ᠣᠷᠳᠣᠰ ᠬᠢᠶ᠎ᠠ ᠵᠠᠰᠠᠭ ᠠᠯᠪᠠᠨ ᠲᠠᠷᠬᠠᠭᠠᠭᠰᠠᠨ 〔2023〕69 ᠳ᠋ᠤᠬᠡᠷ ᠲᠣᠭᠠᠲᠤ | | | | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠮᠠᠨ ᠤ ᠲᠣᠭᠤᠷᠢᠭ ᠤᠨ ᠬᠡᠰᠡᠭ ᠲᠠᠷᠢᠶᠠᠨ ᠭᠠᠵᠠᠷ ᠤᠨ ᠲᠠᠷᠢᠶᠠᠯᠠᠭ᠎ᠠ ᠥᠬᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠲᠠᠷᠢᠶᠠᠨ ᠭᠠᠵᠠᠷ ᠢ | ᠠᠲᠠᠷᠰᠢᠭᠤᠯᠬᠤ ᠦᠵᠡᠭᠳᠡᠯ ᠢ ᠪᠦᠲᠦᠮᠵᠢᠲᠡᠶ ᠰᠠᠶᠢᠵᠢᠷᠠᠭᠤᠯᠤᠨ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠩᠭᠢᠯᠠᠭ᠎ᠠ ᠶᠢᠨ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠴᠢᠬᠤᠯᠠ ᠦᠢᠯᠡᠳᠦᠯ ᠢ ᠳᠡᠭᠡᠭᠰᠢᠯᠡᠬᠦᠯᠵᠦ᠂ ᠣᠲᠣ ᠶᠢᠨ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠨ᠂ ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠬᠦ ᠶᠢᠨ ᠲᠥᠯᠥᠭᠡ ᠂ ᠰᠤᠳᠤᠯᠤᠨ ᠲᠣᠭᠲᠠᠭᠠᠬᠤ ᠪᠠᠷ ᠳᠡᠮᠵᠢᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠷᠣᠯᠠᠨ ᠳᠠᠷᠢᠬᠤ ᠠᠵᠢᠯ ᠤᠨ | ᠲᠤᠰᠬᠠᠶ ᠠᠩᠭᠢ ︵ᠳᠣᠷᠣᠭᠰᠢ ︽ᠠᠵᠢᠯ ᠤᠨ ᠲᠤᠰᠬᠠᠶ ᠠᠩᠭᠢ︾ ᠭᠡᠵᠦ ᠲᠣᠪᠴᠢᠯᠠᠨ᠎ᠠ︶ ᠶᠢ ᠪᠠᠶᠢᠭᠤᠯᠪᠠ᠃ | ᠨᠢᠭᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠳᠤᠭᠤᠶᠢᠯᠠᠩ ᠤᠨ ᠳᠠᠷᠤᠭ᠎ᠠ᠄ ᠳ᠋ᠦ᠋ ᠵᠢᠶᠠ ᠪᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠵᠠᠩ ᠶᠤᠸᠠᠢ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠵᠠᠩ ᠶᠦᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ | ᠪᠦᠷᠢᠯᠳᠦᠬᠦᠨ᠄ ᠳ᠋ᠠᠩ ᠵᠢᠩ ᠷᠦ᠋ ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠶᠠᠩ ᠭᠦᠸᠧ ᠶᠧ ᠺᠠᠩ ᠰᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠬᠠᠨ ᠫᠧᠩ ᠹᠸᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠱᠧ ᠬᠠᠢ ᠮᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ | ᠴᠧᠩ ᠵᠢᠶᠧ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠲᠣᠪᠴᠢᠶᠠᠨ ᠳᠠᠷᠤᠭ᠎ᠠ | ᠯᠢᠦ ᠬᠤᠢ ᠴᠢᠶᠠᠩ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶᠠᠨ ᠤ ᠳᠡᠳ᠋ ᠲᠣᠪᠴᠢᠶᠠᠨ ᠳᠠᠷᠤᠭ᠎ᠠ | ᠰᠥᠩ ᠰᠢᠶᠠᠨ ᠯᠸᠢ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶᠠᠨ ᠤ ᠲᠣᠪᠴᠢᠶᠠᠨ ᠳᠠᠷᠤᠭ᠎ᠠ | ᠵᠠᠩ ᠰᠤ᠋ ᠲᠣᠭᠤᠷᠢᠭ ᠤᠨ ᠦᠨᠳᠣᠷ ᠶᠠᠰᠤ ᠴᠢᠨᠠᠷᠲᠠᠢ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠠᠵᠢᠯ ᠤᠨ ᠲᠤᠰᠬᠠᠶ ᠠᠩᠭᠢ ᠨᠢ ᠳᠣᠣᠷ᠎ᠠ ᠪᠠᠨ ᠠᠯᠪᠠᠨ ᠭᠡᠷ ᠪᠠᠶᠢᠭᠤᠯᠵᠤ᠂ ᠠᠵᠢᠯ ᠤᠨ ᠲᠤᠰᠬᠠᠶ ᠠᠩᠭᠢ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ | ᠃ ᠠᠯᠪᠠᠨ ᠭᠡᠷ ᠢ ᠦᠨᠳᠣᠷ ᠶᠠᠰᠤ ᠴᠢᠨᠠᠷᠲᠠᠢ ᠪᠡᠯᠡ ᠣᠷᠣᠭᠤᠯᠤᠯᠲᠠ ᠶᠢᠨ ᠺᠣᠮᠫᠠᠨᠢ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠵᠠᠩ ᠰᠦ᠋ ᠨᠦᠬᠦᠷ | ᠬᠠᠪᠰᠤᠷᠭᠠᠨ ᠡᠭᠦᠷᠭᠡᠯᠡᠨ᠎ᠡ᠃ ᠠᠯᠪᠠᠨ ᠭᠡᠷ ᠤᠨ ᠪᠦᠷᠢᠯᠳᠦᠬᠦᠨ ᠨᠢ ᠵᠠᠩ ᠸᠧᠢ᠂ ᠯᠢ ᠪᠢᠨ᠂ ᠯᠢ ᠱᠤᠸᠠᠩ ᠯᠦᠩ᠂ ᠼᠤᠤ ᠢᠦᠢ᠂ ᠯᠢᠦ ᠰᠢᠨ᠂ ᠪᠠᠢ ᠰᠢᠤᠢ ᠪᠠᠷ | ᠪᠦᠷᠢᠯᠳᠣᠨᠠ᠃ | ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ | 1. ᠠᠵᠢᠯ ᠤᠨ ᠲᠤᠰᠬᠠᠶ ᠠᠩᠭᠢ ᠨᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠬᠠᠮᠢᠶ᠎ᠠ ᠪᠥᠬᠦᠶ ᠡᠭᠦᠷᠭᠡ ᠶᠢ ᠬᠤᠪᠢᠶᠠᠷᠢᠯᠠᠨ ᠪᠠᠭᠤᠯᠭᠠᠬᠤ ᠶᠢ ᠬᠠᠷᠢᠭᠤᠴᠠᠨ᠎ᠠ᠃ | 2. ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠢᠭᠡᠨᠲᠡ ᠲᠠᠲᠠᠪᠤᠷᠢᠯᠠᠭᠰᠠᠨ ᠭᠠᠵᠠᠷ ᠰᠢᠷᠣᠶ ᠶᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠲᠤ | ᠳᠠᠷᠢᠬᠤ ᠶᠠᠪᠤᠳᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠶᠢ ᠰᠢᠮᠳᠠᠭᠤᠯᠤᠨ᠎ᠠ᠃ | 3. ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠣᠷᠣᠯᠠᠨ ᠲᠠᠷᠢᠬᠤ ᠬᠡᠷᠡᠭᠵᠢᠭᠦᠯᠬᠦ ᠲᠥᠰᠥᠯ ᠵᠡᠷᠭᠡ ᠶᠢ ᠲᠣᠭᠲᠠᠭᠠᠨ᠎ᠠ᠃ | ᠭᠤᠷᠪᠠ᠂ ᠠᠵᠢᠯ ᠤᠨ ᠲᠣᠭᠲᠠᠴᠠ | 1. ᠤᠳᠤᠷᠢᠳᠬᠤ ᠳᠤᠭᠤᠶᠢᠯᠠᠩ ᠳᠤ ᠠᠵᠢᠯ ᠤᠨ ᠬᠤᠷᠠᠯ ᠤᠨ ᠳᠦᠷᠢᠮ ᠢ ᠬᠡᠷᠡᠭᠵᠢᠭᠦᠯᠵᠦ᠂ ᠠᠵᠢᠯ ᠤᠨ ᠬᠤᠷᠠᠯ ᠢ ᠳᠤᠭᠤᠶᠢᠯᠠᠩ ᠤᠨ ᠳᠠᠷᠤᠭ᠎ᠠ᠂ | ᠳᠤᠭᠤᠶᠢᠯᠠᠩ ᠤᠨ ᠳᠡᠳ᠋ ᠳᠠᠷᠤᠭ᠎ᠠ ᠪᠤᠶᠤ ᠨᠠᠶᠢᠳᠠᠭᠰᠠᠨ ᠪᠦᠷᠢᠯᠳᠦᠬᠦᠨ ᠨᠢᠭᠡᠴᠡ ᠬᠤᠷᠠᠯᠳᠤᠭᠤᠯᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠲᠠᠮᠠᠯ | ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠴᠢᠬᠤᠯᠠ ᠲᠠᠢ ᠦᠶ᠎ᠡ ᠳᠤ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠤᠷᠢᠵᠤ ᠣᠷᠣᠯᠴᠠᠭᠤᠯᠤᠨ᠎ᠠ᠃ | 2. ᠡᠯ᠎ᠡ ᠪᠦᠷᠢᠯᠳᠦᠬᠦᠨ ᠨᠢᠭᠡᠴᠡ ᠨᠦᠭᠦᠳ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠮᠠᠨ ᠤ ᠲᠣᠭᠤᠷᠢᠭ ᠤᠨ ᠲᠠᠷᠢᠶᠠᠨ ᠭᠠᠵᠠᠷ ᠤᠨ | ᠲᠠᠷᠢᠶᠠᠯᠠᠭ᠎ᠠ ᠶᠢᠨ ᠡᠯ᠎ᠡ ᠵᠦᠢᠯ ᠤᠨ ᠠᠵᠢᠯ ᠢ ᠬᠠᠮᠲᠤᠪᠠᠷ ᠲᠦᠯᠭᠢᠨ ᠠᠬᠢᠭᠤᠯᠣᠨ᠎ᠠ᠃ | 3. ᠬᠤᠶᠢᠰᠢᠳᠠ ᠲᠣᠭᠤᠷᠢᠭ ᠤᠨ ᠤᠳᠤᠷᠢᠳᠤᠯᠭ᠎ᠠ ᠠᠴᠠ ᠪᠣᠰᠣᠳ ᠤᠳᠤᠷᠢᠳᠬᠤ ᠳᠤᠭᠤᠶᠢᠯᠠᠩ ᠤᠨ ᠬᠥᠮᠦᠰ ᠲᠤ ᠬᠤᠪᠢᠷᠠᠯᠲᠠ ᠭᠠᠷᠪᠠᠯ᠂ ᠲᠡᠭᠦᠨ ᠤ ᠵᠠᠰᠠᠭ | ᠵᠠᠬᠢᠷᠭᠠᠨ ᠤ ᠲᠤᠰᠢᠶᠠᠯ ᠢ ᠣᠷᠣᠯᠠᠨ ᠬᠠᠷᠢᠭᠤᠴᠠᠵᠤ ᠪᠠᠶᠢᠭ᠎ᠠ ᠬᠥᠮᠦᠰ ᠥᠪᠡᠰᠦᠪᠡᠨ ᠣᠷᠣᠯᠠᠨ᠎ᠠ᠃ ᠲᠣᠰ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠤᠳᠤᠷᠢᠳᠬᠤ | ᠳᠤᠭᠤᠶᠢᠯᠠᠩ ᠨᠢ ᠥᠪᠡᠷ ᠢᠶᠠᠨ ᠬᠦᠴᠦᠨ ᠦᠬᠡᠢ ᠪᠣᠯᠵᠤ᠂ ᠠᠯᠪᠠᠨ ᠪᠢᠴᠢᠭ ᠢᠶᠠᠷ ᠮᠡᠳᠡᠭᠳᠡᠭᠦ ᠦᠬᠡᠢ᠃ | | | ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 8 ᠰᠠᠷ᠎ᠠ ᠶᠢᠨ 30 ᠤ ᠡᠳᠦᠷ | | | | | |