ᠰᠤᠷᠭᠠᠨ ᠬᠥᠮᠦᠵᠢᠯ ᠤᠨ ᠶᠠᠮᠤᠨ᠄ ᠰᠤᠷᠤᠯᠭ᠎ᠠ ᠶᠢᠨ ᠵᠢᠯ ᠪᠦᠷᠢ ᠰᠤᠷᠤᠭᠴᠢᠳ ᠲᠤ ᠨᠠᠭᠠᠳᠤ ᠵᠠᠬ᠎ᠠ ᠳᠠᠭᠠᠨ ᠨᠢᠭᠡ ᠤᠳᠠᠭᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠤᠨ ᠲᠤᠬᠠᠢ ᠦᠨᠡᠯᠡᠨ ᠵᠢᠱᠢᠯᠲᠡ ᠬᠢᠨ᠎ᠡ
ᠨᠡᠶᠢᠲᠡᠯᠡᠭᠰᠡᠨ ᠴᠠᠭ᠄
2023/12/26
        ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭᠠᠵᠤ᠂  ᠪᠥᠬᠦ ᠤᠯᠤᠰ ᠤᠨ ᠰᠤᠷᠤᠭᠴᠢᠳ ᠤᠨ  ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ  ᠵᠥᠪᠯᠡᠯᠭᠡ ᠥᠭᠬᠦ ᠺᠣᠮᠢᠰ ᠪᠠᠶᠢᠭᠤᠯᠪᠡ ᠬᠡᠵᠡᠢ᠃ ᠰᠤᠷᠪᠤᠯᠵᠢᠯᠠᠭᠴᠢ ᠲᠣᠰ ᠵᠥᠪᠯᠡᠯᠭᠡ ᠥᠭᠬᠦ ᠺᠣᠮᠢᠰ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠶᠠᠭ ᠶᠡᠭᠡ ᠰᠤᠷᠭᠠᠭᠤᠯᠢ᠂ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠱᠠᠲᠤᠨ ᠳᠤ ᠲᠤᠭᠤᠰᠢᠯᠠᠭᠳᠠᠬᠤ ᠰᠤᠷᠤᠭᠴᠢᠳ ᠤᠨ ᠰᠡᠳᠬᠢᠴᠡ ᠶᠢᠨ ᠡᠷᠡᠭᠦᠯ‌ᠮᠡᠨᠳᠦ ᠶᠢ ᠰᠢᠯᠭᠠᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ ᠪᠠᠶᠢᠬᠤ ᠪᠦᠭᠡᠳ  ᠰᠤᠷᠤᠭᠴᠢᠳ ᠲᠤ ᠵᠢᠯ  ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠤᠨ ᠲᠤᠬᠠᠶ ᠦᠨᠡᠯᠡᠨ ᠵᠢᠱᠢᠯᠲᠡ ᠬᠢᠬᠦ  ᠪᠠᠷ ᠪᠠᠶᠢᠨ᠎ᠠ᠃        ᠪᠦᠬᠦ ᠤᠯᠤᠰ ᠤᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠵᠥᠪᠯᠡᠯᠭᠡ ᠥᠭᠬᠦ ᠺᠣᠮᠢᠰ ᠨᠢ‌‍ᠪᠦ᠋ᠬᠦ ᠤᠯᠤᠰ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ  ᠰᠡᠳᠬᠢᠴᠡ ᠶᠢᠨ  ᠡᠷᠡᠭᠦᠯ  ᠮᠡᠨᠳᠦ ᠶᠢᠨ  ᠠᠵᠢᠯ ᠢ  ᠰᠤᠳᠤᠯᠬᠤ᠂ ᠵᠥᠪᠯᠡᠯᠭᠡ ᠥᠭᠬᠦ᠂ ᠰᠢᠯᠭᠠᠨ ᠪᠠᠶᠢᠴᠠᠭᠠᠬᠤ᠂ ᠦᠨᠡᠯᠡᠨ ᠵᠢᠱᠢᠬᠦ ᠪᠠ  ᠰᠢᠨᠵᠢᠯᠡᠬᠦ  ᠤᠬᠠᠭᠠᠨᠴᠢ ᠪᠠᠷ  ᠲᠦᠭᠡᠮᠡᠯᠵᠢᠭᠦᠯᠬᠦ  ᠠᠵᠢᠯ ᠢ‌ᠬᠠᠷᠢᠭᠤᠴᠠᠨ᠎ᠠ᠃ ᠲᠠᠨᠢᠯᠴᠠᠭᠤᠯᠤᠭᠰᠠᠨ ᠢ ᠦᠨᠳᠦᠰᠦᠯᠡᠪᠡᠯ᠂ ᠵᠥᠪᠯᠡᠯᠭᠡ ᠥᠭᠬᠦ ᠺᠣᠮᠢᠰ ᠨᠢ ᠣᠲᠣ ᠶᠠᠭ ᠰᠤᠷᠭᠠᠭᠤᠯᠢ ᠶᠢᠨ ᠪᠠᠭᠰᠢ‌ᠨᠠᠷ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ  ᠤ  ᠴᠢᠳᠠᠪᠤᠷᠢ ᠶᠢ  ᠬᠡᠷᠬᠢᠨ  ᠰᠢᠰᠲ᠋ᠧᠮᠲᠦ  ᠴᠢᠨᠠᠷᠲᠠᠶ ᠪᠠᠷ‌‍ᠲ᠋ᠡᠭᠡᠭᠰᠢᠯᠡᠭᠦᠯᠬᠦ ᠲᠤᠬᠠᠶ ᠰᠤᠳᠤᠯᠵᠤ ᠪᠠᠶᠢᠬᠤ ᠪᠦᠭᠡᠳ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ  ᠡᠳᠦᠷ‌‍ᠲ᠋ᠤᠲᠤᠮ ᠤᠨ ᠵᠢᠭᠠᠨ ᠰᠤᠷᠭᠠᠯᠲᠠ ᠶᠢᠨ ᠠᠵᠢᠯ ᠳᠤ ᠣᠷᠣᠭᠤᠯᠵᠤ ᠪᠠᠶᠢᠨ᠎ᠠ᠃        ᠰᠤᠷᠭᠠᠨ ᠬᠥᠮᠦᠵᠢᠯ ᠤᠨ ᠶᠠᠮᠤᠨ ᠤ ᠱᠠᠭᠠᠷᠳᠠᠯᠭ᠎ᠠ ᠶᠣᠰᠣᠭᠠᠷ᠂ ᠪᠥᠬᠦ ᠤᠯᠤᠰ ᠤᠨ ᠰᠤᠷᠤᠭᠴᠢᠳ ᠤᠨ ᠰᠡᠳᠬᠢᠴᠡ ᠵᠢᠨ‌ᠡᠷᠡᠭᠦᠯ ᠮᠡᠨᠳᠦ ᠶᠢᠨ ᠠᠵᠢᠯ ᠤᠨ ᠵᠥᠪᠯᠡᠯᠭᠡ ᠥᠭᠬᠦ ᠺᠣᠮᠢᠰ ᠨᠢ ᠰᠤᠷᠤᠯᠭ᠎ᠠ ᠶᠢᠨ  ᠵᠢᠯ  ᠪᠦᠷᠢ ᠳᠤ  ᠶᠡᠭᠡ  ᠳᠤᠮᠳᠠᠳᠤ  ᠪᠠᠭ᠎ᠠ‌‍ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠳᠤ ᠨᠢᠭᠡ ᠤᠳᠠᠭᠠᠨ ᠤ ᠦᠨᠡᠯᠡᠨ ᠵᠢᠱᠢᠯᠲᠡ‌‍ᠬᠢᠵᠦ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠣᠳᠣᠬᠢ ᠪᠠᠶᠢᠳᠠᠯ᠂ ᠬᠥᠭᠵᠢᠯᠲᠡ ᠶᠢᠨ  ᠪᠠᠶᠢᠳᠠᠯ᠂ᠣᠷᠣᠰᠢᠵᠤ ᠪᠠᠶᠢᠭ᠎ᠠ ᠠᠰᠠᠭᠤᠳᠠᠯ ᠵᠢᠴᠢ ᠠᠵᠢᠯ ᠤᠨ ᠰᠠᠨᠠᠭᠤᠯᠭ᠎ᠠ ᠶᠢ ᠣᠨᠣᠪᠴᠢᠲᠠᠶ ᠡᠵᠡᠮᠰᠢᠬᠦ ᠪᠤᠯᠤᠨ᠎ᠡ᠃ ᠬᠤᠯᠪᠣᠭᠳᠠᠯ ᠪᠥᠬᠦᠶ ᠡᠷᠳᠡᠮᠲᠡᠳ  ᠬᠡᠯᠡᠬᠦ ᠳᠡᠭᠡᠨ᠂  ᠣᠳᠣᠬᠠᠨ ᠳᠤ  ᠰᠤᠷᠤᠭᠴᠢᠳ ᠤᠨ  ᠬᠥᠭᠵᠢᠯᠲᠡ ᠶᠢᠨ  ᠱᠠᠲᠤᠨ ᠤ ᠰᠡᠳᠬᠢᠴᠡ ᠶᠢᠨ ᠡᠷᠡᠭᠦᠯ ᠮᠡᠨᠳᠦ ᠶᠢᠨ  ᠰᠢᠯᠭᠠᠨ  ᠬᠡᠮᠵᠢᠯᠲᠡ ᠶᠢᠨ  ᠲᠤᠭ᠎ᠠ  ᠪᠠᠷᠢᠮᠲᠠ ᠶᠢ  ᠨᠡᠪᠲᠡᠷᠡᠭᠦᠯᠵᠦ᠂ ᠵᠠᠯᠠᠭᠤᠴᠤᠳ  ᠪᠠᠭᠠᠴᠤᠳ ᠤᠨ ᠦᠰᠦᠨ‌‍ᠪᠤᠶᠢᠵᠢᠯᠲᠠ ᠶᠢᠨ ᠱᠠᠲᠤᠨ ᠤ ᠪᠥᠬᠦ ᠶᠠᠪᠤᠴᠠ ᠳᠤ ᠮᠥᠷᠳᠡᠨ ᠦᠢᠯᠡᠴᠢᠯᠡᠬᠦ ᠶᠢ ᠪᠡᠶᠡᠯᠡᠭᠦᠯᠬᠦ ᠴᠢᠬᠤᠯᠠᠲᠠᠶ ᠪᠠᠶᠢᠨ᠎ᠠ ᠬᠡᠪᠡ᠃
ᠢᠷᠡᠯᠲᠡ᠄ ᠠᠷᠠᠳ ᠤᠨ ᠰᠥᠯᠵᠢᠶ᠎ᠡ