︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾
ᠨᠡᠶᠢᠲᠡᠯᠡᠭᠰᠡᠨ ᠴᠠᠭ᠄
2023/12/3
ᠳᠣᠯᠣᠳᠤᠭᠠᠷ ᠪᠦᠯᠦᠭ    ᠬᠠᠤᠯᠢ ᠶᠢᠨ ᠬᠠᠷᠢᠭᠤᠴᠠᠯᠭ᠎ᠠ           ᠵᠢᠷᠠᠨ ᠳᠥᠷᠪᠡᠳᠦᠭᠡᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ᠂ ᠬᠢᠨᠠᠨ ᠬᠠᠮᠢᠶᠠᠷᠬᠤ ᠨᠢᠭᠡᠴᠢ ᠲᠤᠰ ᠬᠠᠤᠯᠢ ᠶᠢᠨ ᠲᠣᠭᠲᠠᠭᠠᠯ ᠶᠣᠰᠣᠭᠠᠷ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ᠂ ᠬᠢᠨᠠᠨ ᠬᠠᠮᠢᠶᠠᠷᠤᠯᠲᠠ ᠬᠢᠭᠰᠡᠨ ᠦᠭᠡᠢ ᠪᠣᠯ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠵᠠᠮ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠣᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠬᠡᠨ᠎ᠡ᠃            ᠵᠢᠷᠠᠨ ᠲᠠᠪᠤᠳᠤᠭᠠᠷ ᠵᠦᠢᠯ᠄ ᠲᠤᠰ ᠬᠠᠤᠯᠢ ᠶᠢ ᠵᠥᠷᠢᠴᠡᠵᠦ᠂ ᠳᠠᠷᠠᠭᠠᠬᠢ ᠪᠠᠶᠢᠳᠠᠯ ᠤᠨ ᠨᠢᠭᠡ ᠶᠢ ᠭᠠᠷᠭᠠᠪᠠᠯ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠵᠠᠮ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠣᠯ ᠲᠦᠮᠡᠨ ᠠᠴᠠ ᠭᠤᠷᠪᠠᠨ ᠲᠦᠮᠡᠨ ᠲᠥᠭᠦᠷᠢᠭ ᠤᠨ ᠳᠣᠲᠣᠷ᠎ᠠ ᠵᠣᠭᠤᠰ ᠢᠶᠠᠷ ᠲᠣᠷᠭᠠᠵᠤ᠂ ᠬᠤᠪᠢ ᠬᠥᠮᠥᠨ ᠢ ᠵᠠᠭᠤ  ᠠᠴᠠ ᠲᠠᠪᠤᠨ ᠵᠠᠭᠤᠨ ᠲᠥᠭᠦᠷᠢᠭ ᠤᠨ ᠳᠣᠲᠣᠷ᠎ᠠ ᠵᠣᠭᠤᠰ ᠢᠶᠠᠷ  ᠲᠣᠷᠭᠠᠨ᠎ᠠ᠄           ︵ᠨᠢᠭᠡ︶ ᠰᠠᠭᠠᠳ ᠦᠭᠡᠢ  ᠲᠥᠬᠦᠭᠡᠷᠦᠮᠵᠢ ᠶᠢᠨ ᠬᠠᠷᠢᠭᠤᠴᠠᠯᠭᠠᠲᠠᠨ ᠨᠢ ᠬᠠᠮᠠᠭᠠᠯᠠᠬᠤ ᠪᠠ ᠬᠠᠮᠢᠶᠠᠷᠬᠤ ᠡᠭᠦᠷᠭᠡ  ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠰᠠᠭᠠᠳ ᠦᠭᠡᠢ ᠲᠥᠬᠦᠭᠡᠷᠦᠮᠵᠢ ᠶᠢᠨ ᠴᠢᠳᠠᠮᠵᠢ ᠬᠡᠪ ᠤᠨ ᠪᠤᠰᠤ ᠪᠠ ᠠᠮᠤᠷ ᠲᠦᠪᠰᠢᠨ ᠤ ᠪᠠᠲᠤᠯᠠᠭ᠎ᠠ ᠦᠭᠡᠢ᠃           ︵ᠬᠤᠶᠠᠷ︶ ᠲᠥᠷ ᠴᠠᠭ ᠤᠨ ᠲᠣᠬᠢᠷᠠᠭᠤᠯᠤᠭᠰᠠᠨ ᠰᠠᠭᠠᠳ ᠦᠭᠡᠢ ᠲᠥᠬᠦᠭᠡᠷᠦᠮᠵᠢ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠦᠭᠡᠢ᠃        ︵ᠭᠤᠷᠪᠠ︶  ᠰᠠᠭᠠᠳ ᠦᠭᠡᠢ ᠲᠥᠬᠦᠭᠡᠷᠦᠮᠵᠢ ᠶᠢᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠰᠠᠭᠠᠳ ᠦᠭᠡᠢ ᠲᠥᠬᠦᠭᠡᠷᠦᠮᠵᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠡᠪᠳᠡᠭᠰᠡᠨ᠃           ᠵᠢᠷᠠᠨ ᠵᠢᠷᠭᠤᠳᠤᠭᠠᠷ ᠵᠦᠢᠯ᠄ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠰᠠᠭᠠᠳ ᠦᠭᠡᠢ ᠣᠷᠴᠢᠨ ᠲᠣᠭᠤᠷᠢᠨ ᠤ ᠮᠡᠳᠡᠭᠡ ᠵᠠᠩᠭᠢ ᠰᠣᠯᠢᠯᠴᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ  ᠪᠣᠯ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠴᠠᠬᠢᠯᠭᠠᠨ ᠬᠤᠯᠪᠣᠭ᠎ᠠ᠂ ᠷᠠᠳᠢᠣ᠋ ᠨᠡᠪᠲᠡᠷᠡᠭᠦᠯᠭᠡ ᠲᠧᠯᠸᠢᠰ᠂ ᠰᠣᠨᠢᠨ ᠮᠡᠳᠡᠭᠡ ᠬᠡᠪᠯᠡᠯ ᠵᠡᠷᠭᠡ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠨᠢ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠣᠯ ᠨᠡᠶᠢᠳᠡ ᠳᠤ ᠵᠠᠷᠯᠠᠨ ᠰᠢᠭᠦᠮᠵᠢᠯᠡᠨ᠎ᠡ᠃          ᠵᠢᠷᠠᠨ ᠳᠣᠯᠣᠳᠤᠭᠠᠷ ᠵᠦᠢᠯ᠄ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠬᠠᠤᠯᠢ ᠶᠣᠰᠣᠭᠠᠷ  ᠰᠠᠭᠠᠳ ᠦᠭᠡᠢ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠰᠠᠨ ᠦᠭᠡᠢ ᠪᠣᠯ ᠴᠠᠬᠢᠯᠭᠠᠨ ᠬᠤᠯᠪᠣᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠣᠯ ᠲᠤᠬᠠᠢ ᠶᠢᠨ ᠡᠵᠡᠩᠨᠡᠭᠴᠢ ᠶᠢ ᠲᠦᠮᠡ ᠠᠴᠠ ᠠᠷᠪᠠᠨ ᠲᠦᠮᠡᠨ ᠲᠥᠭᠦᠷᠢᠭ ᠤᠨ ᠳᠣᠲᠣᠷ᠎ᠠ ᠵᠣᠭᠤᠰ ᠢᠶᠠᠷ ᠲᠣᠷᠭᠠᠨ᠎ᠠ᠃           ᠵᠢᠷᠠᠨ ᠨᠠᠢᠮᠠᠳᠤᠭᠠᠷ ᠵᠦᠢᠯ᠄ ᠤᠯᠠᠨ ᠨᠡᠶᠢᠲᠡ ᠶᠢᠨ ᠦᠢᠯᠡᠴᠢᠯᠡᠭᠡᠨ ᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠠ ᠨᠢᠭᠡᠴᠢ ᠬᠠᠤᠯᠢ ᠶᠣᠰᠣᠭᠠᠷ ᠰᠠᠭᠠᠳ ᠦᠭᠡᠢ ᠨᠡᠶᠢᠭᠡᠮ ᠤᠨ ᠦᠢᠯᠡᠴᠢᠯᠡᠭᠡ ᠬᠠᠩᠭᠠᠭᠰᠠᠨ ᠦᠭᠡᠢ ᠪᠣᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠣᠯ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ  ᠰᠢᠢᠳᠬᠡᠯ ᠥᠭᠭᠦᠨ᠎ᠡ᠃          ᠵᠢᠷᠠ ᠶᠢᠰᠦᠳᠦᠭᠡᠷ ᠵᠦᠢᠯ᠄ ᠰᠢᠯᠭᠠᠯᠲᠠ ᠶᠢ ᠡᠷᠬᠢᠯᠡᠭᠴᠢ᠂ ᠵᠣᠬᠢᠶᠠᠨ ᠪᠠᠶᠢᠭᠤᠯᠤᠭᠴᠢ ᠨᠢ ᠵᠡᠮᠳᠡᠭ ᠰᠢᠯᠭᠠᠭᠤᠯᠤᠭᠴᠢ ᠳᠤ ᠬᠠᠤᠯᠢ ᠶᠣᠰᠣᠭᠠᠷ ᠲᠦᠬᠦᠮ ᠦᠵᠡᠭᠦᠯᠬᠦ ᠦᠢᠯᠡᠴᠢᠯᠡᠭᠡ ᠬᠠᠩᠭᠠᠭᠰᠠᠨ ᠦᠭᠡᠢ  ᠪᠣᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ  ᠤᠨ ᠬᠢᠨ ᠰᠢᠭᠦᠮᠵᠢᠯᠡᠬᠦ ᠶᠢᠨ ᠬᠠᠮᠲᠤ ᠵᠠᠷᠯᠢᠭᠳᠠᠨ ᠵᠠᠯᠠᠷᠠᠭᠤᠯᠤᠭᠤᠯᠤᠨ᠎ᠠ᠃ ᠵᠠᠯᠠᠷᠠᠭᠤᠯᠬᠤ ᠶᠢ  ᠲᠡᠪᠴᠢᠪᠡᠯ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃          ᠳᠠᠯᠠᠳᠤᠭᠠᠷ ᠵᠦᠢᠯ᠄  ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠤ ᠪᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ  ᠵᠥᠷᠢᠴᠡᠪᠡᠯ ᠬᠠᠤᠯᠢ ᠶᠣᠰᠣᠭᠠᠷ ᠰᠢᠢᠳᠬᠡᠯ ᠥᠭᠭᠦᠨ᠎ᠡ᠃           ᠲᠠᠯᠠᠨ ᠨᠢᠭᠡᠳᠦᠭᠡᠷ ᠵᠦᠢᠯ᠄ ᠲᠤᠰ ᠬᠠᠤᠯᠢ ᠢ ᠵᠥᠷᠢᠴᠡᠭᠡᠳ᠂  ᠪᠡᠶ᠎ᠡ ᠮᠠᠬᠠᠪᠤᠳ᠂ ᠡᠳ᠋ ᠬᠥᠷᠥᠩᠭᠡ ᠳᠤ ᠬᠤᠬᠢᠷᠠᠯ  ᠤᠴᠠᠷᠠᠭᠤᠯᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠤᠨ ᠬᠡᠮᠵᠢᠶᠡᠨ  ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ᠨᠠᠢᠮᠠᠳᠤᠭᠠᠷ ᠪᠦᠯᠦᠭ   ᠳᠠᠭᠠᠯᠳᠤᠭᠤᠯᠤᠭᠰᠠᠨ  ᠳᠦᠷᠢᠮ        ᠲᠠᠯᠠᠨ ᠬᠤᠶᠠᠳᠤᠭᠠᠷ ᠵᠦᠢᠯ᠄ ᠲᠤᠰ ᠬᠠᠤᠯᠢ ᠶᠢ 2023 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ  ᠬᠡᠷᠡᠭᠵᠢᠭᠦᠯᠦᠨ᠎ᠡ᠃             
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠰᠦᠯᠵᠢᠶ᠎ᠡ