ᠡᠷᠡᠰ ᠬᠤᠷᠢᠬᠯᠠᠨ᠎ᠠ︕ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠰᠢᠨ᠎ᠡ ᠲᠣᠭᠲᠠᠭᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/12/28
       ᠡᠳ᠋ ᠤᠨ ᠵᠠᠰᠠᠭ ᠤᠨ ᠶᠠᠮᠤᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠨᠠᠮ ᠤᠨ ᠲᠥᠪ ᠬᠤᠷᠢᠶᠠᠨ ᠤ ᠠᠯᠪᠠᠨ‌‍ᠲ᠋ᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠡᠳ᠋ ᠤᠨ ᠶᠠᠪᠤᠳᠠᠯ ᠳ᠋ᠤ᠋‌‍ᠬᠢᠨᠠᠯᠲᠠ ᠲᠠᠯᠪᠢᠬᠤ ᠠᠵᠢᠯ ᠢ  ᠴᠢᠨᠠᠬᠰᠢᠳᠠ  ᠴᠢᠩᠭᠠᠳᠬᠠᠬᠤ  ᠲᠤᠬᠠᠶ  ᠰᠠᠨᠠᠯ︾ ᠤᠨ  ᠬᠤᠯᠪᠣᠭᠳᠠᠯ  ᠪᠥᠬᠦᠶ  ᠱᠠᠭᠠᠷᠳᠠᠯᠭ᠎ᠠ ᠵᠢ‌‍ᠲ᠋ᠤᠤᠱᠯᠠᠭᠤᠯᠤᠨ  ᠨᠠᠶᠢᠳᠠᠪᠤᠷᠢᠵᠢᠭᠤᠯᠵᠤ᠂  ᠠᠯᠪᠠᠨ ᠠᠴᠠ  ᠪᠠᠶᠢᠭᠤᠯᠤᠭᠰᠠᠨ  ᠡᠮᠨᠡᠯᠭᠡ ᠶᠢᠨ   ᠬᠤᠷᠢᠶᠠᠨ ᠤ   ᠳᠣᠲᠣᠭᠠᠳᠤ ᠵᠢᠨ‌ᠡᠵᠡᠮᠳᠡᠯ ᠤᠨ ᠪᠠᠶᠢᠭᠤᠯᠤᠯᠲᠠ ᠶᠢ ᠴᠢᠨᠠᠬᠰᠢᠳᠠ ᠴᠢᠩᠭᠠᠳᠬᠠᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ  ᠵᠡᠷᠭᠡ  ᠳᠥᠷᠪᠡᠨ‌‍ᠰᠠᠯᠠᠭ᠎ᠠ  ᠮᠥᠴᠢᠷ   ᠠᠴᠠ  ︽ᠠᠯᠪᠠᠨ ᠠᠴᠠ  ᠪᠠᠶᠢᠭᠤᠯᠤᠭᠰᠠᠨ  ᠡᠮᠨᠡᠯᠭᠡ ᠶᠢᠨ  ᠬᠤᠷᠢᠶᠠᠨ ᠤ  ᠳᠣᠲᠣᠭᠠᠳᠤ ᠶᠢᠨ  ᠡᠵᠡᠮᠳᠡᠯ ‍ᠤᠨ‌‍ᠪᠠᠶᠢᠭᠤᠯᠤᠯᠲᠠ ᠶᠢ ᠴᠢᠨᠠᠬᠰᠢᠳᠠ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠢ ᠲᠣᠭᠲᠠᠭᠠᠪᠠ᠃             ︽ᠵᠢᠯᠣᠭᠤᠳᠬᠤ ᠰᠠᠨᠠᠯ︾ ᠳᠤ᠂ 2025 ᠣᠨ ᠤ ᠰᠡᠭᠦᠯᠴᠢ ᠪᠣᠯᠬᠤ ᠳᠤ᠂ ᠡᠷᠬᠡ ᠬᠠᠷᠢᠭᠤᠴᠠᠯᠭ᠎ᠠ ᠨᠢ  ᠲᠣᠳᠣᠷᠬᠠᠶ᠂ᠬᠠᠷᠢᠯᠴᠠᠨ  ᠬᠢᠵᠠᠭᠠᠷᠯᠠᠬᠤ  ᠪᠠᠷ  ᠬᠦᠴᠦᠳᠡᠢ᠂  ᠠᠵᠢᠯᠯᠠᠭ᠎ᠠ  ᠨᠢ  ᠪᠦᠲᠦᠮᠵᠢᠲᠡᠶ᠂  ᠪᠦᠬᠦ  ᠲᠠᠯ᠎ᠠ  ᠪᠠᠷ  ᠬᠢᠨᠠᠯᠲᠠ  ᠲᠠᠯᠪᠢᠬᠤ‌‍ᠲ᠋ᠣᠲᠣᠭᠠᠳᠤ ᠶᠢᠨ ᠡᠵᠡᠮᠳᠡᠬᠦ ᠰᠢᠰᠲ᠋ᠧᠮ ᠢ  ᠪᠠᠶᠢᠭᠤᠯᠤᠨ  ᠪᠦᠷᠢᠨᠰᠢᠭᠦᠯᠵᠦ᠂  ᠡᠳ᠋ ᠤᠨ  ᠵᠠᠰᠠᠭ  ᠠᠵᠤ  ᠠᠬᠤᠶ ᠶᠢᠨ  ᠰᠠᠬᠢᠯᠭ᠎ᠠ‌‍ᠪᠠᠲᠤ ᠶᠢᠨ ᠬᠠᠲᠠᠭᠤ ᠬᠢᠵᠠᠭᠠᠷᠯᠠᠯ ᠢ  ᠴᠢᠩᠭᠠᠷᠠᠭᠤᠯᠵᠦ᠂  ᠠᠯᠪᠠᠨ ᠠᠴᠠ  ᠪᠠᠶᠢᠭᠤᠯᠤᠭᠰᠠᠨ  ᠡᠮᠨᠡᠯᠭᠡ ᠶᠢᠨ  ᠬᠤᠷᠢᠶ᠎ᠠ ᠶᠢᠨ  ᠠᠵᠤ‌ᠠᠬᠤᠶ ᠶᠢᠨ ᠠᠵᠢᠯᠯᠠᠭ᠎ᠠ ᠵᠢᠴᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢᠨ ᠬᠠᠤᠯᠢ ᠲᠣᠭᠲᠠᠭᠠᠯ ᠳᠤ ᠨᠡᠶᠢᠴᠡᠬᠦ᠂ᠡᠳ᠋ ᠬᠥᠷᠥᠩᠭᠡ ᠶᠢᠨ ᠠᠮᠤᠷ ᠲᠦᠪᠰᠢᠨ ᠪᠠ ᠬᠡᠷᠡᠭᠯᠡᠯᠲᠡ ᠨᠢ ᠪᠦᠲᠦᠮᠵᠢᠲᠡᠶ᠂ ᠡᠳ᠋ ᠤᠨ ᠶᠠᠪᠤᠳᠠᠯ ᠤᠨ ᠮᠡᠳᠡᠭᠡ ᠵᠠᠩᠭᠢ ᠨᠢ ᠦᠨᠡᠨ‌‍ᠪᠣᠳᠠᠲᠠᠶ ᠪᠥᠭᠡᠳ ᠪᠦᠷᠢᠨ ᠪᠦᠲᠦᠨ᠂ ᠬᠡᠮ ᠬᠢᠬᠦ ᠶᠢ ᠪᠦᠲᠦᠮᠵᠢᠲᠡᠶ ᠰᠡᠷᠭᠡᠶᠢᠯᠡᠬᠦ ᠪᠠ ᠢᠯᠵᠠᠷᠠᠯ ᠢ ᠤᠷᠢᠳᠴᠢᠯᠡᠨ  ᠰᠡᠷᠭᠡᠶᠢᠯᠡᠬᠦ ᠵᠢ‌‍ᠪᠦ᠋ᠲᠦᠮᠵᠢᠲᠡᠶ ᠪᠠᠷ ᠪᠠᠲᠤᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ‌‍ᠭᠡᠵᠦ ᠲᠤᠷᠠᠳᠪᠠ᠃              ︽ᠵᠢᠯᠣᠭᠤᠳᠬᠤ ᠰᠠᠨᠠᠯ︾ ᠳᠤ᠂ ᠡᠳ᠋ ᠬᠥᠷᠥᠩᠭᠡ ᠶᠢᠨ  ᠬᠠᠮᠢᠶᠠᠷᠤᠯᠲᠠ ᠶᠢ  ᠴᠢᠩᠭᠠᠳᠬᠠᠵᠤ᠂  ᠲᠣᠭᠲᠠᠭᠰᠠᠨ  ᠵᠢᠷᠤᠮ‌‍ᠶᠣᠰᠣᠭᠠᠷ ᠡᠯ᠎ᠡ ᠲᠥᠷᠥᠯ ᠤᠨ ᠲᠣᠨᠤᠭ ᠲᠥᠬᠦᠭᠡᠷᠦᠮᠵᠢ ᠡᠳ᠋ ᠬᠥᠷᠥᠩᠭᠡ ᠶᠢ ᠴᠢᠩᠭ᠎ᠠ ᠳᠣᠭᠢᠷᠠᠭᠤᠯᠵᠤ᠂ ᠡᠮᠴᠢᠯᠡᠭᠡᠨ ᠳᠤ  ᠬᠡᠷᠡᠭᠯᠡᠬᠦ‌‍ᠲ᠋ᠣᠮᠣ ᠬᠡᠯᠪᠡᠷᠢ ᠶᠢᠨ  ᠲᠥᠬᠦᠭᠡᠷᠦᠮᠵᠢ ᠶᠢ  ᠥᠷᠢ  ᠲᠠᠯᠪᠢᠵᠤ  ᠪᠠᠶᠢᠭᠠᠳ  ᠬᠤᠳᠠᠯᠳᠤᠨ  ᠠᠪᠬᠤ ᠶᠢ  ᠴᠢᠩᠭ᠎ᠠ  ᠬᠤᠷᠢᠬᠯᠠᠵᠤ᠂ᠤᠯᠤᠰ ᠤᠨ  ᠥᠮᠴᠢᠯᠡᠯ ᠤᠨ  ᠡᠳ᠋  ᠬᠥᠷᠥᠩᠭᠡ ᠶᠢ  ᠲᠦᠷᠢᠶᠡᠰᠦᠯᠡᠭᠦᠯᠵᠦ  ᠵᠢᠭᠡᠯᠡᠭᠦᠯᠬᠦ  ᠪᠠ  ᠰᠢᠢᠳᠪᠦᠷᠢᠯᠡᠬᠦ  ᠠᠵᠢᠯᠯᠠᠭ᠎ᠠ ᠵᠢ‌ᠵᠢᠷᠤᠮᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ  ᠪᠦᠷᠢᠳᠬᠡᠬᠦ  ᠲᠦᠷᠢᠮ ᠢ  ᠨᠠᠶᠢᠳᠠᠪᠤᠷᠢᠵᠢᠭᠤᠯᠬᠤ  ᠬᠡᠷᠡᠭᠲᠡᠶ᠃ᠭᠠᠳᠠᠭᠠᠳᠤ ᠳᠤ ᠪᠡᠯᠡ  ᠣᠷᠣᠭᠤᠯᠬᠤ ᠶᠢ  ᠴᠢᠩᠭ᠎ᠠ  ᠬᠢᠵᠠᠭᠠᠷᠯᠠᠵᠤ᠂  ᠭᠠᠳᠠᠭᠠᠳᠤ ᠳᠤ  ᠪᠡᠯᠡ  ᠣᠷᠣᠭᠤᠯᠬᠤ ᠶᠢᠨ  ᠪᠣᠯᠤᠮᠵᠢᠲᠤ‌‍ᠴᠢᠨᠠᠷ ᠤᠨ ᠦᠨᠡᠯᠡᠨ ᠵᠢᠱᠢᠯᠲᠡ ᠬᠢᠭᠡᠳ ᠪᠡᠯᠡ ᠣᠷᠣᠭᠤᠯᠤᠯᠲᠠ ᠶᠢᠨ ᠦᠷ᠎ᠡ ᠠᠰᠢᠭ ᠤᠨ ᠵᠠᠳᠠᠯᠤᠯᠲᠠ  ᠵᠡᠷᠭᠡ  ᠬᠠᠮᠢᠶ᠎ᠠ  ᠪᠦᠬᠦᠢ‌ᠠᠭᠤᠯᠭ᠎ᠠ ᠶᠢ ᠲᠤᠳᠤᠷᠬᠠᠶᠢᠯᠠᠠᠬᠤ ᠭᠡᠷᠡᠭᠳᠡᠢ ᠭᠡᠵᠦ ᠱᠠᠭᠠᠷᠳᠠᠪᠠ᠃              ︽ᠵᠢᠯᠣᠭᠤᠳᠬᠤ ᠰᠠᠨᠠᠯ︾ ᠳᠤ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠵᠢ‌‍ᠴᠢᠩᠭᠠᠳᠬᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠵᠢᠭᠡᠯᠡᠯᠭᠡ ᠠᠪᠴᠤ  ᠪᠥᠲᠥᠭᠡᠨ  ᠪᠠᠶᠢᠭᠤᠯᠬᠤ  ᠪᠠ‌‍ᠪᠠᠷᠢᠮᠵᠢᠶ᠎ᠠ ᠠᠴᠠ   ᠬᠡᠲᠦᠷᠡᠭᠦᠯᠦᠨ   ᠵᠠᠰᠠᠵᠤ   ᠴᠢᠮᠡᠭᠯᠡᠬᠦ ᠶᠢ    ᠴᠢᠩᠭ᠎ᠠ    ᠬᠤᠷᠢᠬᠯᠠᠵᠤ᠂    ᠦᠨᠳᠦᠰᠦᠨ    ᠪᠥᠲᠥᠭᠡᠨ‌‍ᠪᠠᠶᠢᠭᠤᠯᠤᠯᠲᠠ ᠵᠢᠨ‌‍ᠲ᠋ᠦ᠋ᠷᠦᠯ ᠵᠦᠢᠯ ᠤᠨ ᠪᠥᠬᠦ ᠶᠠᠪᠤᠴᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠣᠯᠠᠨ ᠬᠦᠷᠢᠶᠡᠯᠡᠩ‌‍ᠲ᠋ᠣᠭᠤᠷᠢᠭ ᠤᠨ ᠪᠦᠲᠦᠭᠡᠨ  ᠪᠠᠶᠢᠭᠤᠯᠤᠯᠲᠠ  ᠬᠠᠮᠢᠶᠠᠷᠤᠯᠲᠠ ᠶᠢ  ᠴᠢᠩᠭᠠᠳᠬᠠᠵᠤ᠂  ᠵᠥᠪᠰᠢᠶᠡᠷᠡᠯ  ᠦᠭᠡᠢ ᠪᠠᠷ  ᠤᠷᠢᠳ ᠵᠶ᠋ᠠᠷ‌‍ᠭᠦ᠋ᠢᠴᠡᠳᠬᠡᠬᠦ᠂ ᠵᠥᠪᠰᠢᠶᠡᠷᠡᠯ ᠦᠭᠡᠢ ᠪᠠᠷ ᠤᠷᠢᠳ ᠢᠶᠠᠷ ᠪᠠᠶᠢᠭᠤᠯᠬᠤ ᠶᠢ ᠴᠢᠩᠭ᠎ᠠ ᠬᠤᠷᠢᠬᠯᠠᠵᠤ᠂  ᠡᠮᠬᠢ  ᠵᠢᠷᠤᠮ  ᠦᠭᠡᠢ ᠪᠠᠷ‌ᠥᠷᠭᠡᠳᠬᠡᠬᠦ ᠶᠢ ᠡᠷᠡᠰ ᠬᠤᠷᠢᠭᠯᠠᠨ᠎ᠠ ᠭᠡᠵᠦ ᠴᠢᠬᠤᠯᠠᠴᠢᠯᠠᠪᠠ᠃
ᠢᠷᠡᠯᠲᠡ᠄ ᠠᠷᠠᠳ ᠤᠨ ᠰᠦᠯᠵᠢᠶ᠎ᠡ