2023 ᠣᠨ ᠤ 1 ᠰᠠᠷ᠎ᠠ ᠠᠴᠠ 9 ᠰᠠᠷ᠎ᠠ ᠪᠣᠯᠲᠠᠯ᠎ᠠ ᠬᠢᠶ᠎ᠡ ᠪᠠᠭᠰᠢ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠳᠡᠭᠡᠭᠰᠢᠯᠡᠪᠡ
ᠨᠡᠶᠢᠲᠡᠯᠡᠭᠰᠡᠨ ᠴᠠᠭ᠄
2023/12/5
         2023 ᠣᠨ ᠤ 1 — 9 ᠰᠠᠷ᠎ᠠ ᠳᠤ᠂ ᠬᠢᠶ᠎ᠠ ᠪᠠᠭᠰᠢ ᠲᠣᠭᠤᠷᠢᠭ ᠤᠨ 22 ᠡᠷᠦᠬᠡ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 90.6% ᠪᠠᠷ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 81.4 % ᠪᠠᠷ ᠳᠡᠭᠡᠭᠰᠢᠯᠡᠨ᠂ ᠪᠥᠬᠦ ᠬᠤᠲᠠ ᠳᠤ ᠲᠦᠷᠦᠭᠦᠯᠡᠵᠦ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 59.8% ᠪᠠᠷ ᠨᠡᠮᠡᠭᠳᠡᠪᠡ᠃ ᠲᠥᠷᠥᠯ ᠬᠤᠪᠢᠶᠠᠵᠤ ᠦᠵᠡᠪᠡᠯ᠂ ᠬᠢᠶ᠎ᠠ ᠪᠠᠭᠰᠢ ᠶᠢᠨ ᠵᠢᠷᠭᠤᠭᠠᠨ ᠶᠡᠭᠡ ᠲᠥᠷᠥᠯ ᠤᠨ ᠡᠵᠡᠩᠨᠡᠯᠲᠡ ᠶᠢᠨ ᠣᠷᠣᠯᠭ᠎ᠠ ︽ᠭᠤᠷᠪᠠ ᠨᠢ  ᠳᠡᠭᠡᠭᠰᠢᠯᠡᠵᠦ ᠭᠤᠷᠪᠠ ᠨᠢ ᠪᠠᠭᠤᠷᠠᠨ︾᠂ ᠡᠭᠦᠨ ᠳᠤ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠲᠣᠰ ᠲᠣᠰ ᠠᠳᠠᠯᠢ ᠬᠤᠭᠤᠴᠠᠭᠠᠨ ᠤ ᠬᠢ ᠠᠴᠠ 139.13%᠂ 21.19% ᠪᠠ 16.17% ᠪᠠᠷ  ᠨᠡᠮᠡᠭᠳᠡᠵᠦ᠂ ᠲᠦᠷᠢᠶᠡᠰᠦᠯᠡᠬᠦ  ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠲᠣᠰ ᠲᠣᠰ ᠠᠳᠠᠯᠢ ᠬᠤᠭᠤᠴᠠᠭᠠᠨ ᠤ ᠬᠢ ᠠᠴᠠ 1.35%᠂ 15.26% ᠪᠠ 0.55% ᠪᠠᠷ ᠪᠠᠭᠤᠷᠠᠪᠠ᠃          ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠳᠠᠶᠢᠴᠢᠯᠠᠬᠤ ᠦᠷ᠎ᠡ ᠪᠦᠲᠦᠮᠵᠢ ᠨᠢ ᠢᠯᠡᠷᠬᠡᠶ  ᠪᠠᠶᠢᠨ᠎ᠠ᠃ 2023 ᠣᠨ ᠤ 1— 9 ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ 22 ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠳᠣᠲᠣᠷ᠎ᠠ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ 17 ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 96.2% ᠢᠶᠠᠷ ᠨᠡᠮᠡᠭᠳᠡᠵᠦ ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠬᠦᠴᠦᠲᠡᠶ ᠳᠠᠶᠢᠴᠢᠯᠠᠪᠠ᠃
ᠢᠷᠡᠯᠲᠡ᠄ ᠲᠣᠰ ᠰᠥᠯᠵᠢᠶ᠎ᠡ