ᠬᠢᠶ᠎ᠡ ᠪᠠᠭᠰᠢ ᠲᠤᠭᠤᠷᠢᠭ ᠤᠨ ᠲᠦᠷᠦᠭᠦᠦ ᠭᠤᠷᠪᠠᠨ ᠤᠯᠠᠷᠢᠯ ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠲᠣᠭᠲᠠᠭᠤᠨ ᠤ ᠳᠣᠮᠳᠠ ᠳᠡᠭᠡᠭᠰᠢᠯᠡᠪᠡ︕
ᠨᠡᠶᠢᠲᠡᠯᠡᠭᠰᠡᠨ ᠴᠠᠭ᠄
2023/12/5
        ᠨᠢᠭᠡ᠂ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ ᠪᠦᠬᠦ ᠬᠤᠲᠠ ᠳᠤ ᠲᠦᠷᠦᠭᠦᠯᠡᠪᠡ᠃        ᠲᠦᠷᠦᠭᠦᠦ ᠭᠤᠷᠪᠠᠨ ᠤᠯᠠᠷᠢᠯ ᠳᠤ᠂ ᠬᠢᠶ᠎ᠠ ᠪᠠᠭᠰᠢ ᠲᠣᠭᠤᠷᠢᠭ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ 45166 ᠲᠥᠭᠦᠷᠢᠭ᠂ ᠨᠡᠮᠡᠭᠳᠡᠯ ᠤᠨ ᠬᠤᠷᠳᠤᠴᠠ ᠨᠢ 6.4% ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠨᠢ 45432 ᠲᠥᠭᠦᠷᠢᠭ ᠲᠤ ᠬᠦᠷᠴᠦ᠂ 5.0% ᠪᠠᠷ ᠨᠡᠮᠡᠭᠳᠡᠪᠡ᠃ ᠮᠠᠨ ᠤ ᠲᠣᠭᠤᠷᠢᠭ ᠤᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠶᠡᠷᠦᠩᠬᠡᠢ ᠬᠡᠮᠵᠢᠶ᠎ᠡ ᠴᠥᠮ ᠪᠦᠬᠦ ᠬᠤᠲᠠ ᠳᠤ ᠲᠦᠷᠦᠭᠦᠯᠡᠪᠡ᠃       ᠤᠷᠤᠯᠭ᠎ᠠ ᠶᠢᠨ ᠢᠷᠡᠯᠲᠡ ᠠᠴᠠ ᠦᠵᠡᠪᠡᠯ᠂ ᠬᠤᠲᠠ ᠪᠠᠯᠭᠠᠰᠦᠨ ᠤ ᠰᠠᠭᠤᠭᠠᠯᠢ ᠠᠷᠠᠳ ᠤᠨ ᠬᠦᠮᠦᠨ ᠳᠤᠮᠲᠠᠴᠢ ᠶᠢᠨ ᠴᠠᠯᠢᠩ ᠤᠨ ᠴᠢᠨᠠᠷᠲᠠᠢ ᠤᠷᠤᠯᠭ᠎ᠠ ᠨᠢ 30985 ᠳᠦᠭᠦᠷᠢᠭ᠂ ᠬᠦᠮᠦᠨ ᠳᠤᠮᠲᠠᠴᠢ ᠶᠢᠨ ᠡᠵᠡᠮᠲᠡᠵᠦ ᠪᠤᠯᠬᠤ ᠤᠷᠤᠯᠭ᠎ᠠ ᠶᠢᠨ 68.2% ᠢ ᠡᠵᠡᠯᠡᠨ᠎ᠡ᠃ ᠬᠥᠮᠥᠨ ᠳᠤᠮᠳᠠᠴᠢ ᠶᠢᠨ ᠡᠵᠡᠩᠨᠡᠯᠲᠡ ᠶᠢᠨ ᠴᠡᠪᠡᠷ ᠣᠷᠣᠯᠭ᠎ᠠ ᠨᠢ 6588 ᠲᠥᠭᠦᠷᠢᠭ᠂ ᠬᠦᠮᠦᠨ ᠳᠤᠮᠲᠠᠴᠢ ᠶᠢᠨ ᠡᠵᠡᠮᠲᠡᠵᠦ ᠪᠤᠯᠬᠤ ᠤᠷᠤᠯᠭ᠎ᠠ ᠶᠢᠨ 14.5% ᠶᠢ ᠡᠵᠡᠯᠡᠨ᠎ᠡ᠃ ᠬᠥᠮᠥᠨ ᠳᠤᠮᠳᠠᠴᠢ ᠶᠢᠨ ᠡᠳ᠋ ᠬᠥᠷᠥᠩᠭᠡ ᠶᠢᠨ ᠴᠡᠪᠡᠷ ᠣᠷᠣᠯᠭ᠎ᠠ ᠨᠢ 4361 ᠲᠥᠭᠦᠷᠢᠭ ᠂ ᠬᠦᠮᠦᠨ ᠳᠤᠮᠲᠠᠴᠢ ᠶᠢᠨ ᠡᠵᠡᠮᠲᠡᠵᠦ ᠪᠤᠯᠬᠤ ᠤᠷᠤᠯᠭ᠎ᠠ ᠶᠢᠨ 9.6%  ᠶᠢ ᠡᠵᠡᠯᠡᠨ᠎ᠡ᠃ ᠬᠥᠮᠥᠨ ᠳᠤᠮᠳᠠᠴᠢ ᠶᠢᠨ ᠰᠢᠯᠵᠢᠭᠦᠯᠦᠭᠰᠡᠨ ᠴᠡᠪᠡᠷ ᠣᠷᠣᠯᠭ᠎ᠠ 3498 ᠲᠥᠭᠦᠷᠢᠭ ᠂ ᠬᠦᠮᠦᠨ ᠳᠤᠮᠲᠠᠴᠢ ᠶᠢᠨ ᠡᠵᠡᠮᠲᠡᠵᠦ ᠪᠤᠯᠬᠤ ᠤᠷᠤᠯᠭ᠎ᠠ ᠶᠢᠨ 7.7 % ᠶᠢ ᠡᠵᠡᠯᠡᠨ᠎ᠡ᠃       ᠬᠤᠶᠠᠷ᠂ ᠬᠡᠷᠡᠭᠯᠡᠭᠡ ᠦᠷᠭᠦᠯᠵᠢᠯᠡᠨ ᠲᠡᠭᠡᠳᠦ ᠬᠤᠷᠳᠣᠴᠠ ᠪᠠᠷ ᠰᠡᠷᠭᠦᠪᠡ᠃       ᠲᠦᠷᠦᠭᠦᠦ ᠭᠤᠷᠪᠠᠨ ᠤᠯᠠᠷᠢᠯ ᠳᠤ᠂ ᠬᠢᠶ᠎ᠠ ᠪᠠᠭᠰᠢ ᠲᠣᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ ᠵᠠᠷᠤᠯᠭ᠎ᠠ 29984 ᠲᠥᠭᠦᠷᠢᠭ ᠪᠠᠶᠢᠵᠤ᠂ 19.3%  ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠲᠦᠷᠦᠭᠦᠯᠡᠪᠡ᠃ ᠳᠡᠭᠡᠷ᠎ᠡ ᠬᠠᠭᠠᠰ ᠵᠢᠯ ᠲᠠᠢ ᠬᠠᠷᠢᠴᠠᠭᠤᠯᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ 2.2 %  ᠪᠠᠷ ᠳᠡᠭᠡᠭᠰᠢᠯᠡᠵᠦ᠂ ᠰᠠᠭᠤᠭᠠᠯᠢ ᠠᠷᠠᠳ ᠤᠨ ᠬᠡᠷᠡᠭᠯᠡᠭᠡ ᠦᠷᠭᠦᠯᠵᠢᠯᠡᠨ ᠰᠡᠷᠭᠦᠪᠡ᠃       ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠄ ᠬᠥᠮᠦᠨ ᠳᠤᠮᠳᠠᠴᠢ ᠶᠢᠨ ᠢᠳᠡᠭᠡᠨ ᠤ ᠵᠠᠷᠤᠳᠠᠯ 6596 ᠲᠥᠭᠦᠷᠢᠭ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ 22% ᠢ ᠡᠵᠡᠯᠡᠨ᠎ᠡ᠃ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ 2279 ᠲᠥᠭᠦᠷᠢᠭ᠂ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ 7.6% ᠶᠢ ᠡᠵᠡᠯᠡᠨ᠎ᠡ᠃ ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠬᠡᠷᠡᠭᠯᠡᠭᠡᠨ ᠤ ᠵᠠᠷᠤᠯᠭ᠎ᠠ 8665 ᠲᠥᠭᠦᠷᠢᠭ᠂ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ 28.9 % ᠢ  ᠡᠵᠡᠯᠡᠨ᠎ᠡ᠃  ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠬᠡᠷᠡᠭᠯᠡᠭᠡᠨ ᠤ ᠵᠠᠷᠤᠯᠭ᠎ᠠ 1860 ᠲᠥᠭᠦᠷᠢᠭ᠂ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ 6.2 % ᠢ  ᠡᠵᠡᠯᠡᠨ᠎ᠡ᠃  ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 4767 ᠲᠥᠭᠦᠷᠢᠭ᠂ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ 15.9 % ᠶᠢ ᠡᠵᠡᠯᠡᠨ᠎ᠡ᠃ ᠬᠥᠮᠦᠨ ᠳᠤᠮᠳᠠᠴᠢ ᠶᠢᠨ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠬᠡᠷᠡᠭᠯᠡᠭᠡᠨ ᠤ ᠵᠠᠷᠤᠯᠭ᠎ᠠ 3028 ᠲᠥᠭᠦᠷᠢᠭ᠂ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ 10.1 % ᠶᠢ ᠡᠵᠡᠯᠡᠨ᠎ᠡ᠃ ᠬᠥᠮᠦᠨ ᠳᠤᠮᠳᠠᠴᠢ ᠶᠢᠨ ᠰᠤᠷᠭᠠᠨ ᠬᠥᠮᠦᠵᠢᠯ ᠰᠣᠶᠣᠯ ᠴᠡᠩᠭᠡᠯ ᠤᠨ ᠬᠡᠷᠡᠭᠯᠡᠭᠡᠨ ᠤ ᠵᠠᠷᠤᠯᠭ᠎ᠠ 1979 ᠲᠥᠭᠦᠷᠢᠭ᠂ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ 6.6% ᠶᠢ ᠡᠵᠡᠯᠡᠨ᠎ᠡ᠃ ᠬᠥᠮᠦᠨ ᠳᠤᠮᠳᠠᠴᠢ ᠶᠢᠨ ᠡᠮ ᠡᠮᠨᠡᠯᠭᠡ ᠡᠷᠡᠭᠦᠯᠵᠢᠯ ᠤᠨ ᠬᠡᠷᠡᠭᠯᠡᠭᠡᠨ ᠤ ᠵᠠᠷᠤᠯᠭ᠎ᠠ 810 ᠲᠥᠭᠦᠷᠢᠭ᠂ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ 2.7 % ᠶᠢ ᠡᠵᠡᠯᠡᠨ᠎ᠡ᠃ 
ᠢᠷᠡᠯᠲᠡ᠄ ᠲᠣᠰ ᠰᠥᠯᠵᠢᠶ᠎ᠡ