ᠬᠢᠶ᠎ᠠ ᠪᠠᠭᠰᠢ ᠲᠣᠭᠤᠷᠢᠭ ᠤᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠳᠤ ᠬᠠᠶᠢᠷ᠎ᠠ ᠬᠠᠯᠠᠮᠵᠢ ᠭᠦᠷᠲᠡᠭᠡᠬᠦ ᠠᠷᠪᠠᠨ ᠵᠣᠷᠪᠣᠰ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2023/12/7
              ︽ᠬᠢᠶ᠎ᠠ ᠪᠠᠭᠰᠢ ᠲᠣᠭᠤᠷᠢᠭ ᠤᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠳᠤ                   ᠬᠠᠶᠢᠷ᠎ᠠ ᠬᠠᠯᠠᠮᠵᠢ ᠭᠦᠷᠲᠡᠭᠡᠬᠦ ᠠᠷᠪᠠᠨ ᠵᠣᠷᠪᠣᠰ ᠬᠡᠷᠡᠭᠵᠢᠭᠦᠯᠬᠦ ᠲᠥᠰᠦᠯ︾      ᠨᠢᠭᠡ᠄ ᠰᠢᠯᠢᠳᠡᠭ ᠢ ᠰᠢᠯᠭᠠᠷᠠᠭᠤᠯᠣᠨ᠂ ᠡᠯᠪᠡᠭ ᠳᠡᠯᠪᠡᠭ ᠬᠥᠬᠢᠭᠦᠯᠦᠨ ᠱᠠᠩᠨᠠᠨ᠎ᠠ᠃     ︽ᠬᠢᠶ᠎ᠠ ᠪᠠᠭᠰᠢ ᠲᠣᠭᠤᠷᠢᠭ ᠤᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠬᠥᠬᠢᠭᠦᠯᠦᠨ ᠱᠠᠩᠨᠠᠬᠤ ᠠᠷᠭ᠎ᠠ︾ ᠶᠢ ᠨᠡᠶᠢᠲᠡᠯᠡᠵᠦ᠂ ᠬᠢᠶ᠎ᠠ ᠪᠠᠭᠰᠢ ᠲᠣᠭᠤᠷᠢᠭ ᠤᠨ ᠰᠢᠯᠢᠳᠡᠭ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ ᠵᠢᠱᠢᠶᠡᠴᠢ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ ᠰᠢᠯᠭᠠᠷᠠᠭᠰᠠᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ ᠭᠠᠪᠢᠶ᠎ᠠ ᠪᠠᠶᠢᠭᠤᠯᠤᠭᠰᠠᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠰᠢᠯᠭᠠᠷᠠᠭᠤᠯᠣᠨ᠂ ᠱᠠᠩᠨᠠᠯ ᠤᠨ ᠮᠥᠩᠭᠦ  ᠱᠠᠩᠨᠠᠨ᠎ᠠ᠃     ᠬᠤᠶᠠᠷ᠄ ᠰᠢᠯᠢᠳᠡᠭ ᠠᠮᠵᠢᠯᠲᠠ ᠪᠦᠲᠦᠮᠵᠢ ᠭᠠᠷᠭᠠᠪᠠᠯ ᠰᠠᠶᠢᠨ ᠬᠠᠷᠠᠮᠵᠢ ᠣᠯᠭᠤᠨ᠎ᠠ᠃    ︽ᠣᠷᠳᠣᠰ ᠬᠤᠲᠠ ᠶᠢᠨ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠵᠢᠭᠦᠯᠬᠦ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠣᠰᠥᠯᠡᠨ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠲᠤᠰᠢᠶᠠᠯ ᠤᠨ ᠲᠠᠰ ᠤᠨ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠪᠣᠳᠠᠲᠠᠶ ᠵᠡᠷᠭᠡ ᠳᠡᠰ ᠬᠢᠭᠡᠳ ᠵᠣᠭᠤᠰ ᠤᠨ ᠲᠤᠭ᠎ᠠ ᠶᠢ ᠠᠳᠠᠯᠢ ᠪᠤᠰᠤ ᠰᠤᠷᠤᠯᠭ᠎ᠠ ᠶᠢᠨ ᠱᠠᠲᠤᠨ ᠤ ᠬᠢᠨᠠᠨ ᠰᠢᠯᠭᠠᠭᠰᠠᠨ ᠬᠢᠷᠢ ᠪᠦᠲᠦᠮᠵᠢ ᠵᠢᠴᠢ ᠰᠢᠨ᠎ᠡ ᠪᠠᠷ ᠪᠠᠶᠢᠭᠤᠯᠤᠭᠰᠠᠨ ᠪᠠᠭᠤᠷᠠᠶ ᠰᠤᠷᠭᠠᠭᠤᠯᠢ ᠮᠦᠨ ᠡᠰᠡᠬᠦ ᠶᠢ ᠦᠨᠳᠣᠰᠥᠯᠡᠨ ᠲᠥᠷᠥᠯ ᠬᠤᠪᠢᠶᠠᠨ ᠣᠯᠭᠤᠨ᠎ᠠ᠃     ᠭᠤᠷᠪᠠ᠄ ᠪᠡᠶ᠎ᠡ ᠰᠡᠳᠭᠢᠴᠡ ᠶᠢᠨ ᠡᠷᠡᠭᠦᠯ ᠮᠡᠨᠳᠦ ᠶᠢ ᠴᠢᠬᠤᠯᠠᠴᠢᠯᠠᠨ᠎ᠠ᠃     ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠨᠠᠰᠤᠨ ᠤ ᠣᠨᠴᠠᠯᠢᠭ᠂ ᠪᠡᠶ᠎ᠡ ᠮᠠᠬᠠᠪᠣᠳ ᠤᠨ ᠪᠠᠶᠢᠳᠠᠯ ᠲᠠᠢ ᠤᠶᠠᠯᠳᠤᠭᠤᠯᠤᠨ᠂ ᠵᠢᠯ ᠪᠦᠷᠢ ᠨᠢᠭᠡ ᠤᠳᠠᠭ᠎ᠠ ᠥᠨᠳᠥᠷ ᠪᠠᠷᠢᠮᠵᠢᠶᠠᠲᠤ ᠪᠥᠬᠦ ᠲᠠᠯ᠎ᠠ ᠶᠢᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠳᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠪᠠᠲᠤᠯᠠᠭ᠎ᠠ ᠶᠢ ᠰᠠᠶᠢᠲᠤᠷ  ᠬᠠᠩᠭᠠᠨ᠎ᠠ᠃     ᠲᠦᠷᠪᠡ᠄ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠦᠨ᠎ᠡ᠃     ᠵᠢᠯ ᠪᠦᠷᠢ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠵᠣᠬᠢᠶᠠᠨ ᠪᠠᠶᠢᠭᠤᠯᠤᠨ ᠤᠯᠤᠰ ᠤᠨ ᠳᠣᠲᠣᠭᠠᠳᠤ ᠶᠢᠨ ᠠᠵᠢᠯᠴᠢᠨ ᠤ ᠡᠪᠯᠡᠯ ᠤᠨ ᠰᠤᠪᠢᠯᠠᠯᠲᠠ ᠶᠢᠨ ᠰᠠᠭᠤᠷᠢᠨ ᠭᠠᠵᠠᠷ ᠲᠤ ᠬᠦᠷᠴᠦ ᠡᠷᠡᠭᠦᠯ ᠮᠡᠨᠳᠦ ᠪᠠᠷ ᠠᠮᠠᠷᠠᠬᠤ᠂ ᠴᠢᠯᠥᠭᠡᠲᠡᠶ ᠲᠠᠭᠠᠯᠠᠮᠵᠢᠲᠠᠶ ᠪᠠᠶᠢᠬᠤ ᠪᠠᠷ ᠭᠤᠤᠯ ᠪᠣᠯᠭᠠᠭᠰᠠᠨ ᠰᠤᠪᠢᠯᠠᠯᠲᠠ ᠶᠢᠨ ᠠᠵᠢᠯᠯᠠᠭ᠎ᠠ ᠥᠷᠨᠢᠭᠦᠯᠵᠦ᠂ ᠠᠵᠢᠯ ᠤᠨ ᠴᠢᠯᠦᠭᠡ ᠪᠠᠷ ᠢᠶᠠᠨ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠦᠨ᠎ᠡ᠃     ᠲᠠᠪᠤ᠄ ᠦᠷ᠎ᠠ ᠬᠡᠣᠬᠡᠳ ᠤᠨ ᠬᠢᠨᠢ ᠠᠵᠢᠯ ᠰᠣᠷᠣᠯᠴᠠᠯᠭ᠎ᠠ ᠳᠤ ᠳᠦᠭᠦᠮ ᠦᠵᠡᠭᠦᠯᠦᠨ᠎ᠡ᠃     ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠪᠠ ᠠᠵᠢᠯ ᠤᠯᠬᠤ ᠶᠢ ᠬᠠᠯᠠᠮᠵᠢᠯᠠᠨ ᠠᠩᠬᠠᠷᠴᠤ᠂ ᠦᠷ᠎ᠡ ᠬᠡᠤᠬᠡᠳ ᠨᠢ ᠡᠩ ᠤᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠭᠠᠭᠤᠯᠢ ᠳᠤ ᠰᠢᠯᠭᠠᠨ ᠣᠷᠣᠪᠠᠯ ᠱᠠᠩᠨᠠᠯ ᠤᠨ ᠮᠥᠩᠭᠦ ᠣᠯᠭᠤᠨ᠂ ᠦᠷ᠎ᠡ ᠬᠡᠦᠬᠡᠳ ᠨᠢ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠳᠤ ᠠᠵᠢᠯ  ᠣᠯᠪᠠᠯ᠂ ᠡᠯᠰᠡᠬᠦ ᠦᠶ᠎ᠡ ᠳᠤ ᠠᠳᠠᠯᠢ ᠨᠥᠬᠦᠴᠡᠯ ᠳᠣᠣᠷ᠎ᠠ ᠤᠷᠢᠳᠠᠪᠠᠷ ᠪᠣᠳᠣᠯᠬᠢᠯᠠᠨ᠎ᠠ᠃      ᠵᠢᠷᠭᠤᠭ᠎ᠠ᠄  ᠰᠠᠭᠠᠳ ᠦᠭᠡᠢ ᠡᠪᠡᠳᠴᠢᠨ ᠦᠵᠡᠭᠦᠯᠬᠦ ᠦᠢᠯᠡᠴᠢᠯᠡᠭᠡ ᠶᠢ ᠪᠠᠶᠢᠭᠤᠯᠤᠨ᠎ᠠ᠃      ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠰᠠᠭᠠᠳ ᠦᠭᠡᠢ ᠡᠪᠡᠳᠴᠢᠨ ᠦᠵᠡᠭᠦᠯᠬᠦ ᠦᠢᠯᠡᠴᠢᠯᠡᠭᠡ ᠶᠢ ᠪᠠᠶᠢᠭᠤᠯᠤᠨ᠎ᠠ᠃ ᠣᠨᠴᠣᠭᠤᠶ ᠪᠠᠶᠢᠳᠠᠯ ᠲᠠᠢ ᠪᠣᠯ ᠪᠡᠭᠡᠵᠢᠩ ᠵᠡᠷᠭᠡ ᠭᠠᠵᠠᠷ ᠤᠨ ᠤᠯᠤᠰ ᠤᠨ ᠳᠣᠲᠣᠭᠠᠳᠤ ᠶᠢᠨ ᠠᠯᠳᠠᠷᠲᠠᠶ ᠭᠤᠷᠪᠠᠳᠤᠭᠠᠷ ᠬᠥᠬᠡ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠳᠤ ᠬᠦᠷᠴᠦ ᠡᠮᠨᠡᠭᠦᠯᠬᠦ ᠶᠢ ᠵᠣᠬᠢᠴᠠᠭᠤᠯᠬᠤ ᠬᠡᠷᠡᠭᠲᠡᠶ᠃ ᠲᠤᠰ ᠬᠥᠮᠦᠨ ᠨᠢ ᠬᠦᠨᠳᠦ ᠡᠪᠡᠳᠴᠢᠨ ᠢᠶᠠᠷ ᠠᠪᠤᠷᠠᠨ ᠲᠤᠰᠠᠯᠠᠬᠤ ᠴᠢᠬᠤᠯᠠᠲᠠᠶ ᠪᠣᠯ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ᠃     ᠳᠤᠯᠤᠭ᠎ᠠ᠄ ᠠᠮᠤᠷ ᠲᠠᠶᠢᠪᠤᠩ ᠠᠵᠤ ᠲᠦᠷᠦᠭᠦ ᠶᠢ ᠪᠠᠳᠣᠯᠠᠨ᠎ᠠ᠃     ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠳᠤ ᠬᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠦᠵᠡᠭᠦᠯᠦᠨ᠎ᠡ᠃ ᠨᠥᠬᠦᠴᠡᠯ ᠳᠤ ᠨᠡᠶᠢᠴᠡᠬᠦ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠬᠠᠮᠢᠶ᠎ᠠ ᠪᠦᠬᠦᠢ ᠬᠤᠪᠢᠶᠠᠷᠢᠯᠠᠬᠤ ᠲᠥᠷᠥ ᠶᠢᠨ ᠪᠣᠳᠣᠯᠭ᠎ᠠ ᠶᠢ ᠤᠷᠢᠳᠠᠪᠠᠷ ᠬᠦᠷᠲᠡᠨ᠎ᠡ᠃ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠬᠢᠭᠡᠳ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠨ ᠤ ᠭᠡᠷ ᠪᠦᠯᠢ ᠶᠢᠨ ᠬᠢᠨ ᠤ ᠬᠤᠶᠠᠷ ᠭᠠᠵᠠᠷ ᠰᠠᠯᠵᠤ ᠰᠠᠭᠤᠬᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃     ᠨᠠᠢᠮᠠ᠄ ᠲᠡᠬᠡᠲᠦ ᠪᠠᠶᠢᠷᠢ ᠪᠠᠷ ᠲᠠᠭᠠᠭᠤᠯᠣᠨ᠎ᠠ᠃     ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠵᠢᠯᠣᠭᠤᠳᠣᠭᠴᠢ ᠪᠠᠭᠰᠢ ᠶᠢᠨ ᠲᠦᠷᠢᠮ ᠢ ᠬᠡᠷᠡᠭᠵᠢᠭᠦᠯᠵᠦ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠨᠢᠭᠡᠪᠦᠷᠢ ᠳᠤ ᠥᠪᠡᠷᠮᠢᠴᠡ ᠬᠥᠮᠦᠵᠢᠭᠦᠯᠦᠯ ᠤᠨ ᠲᠥᠰᠦᠯ ᠲᠣᠭᠲᠠᠭᠠᠨ᠂ ᠣᠨᠣᠯ ᠪᠠ ᠦᠢᠯᠡᠳᠦᠯᠭᠡ ᠶᠢᠨ ᠬᠤᠤᠰ ᠵᠢᠯᠣᠭᠤᠳᠣᠭᠴᠢ ᠪᠠᠭᠰᠢ ᠲᠣᠭᠢᠷᠠᠭᠤᠯᠵᠣ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ᠶᠠᠷᠢᠶᠠᠨ ᠤ ᠲᠠᠪᠴᠠᠩ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠳᠤ ᠲᠠᠪᠴᠠᠩ  ᠪᠠᠶᠢᠭᠤᠯᠣᠨ᠂ ᠰᠤᠷᠭᠠᠨ ᠬᠥᠮᠦᠵᠢᠯ ᠤᠨ ᠣᠨᠣᠯᠵᠢᠬᠤᠨ᠂ ᠬᠠᠮᠢᠶᠠᠷᠤᠯᠲᠠ ᠶᠢᠨ ᠬᠡᠪ ᠨᠠᠮᠪᠠ ᠶᠢ ᠨᠢᠭᠲᠠᠷᠠᠭᠤᠯᠪᠠ᠃     ᠶᠢᠰᠦ᠄ ᠵᠣᠣᠵᠠᠢ ᠬᠤᠯᠪᠣᠨ ᠣᠷᠣᠭᠰᠢᠯᠠᠨ᠎ᠠ᠃     ᠨᠠᠷᠠᠲᠤ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠠᠵᠢᠯᠯᠠᠬᠤ ᠲᠠᠰᠤᠭ ᠢ ᠪᠠᠶᠢᠭᠤᠯᠵᠤ᠂ ᠪᠡᠯᠡᠳᠬᠡᠯ ᠳᠠᠷᠤᠭ᠎ᠠ ᠶᠢᠨ ᠡᠩᠨᠡᠭᠡ ᠶᠢ ᠪᠠᠶᠢᠭᠤᠯᠣᠨ᠎ᠠ᠃ ᠰᠤᠳᠤᠯᠤᠨ ᠰᠤᠷᠤᠯᠴᠠᠬᠤ ᠰᠣᠯᠢᠯᠴᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠷᠣᠨ ᠪᠦᠰᠡ ᠶᠢᠨ ᠳᠣᠲᠣᠷᠠᠬᠢ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠡᠩᠨᠡᠭᠡ ᠶᠢᠨ ᠬᠡᠪ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠪᠠ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠲᠠᠶᠢᠴᠢᠯᠠᠬᠤ ᠶᠢ ᠪᠠᠳᠣᠯᠠᠨ᠎ᠠ᠃     ᠠᠷᠪᠠ᠄ ᠡᠷᠳᠡᠮ ᠰᠢᠨᠵᠢᠯᠡᠭᠡ ᠶᠢ ᠴᠢᠬᠤᠯᠠᠴᠢᠯᠠᠨ᠎ᠠ᠃     ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠦᠵᠡᠯ ᠰᠠᠨᠠᠭᠠᠨ ᠤ ᠭᠠᠷᠭᠠᠯᠲᠠ ᠶᠢ ᠵᠣᠷᠢᠭᠵᠢᠭᠤᠯᠤᠨ᠎ᠠ᠃ ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠰᠠᠯᠠᠭ᠎ᠠ ᠮᠥᠴᠢᠷ ᠲᠠᠢ ᠵᠣᠯᠭᠠᠭᠤᠯᠵᠤ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠲᠤᠰᠬᠠᠶ ᠵᠣᠬᠢᠶᠠᠯ ᠬᠡᠪᠯᠡᠬᠦ ᠳᠤ ᠬᠦᠴᠦᠨ ᠨᠡᠮᠡᠷᠢᠯᠡᠵᠦ᠂ ︽ᠨᠡᠷᠡᠲᠦ ᠲᠡᠮᠳᠡᠭᠲᠦ ᠰᠤᠷᠭᠠᠭᠤᠯᠢ ᠶᠢᠨ ᠵᠠᠬᠢᠷᠤᠯ︾ ᠢ ᠡᠭᠦᠳᠬᠦ ᠶᠢᠨ ᠬᠠᠮᠲᠤ ᠬᠡᠪᠯᠡᠭᠦᠯᠦᠭᠡᠳ ᠠᠮᠵᠢᠯᠲᠠ ᠣᠯᠤᠭᠰᠠᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠳᠤ ᠱᠠᠩᠨᠠᠯ ᠤᠨ ᠮᠥᠩᠭᠦ ᠣᠯᠭᠤᠨ᠎ᠠ᠃      ︽ᠬᠢᠶ᠎ᠠ ᠪᠠᠭᠰᠢ ᠲᠣᠭᠤᠷᠢᠭ ᠤᠨ ᠪᠠᠭᠰᠢ ᠳᠤ ᠬᠠᠶᠢᠷ᠎ᠠ ᠬᠠᠯᠠᠮᠵᠢ ᠬᠦᠷᠲᠡᠭᠡᠬᠦ ᠠᠷᠪᠠᠨ ᠵᠣᠷᠪᠣᠰ ᠬᠡᠷᠡᠭᠵᠢᠭᠦᠯᠬᠦ ᠲᠥᠰᠦᠯ︾      ᠨᠢᠭᠡ᠄ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠨ᠎ᠠ᠃     ᠪᠠᠭᠰᠢ ᠶᠢᠨ ︽ᠪᠦᠷᠢᠨ ᠴᠢᠳᠠᠮᠵᠢᠲᠣ ᠺᠠᠷᠲ︾ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠭᠰᠢ ᠶᠢᠨ ᠰᠠᠭᠠᠳ ᠦᠭᠡᠢ ᠡᠪᠡᠳᠴᠢᠨ ᠦᠵᠡᠭᠦᠯᠬᠦ ᠦᠢᠯᠡᠴᠢᠯᠡᠭᠡ ᠶᠢ ᠪᠠᠶᠢᠭᠤᠯᠤᠨ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠣᠷᠴᠢᠨ ᠲᠣᠭᠤᠷᠢᠨ ᠢ ᠪᠣᠶ ᠪᠣᠯᠭᠠᠨ᠎ᠠ᠃     ᠬᠤᠶᠠᠷ᠄ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠨ᠎ᠠ᠃     ᠵᠢᠯ ᠪᠦᠷᠢ ᠨᠢᠭᠡ ᠤᠳᠠᠭ᠎ᠠ ᠪᠠᠭᠰᠢ ᠶᠢᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠢ ᠰᠢᠯᠢᠳᠡᠭᠵᠢᠭᠦᠯᠬᠦ ᠶᠢᠨ ᠬᠠᠮᠲᠤ ᠪᠠᠭᠰᠢ ᠶᠢᠨ ᠰᠡᠳᠬᠢᠴᠡ ᠶᠢᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠬᠠᠩᠭᠠᠨ᠂ ᠪᠠᠭᠰᠢ ᠶᠢᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠦᠨᠡᠨᠬᠦ ᠬᠠᠯᠠᠮᠵᠢᠯᠠᠨ ᠬᠠᠶᠢᠷᠠᠯᠠᠬᠤ ᠬᠡᠷᠡᠭᠲᠡᠢ᠃     ᠭᠤᠷᠪᠠ᠄ ᠦᠷ᠎ᠠ ᠬᠡᠣᠬᠡᠳ ᠤᠨ ᠬᠢᠨᠢ ᠰᠣᠷᠭᠠᠭᠤᠯᠢ ᠣᠷᠣᠬᠤ ᠳᠤ ᠳᠦᠭᠦᠮ ᠦᠵᠡᠭᠦᠯᠦᠨ᠎ᠡ᠃     ᠪᠠᠭᠰᠢ ᠶᠢᠨ ᠦᠷ᠎ᠡ ᠬᠡᠦᠬᠡᠳ ᠤᠨ ᠰᠤᠷᠭᠠᠭᠤᠯᠢ᠂ ᠴᠡᠴᠡᠷᠯᠢᠭ ᠲᠤ ᠣᠷᠣᠬᠤ ᠭᠠᠷᠳᠠᠮ ᠢ ᠣᠷᠢᠳᠠᠪᠡᠷ ᠭᠦᠢᠴᠡᠳᠬᠡᠨ᠎ᠡ᠃ ᠣᠷᠣᠭᠤᠯᠤᠨ ᠠᠪᠴᠦ ᠢᠷᠡᠭᠰᠡᠨ ᠪᠠᠭᠰᠢ ᠶᠢᠨ ᠦᠷ᠎ᠡ ᠬᠡᠦᠬᠡᠳ  ᠨᠢ ᠰᠤᠷᠭᠠᠭᠤᠯᠢ ᠰᠢᠯᠵᠢᠬᠦ ᠴᠢᠬᠤᠯᠠᠲᠠᠶ ᠪᠠᠶᠢᠪᠠᠯ᠂ ᠣᠶᠢᠷ᠎ᠠ ᠬᠠᠪᠢ ᠳᠤᠨᠢ᠂ ᠳᠥᠭᠦᠮ ᠪᠠᠶᠢᠯᠭᠠᠬᠤ ᠵᠠᠷᠴᠢᠮ ᠶᠣᠰᠣᠭᠠᠷ᠂ ᠰᠤᠯᠠ ᠰᠡᠯᠡᠭᠦᠦ  ᠰᠣᠷᠣᠯᠭ᠎ᠠ ᠶᠢᠨ ᠨᠠᠮᠲᠠᠷ ᠲᠠᠢ ᠠᠯᠪᠠᠨ ᠠᠴᠠ ᠪᠠᠶᠢᠭᠤᠯᠤᠭᠰᠠᠨ ᠰᠤᠷᠭᠠᠭᠤᠯᠢ ᠶᠢ ᠰᠣᠩᠭᠤᠵᠤ ᠰᠤᠷᠤᠯᠴᠠᠭᠤᠯᠤᠨ᠎ᠠ᠃       ᠲᠦᠷᠪᠡ᠄ ᠠᠮᠤᠷ ᠲᠠᠶᠢᠪᠤᠩ ᠠᠵᠤ ᠲᠥᠷᠥᠭᠦᠯᠦᠨ᠎ᠡ᠃     ᠪᠠᠭᠰᠢ ᠨᠠᠷ ᠲᠤ ᠭᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠦᠵᠡᠭᠦᠯᠵᠦ᠂ ᠨᠥᠬᠦᠴᠡᠯ ᠳᠤ ᠨᠡᠶᠢᠴᠡᠬᠦ  ᠪᠠᠭᠰᠢ ᠨᠠᠷ ᠲᠤ ᠨᠡᠶᠢᠲᠡ ᠶᠢᠨ ᠲᠦᠷᠢᠶᠡᠰᠦᠨ ᠤ ᠭᠡᠷ ᠪᠠᠶᠢᠰᠢᠩ᠂ ᠴᠢᠳᠠᠪᠤᠷᠢᠲᠠᠨ ᠤ ᠡᠷᠭᠢᠯᠲᠡ ᠶᠢᠨ ᠭᠡᠷ ᠪᠠᠶᠢᠰᠢᠩ᠂ ᠴᠢᠳᠠᠪᠤᠷᠢᠲᠠᠨ ᠤ ᠨᠡᠶᠢᠲᠡ ᠶᠢᠨ ᠣᠷᠣᠨ ᠰᠠᠭᠤᠴᠠ ᠶᠢ ᠬᠤᠪᠢᠶᠠᠷᠢᠯᠠᠬᠤ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠪᠠᠭᠰᠢ ᠳᠤ ᠦᠨᠡᠨᠬᠦ ᠠᠮᠤᠷ ᠲᠠᠶᠢᠪᠤᠩ ᠠᠵᠤ ᠲᠥᠷᠥᠭᠦᠯᠦᠨ᠎ᠡ᠃     ᠲᠠᠪᠤ᠄  ᠭᠡᠷ ᠪᠦᠯᠢ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃     ᠪᠠᠭᠰᠢ ᠪᠠ ᠰᠤᠷᠭᠠᠨ ᠬᠥᠮᠦᠵᠢᠯ ᠤᠨ ᠰᠢᠰᠲ᠋ᠧᠮ ᠳᠤ ᠠᠵᠢᠯᠯᠠᠵᠤ ᠪᠠᠶᠢᠭ᠎ᠠ ᠠᠵᠢᠯᠲᠠᠨ ᠤ ᠭᠡᠷ ᠪᠦᠯᠢ ᠶᠢᠨ ᠬᠢᠨ ᠤ ᠬᠤᠶᠠᠷ ᠭᠠᠵᠠᠷ  ᠰᠠᠯᠠᠨ ᠰᠠᠭᠤᠵᠣ ᠪᠠᠶᠢᠭ᠎ᠠ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠨ᠎ᠡ᠃ ᠭᠠᠭᠴᠠ ᠪᠡᠶ᠎ᠡ ᠪᠠᠭᠰᠢ ᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠨᠥᠬᠦᠷᠯᠡᠯ ᠤᠨ ᠠᠵᠢᠯᠯᠠᠭ᠎ᠠ ᠥᠷᠨᠢᠭᠦᠯᠵᠦ᠂ ᠭᠠᠭᠴᠠ ᠪᠡᠶ᠎ᠡ ᠪᠠᠭᠰᠢ ᠶᠢᠨ ᠤᠷᠤᠭ ᠤᠨ ᠠᠰᠠᠭᠤᠳᠠᠯ ᠢ ᠲᠣᠬᠢᠲᠠᠶ ᠰᠢᠢᠳᠪᠦᠷᠢᠯᠡᠨ᠎ᠡ᠃     ᠵᠢᠷᠭᠤᠭ᠎ᠠ᠄ ᠬᠦᠴᠢᠷᠳᠡᠯ ᠲᠠᠢ ᠪᠠᠭᠰᠢ ᠶᠢ ᠢᠳᠡᠪᠬᠢᠯᠡᠨ ᠲᠣᠰᠠᠯᠠᠨ᠎ᠠ᠃     ᠬᠦᠴᠢᠷᠳᠡᠯᠲᠡᠶ ᠪᠠᠭᠰᠢ᠂ ᠬᠦᠨᠳᠦ ᠡᠪᠡᠳᠴᠢᠨ ᠲᠠᠢ ᠪᠠᠭᠰᠢ ᠶᠢ ᠲᠣᠭᠤᠷᠢᠭ ᠤᠨ ᠲᠠᠰ ᠤᠨ ᠬᠦᠴᠢᠷᠳᠡᠯ ᠲᠠᠢ ᠠᠪᠤᠷᠠᠨ ᠲᠤᠰᠠᠯᠠᠬᠤ  ᠬᠡᠪᠴᠢᠶᠡᠨ ᠳᠤ ᠣᠷᠣᠭᠤᠯᠬᠤ ᠶᠢᠨ ᠬᠠᠮᠲᠤ ᠨᠡᠶᠢᠭᠡᠮ ᠠᠴᠠ ᠲᠤᠰᠠᠯᠠᠮᠵᠢ ᠣᠯᠬᠤ ᠪᠠᠷ ᠢᠳᠡᠪᠬᠢᠯᠡᠨ ᠴᠢᠷᠮᠠᠶᠢᠵᠤ᠂ ᠠᠮᠢᠳᠤᠷᠠᠯ ᠤᠨ ᠲᠠᠯ᠎ᠠ ᠪᠠᠷ ᠬᠦᠴᠢᠷᠳᠡᠯ ᠲᠠᠢ ᠪᠠᠭᠰᠢ᠂ ᠬᠦᠨᠳᠦ ᠡᠪᠡᠳᠴᠢᠨ ᠠᠴᠠ ᠪᠣᠯᠵᠤ ᠶᠠᠳᠠᠭᠤᠷᠠᠭᠰᠠᠨ ᠪᠠᠭᠰᠢ ᠶᠢ ᠬᠠᠪᠰᠤᠷᠤᠨ ᠲᠡᠳᠬᠦᠬᠦ ᠳᠤ ᠲᠤᠰᠬᠠᠶᠢᠯᠠᠨ ᠬᠡᠷᠡᠭᠯᠡᠵᠦ᠂ ᠪᠠᠭᠰᠢ ᠶᠢᠨ ᠠᠮᠢᠳᠤᠷᠠᠯ ᠤᠨ ᠨᠥᠬᠦᠴᠡᠯ ᠢ ᠦᠨᠡᠨᠬᠦ ᠪᠠᠲᠤᠯᠠᠨ᠎ᠠ᠃     ᠳᠤᠯᠤᠭ᠎ᠠ᠄ ᠴᠠᠯᠢᠩ ᠣᠯᠭᠤᠮᠵᠢ ᠶᠢ ᠦᠨᠡᠨᠬᠦ ᠳᠡᠭᠡᠭᠰᠢᠯᠡᠭᠦᠯᠦᠨ᠎ᠡ᠃     ᠪᠠᠭᠰᠢ ᠶᠢᠨ ᠦᠷ᠎ᠡ ᠪᠦᠲᠦᠮᠵᠢ ᠶᠢᠨ ᠴᠠᠯᠢᠩ ᠢ ᠱᠠᠩᠨᠠᠨ ᠬᠥᠬᠢᠭᠦᠯᠬᠦ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠷᠡᠲᠦ ᠪᠠᠭᠰᠢ᠂ ᠭᠤᠤᠯᠯᠠᠭᠴᠢ ᠪᠠᠭᠰᠢ᠂ ᠰᠢᠯᠢᠳᠡᠭ ᠴᠢᠳᠠᠪᠤᠷᠢᠲᠠᠨ ᠢ ᠱᠠᠩᠨᠠᠨ᠂  ᠪᠠᠭᠰᠢ ᠨᠠᠷ ᠤᠨ ᠴᠠᠯᠢᠩ ᠣᠯᠭᠤᠮᠵᠢ ᠶᠢ ᠦᠨᠡᠨᠬᠦ ᠳᠡᠭᠡᠭᠰᠢᠯᠡᠭᠦᠯᠦᠨ᠎ᠡ᠃     ᠨᠠᠢᠮᠠ᠄ ᠠᠵᠢᠯ ᠤᠨ ᠳᠠᠷᠤᠯᠲᠠ ᠶᠢ ᠦᠨᠡᠨᠬᠦ ᠬᠦᠩᠭᠡᠷᠡᠭᠦᠯᠦᠨ᠎ᠡ᠃     ᠰᠤᠷᠭᠠᠭᠤᠯᠢ ᠶᠢᠨ ᠭᠠᠳᠠᠨᠠᠬᠢ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠡᠷᠡᠰ ᠬᠢᠵᠠᠭᠠᠷᠯᠠᠵᠤ᠂ ᠪᠠᠭᠰᠢ ᠶᠢᠨ ᠦᠷ᠎ᠡ ᠬᠡᠤᠬᠡᠳ ᠢ ᠬᠤᠶᠢᠰᠢᠯᠠᠭᠤᠯᠤᠨ ᠨᠠᠶᠢᠳᠠᠨ ᠬᠠᠮᠢᠶᠠᠷᠤᠭᠤᠯᠬᠤ ᠵᠡᠷᠭᠡ ᠦᠢᠯᠡᠴᠢᠯᠡᠭᠡ ᠭᠠᠷᠭᠠᠨ᠂ ᠪᠠᠭᠰᠢ ᠶᠢᠨ ᠠᠵᠢᠯ ᠤᠨ ᠳᠠᠷᠤᠯᠲᠠ ᠬᠢᠭᠡᠳ ᠦᠷ᠎ᠡ ᠬᠡᠤᠬᠡᠳ ᠢ ᠬᠦᠯᠢᠶᠡᠨ ᠠᠪᠴᠤ ᠬᠦᠷᠭᠡᠬᠦ ᠳᠠᠷᠤᠭᠠᠰᠤ ᠶᠢ ᠦᠨᠡᠨᠬᠦ ᠬᠦᠩᠭᠡᠷᠡᠭᠦᠯᠦᠨ᠎ᠡ᠃     ᠶᠢᠰᠦ᠄ ᠬᠠᠤᠯᠢ ᠶᠢᠨ ᠲᠤᠰᠠᠯᠠᠮᠵᠢ ᠶᠢᠨ ᠪᠠᠲᠤᠯᠠᠭ᠎ᠠ ᠬᠠᠩᠭᠠᠨ᠎ᠠ᠃     ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠤᠨ ᠪᠠᠭᠰᠢ ᠨᠠᠷ ᠲᠤ ᠬᠠᠤᠯᠢ ᠴᠠᠭᠠᠵᠠ ᠶᠢᠨ ᠯᠠᠪᠯᠠᠭ᠎ᠠ᠂ ᠬᠠᠤᠯᠢᠴᠢ ᠶᠢᠨ ᠲᠤᠰᠠᠯᠠᠮᠵᠢ᠂ ᠪᠢᠴᠢᠭ ᠬᠠᠷ᠎ᠠ ᠶᠢ ᠣᠷᠣᠯᠠᠨ ᠪᠢᠴᠢᠬᠦ ᠵᠡᠷᠭᠡ ᠬᠠᠤᠯᠢ ᠶᠢᠨ ᠲᠤᠰᠠᠯᠠᠮᠵᠢ ᠶᠢᠨ ᠪᠠᠲᠤᠯᠠᠭ᠎ᠠ ᠬᠠᠩᠭᠠᠨ᠂ ᠢᠯᠠᠩᠭᠤᠶ᠎ᠠ ᠭᠡᠷ ᠤᠨ ᠠᠬᠠᠮᠠᠳ ᠤᠨ ᠵᠠᠭᠠᠯᠳᠤᠭᠰᠠᠨ ᠵᠦᠢᠯᠡᠰ ᠢ ᠪᠠᠶᠢᠴᠠᠭᠠᠨ ᠰᠢᠢᠳᠪᠦᠷᠢᠯᠡᠬᠦ ᠳᠤᠮᠳᠠ᠂ ᠪᠠᠭᠰᠢ ᠶᠢᠨ ᠵᠢᠭᠠᠨ ᠰᠣᠷᠭᠠᠯᠲᠠ ᠶᠢᠨ ᠶᠠᠪᠣᠴᠠ ᠳᠠᠬᠢ ᠵᠠᠯᠬᠠᠭᠠᠨ ᠴᠡᠭᠡᠷᠯᠡᠭᠦᠯᠬᠦ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃     ᠠᠷᠪᠠ᠄ ᠪᠠᠭᠰᠢ ᠶᠢ ᠬᠦᠨᠳᠦᠳᠬᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠨ᠎ᠠ᠃     ᠪᠠᠭᠰᠢ ᠶᠢ ᠵᠥᠪ ᠲᠠᠯ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠳᠬᠠᠵᠤ᠂ ᠡᠯ᠎ᠡ ᠱᠠᠲᠤᠨ ᠤ ᠡᠯ᠎ᠡ  ᠵᠣᠶᠢᠯ ᠤᠨ ᠵᠠᠭᠤᠴᠢᠯᠠᠭᠤᠷ ᠢ ᠵᠣᠬᠢᠴᠠᠭᠤᠯᠵᠤ ᠪᠠᠶᠢᠭᠠᠳ ᠨᠢᠭᠡᠳᠦᠭᠡᠷ ᠹᠷᠣᠨᠲ ᠲᠤ ᠴᠣᠯᠭᠤᠷᠠᠨ ᠭᠠᠷᠤᠭᠰᠠᠨ ᠰᠢᠯᠢᠳᠡᠭ ᠪᠠᠭᠰᠢ ᠶᠢ ᠶᠡᠬᠡᠪᠡᠷ ᠣᠬᠠᠭᠤᠯᠣᠨ᠂ ᠣᠯᠠᠨ ᠵᠦᠢᠯ ᠤᠨ ᠪᠠᠭᠰᠢ ᠶᠢ ᠬᠦᠨᠳᠦᠳᠬᠡᠬᠦ ᠠᠵᠢᠯᠯᠠᠭ᠎ᠠ ᠶᠢ ᠥᠷᠨᠢᠭᠦᠯᠵᠦ᠂ ᠪᠠᠭᠰᠢ ᠶᠢ ᠬᠦᠨᠳᠦᠳᠬᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠨ᠎ᠠ᠃ 
ᠢᠷᠡᠯᠲᠡ᠄ ᠲᠣᠰ ᠰᠥᠯᠵᠢᠶ᠎ᠡ