮᠤᠨ ᠤ ᠰᠠᠶᠢᠳ ᠬᠤᠸᠠᠢ ᠶᠢᠨ ᠫᠧᠩ ᠴᠢᠬᠤᠯᠠᠴᠢᠯᠠᠬᠤ ᠳᠠᠭᠠᠨ᠂ ᠶᠡᠭᠡ ᠳᠡᠭᠡᠳᠦ  ᠰᠤᠷᠭᠠᠭᠤᠯᠢ ᠶᠢᠨ  ᠠᠵᠢᠯ  ᠣᠯᠭᠤᠯᠲᠠ ᠵᠢᠨ‌‍ᠪᠠᠶᠢᠳᠠᠯ ᠢ ᠮᠥᠷᠳᠡᠨ  ᠪᠠᠶᠢᠴᠠᠭᠠᠬᠤ  ᠠᠵᠢᠯ ᠢ  ᠭᠦᠨᠵᠡᠭᠡᠢ  ᠥᠷᠨᠢᠭᠦᠯᠵᠦ᠂  ᠶᠡᠭᠡ  ᠳᠡᠭᠡᠳᠦ  ᠰᠤᠷᠭᠠᠭᠤᠯᠢ ᠶᠢ  ᠵᠢᠯᠣᠭᠤᠳᠴᠤ‌‍ᠪᠠᠶᠢᠭᠠᠳ᠂ ᠲᠤᠰᠬᠠᠢ ᠮᠡᠷᠭᠡᠵᠢᠯ ᠢ ᠨᠢ ᠴᠠᠭ ᠲᠤᠬᠠᠢ ᠳᠤᠨᠢ ᠰᠢᠯᠢᠳᠡᠭᠵᠢᠭᠦᠯᠦᠨ ᠲᠣᠬᠢᠷᠠᠭᠤᠯᠵᠤ᠂ ᠴᠢᠳᠠᠪᠤᠷᠢᠲᠠᠨ ᠢ ᠬᠥᠮᠥᠵᠢᠭᠦᠯᠬᠦ‌‍ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ  ᠬᠡᠷᠡᠭᠲᠡᠢ ᠭᠡᠵᠡᠢ᠃
ᠢᠷᠡᠯᠲᠡ᠄ ᠠᠷᠠᠳ ᠤᠨ ᠰᠦᠯᠵᠢᠶ᠎ᠡ