ᠬᠤᠳᠠ ᠶᠢᠨ ᠵᠠᠰᠠᠭ ᠤᠨ ᠤᠷᠳᠤᠨ ᠪᠠᠶᠢᠡᠭᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/8
     ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ 11 ᠰᠠᠷ᠎ᠠ ᠶᠢᠨ 27 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠲᠡᠭᠡᠷ᠎ᠠ ᠲᠠᠯᠪᠢᠬᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠶ ᠤᠷᠴᠢᠨ ᠲᠤᠭᠤᠷᠢᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠭᠢᠷᠢ ᠲᠦᠪᠰᠢᠨ ᠢ ᠦᠷᠭᠦᠯᠵᠢᠯᠡᠨ ᠲᠡᠭᠡᠭᠰᠢᠯᠡᠭᠦᠯᠭᠦ ᠭᠡᠷᠡᠭᠳᠡᠢ᠃ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠶ ᠨᠡᠭᠡᠭᠡᠵᠦ᠂ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠶᠢ ᠠᠭᠤᠰᠤᠯᠴᠠᠭᠤᠯᠤᠨ ᠬᠥᠭᠵᠢᠬᠦᠯᠭᠦ ᠶᠢ ᠠᠬᠢᠭᠤᠯᠵᠤ᠂ ᠣᠷᠣᠨ ᠪᠦᠰᠡ ᠠᠯᠤᠰᠯᠠᠬᠰᠠᠨ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠭᠦᠳᠡᠯᠭᠡᠭᠦ ᠭᠦᠴᠦᠨ᠂ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠡᠭᠦᠳᠭᠦ ᠭᠡᠷᠡᠭᠳᠡᠢ ᠭᠡᠵᠤ ᠴᠢᠬᠤᠯᠠᠴᠢᠯᠡᠪᠡ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠮᠠᠨ ᠤ ᠬᠤᠲᠠ ᠳᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠭᠢᠵᠤ ᠵᠢᠭᠠᠨ ᠵᠢᠯᠤᠭᠤᠳᠬᠤ ᠦᠶ᠎ᠡ ᠶᠢᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠡᠪᠡ᠃ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠰᠠᠶᠢᠲᠤᠷ ᠭᠦᠭᠵᠢᠭᠦᠯᠵᠤ᠂ ᠳᠠᠪᠠᠭᠤᠯᠢᠭ ᠲᠠᠢ ᠲᠠᠷᠢᠶᠠᠯᠠᠩ ᠮᠠᠯ ᠠᠵᠤ ᠠᠬᠤᠢ ᠶᠢ ᠭᠡᠪᠴᠢᠶᠡᠵᠢᠭᠦᠯᠭᠦ᠂ ᠠᠵᠤ ᠦᠢᠯᠡᠰᠵᠢᠭᠦᠯᠭᠦ᠂ ᠨᠡᠷᠡᠳᠦ ᠲᠡᠮᠳᠡᠭᠵᠢᠭᠦᠯᠭᠦ ᠶᠢ ᠲᠦᠷᠭᠡᠳᠭᠡᠨ᠂ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠶᠡᠭᠡ ᠪᠠᠷ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠤᠤᠯᠳᠠᠯᠭ᠎ᠠ ᠲᠠᠢ ᠠᠵᠢᠯ ᠤᠨ ᠰᠢᠨ᠎ᠡ ᠰᠢᠪᠲᠤᠯᠤᠯᠲᠠ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠭᠡᠷᠡᠭᠳᠡᠢ ᠭᠡᠵᠤ ᠴᠢᠬᠤᠯᠠᠴᠢᠯᠡᠪᠡ᠃     ᠬᠤᠷᠠᠯ ᠠᠴᠠ ᠪᠦᠬᠦ ᠣᠷᠣᠨ ᠤ ᠰᠢᠨ᠎ᠡ ᠭᠡᠯᠪᠠᠷᠢ ᠶᠢᠨ ᠠᠵᠤ ᠦᠢᠯᠡᠳᠪᠦᠷᠢᠵᠢᠯᠲᠡ ᠶᠢ ᠠᠭᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠲᠣᠬᠢᠷᠠᠭᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽1+7︾ ᠶᠢᠨ ᠲᠥᠷᠥ ᠶᠢᠨ ᠪᠣᠳᠣᠯᠭ᠎ᠠ ᠶᠢᠨ ᠲᠤᠬᠳᠠᠯᠴᠠᠭ᠎ᠠ ᠶᠢ ᠨᠠᠷᠢᠨ ᠭᠢᠨᠠᠮᠠᠭᠠᠢ ᠰᠤᠳᠤᠯᠵᠤ᠂ ᠮᠠᠨ ᠤ ᠬᠤᠲᠠ ᠶᠢᠨ ᠢᠵᠢ ᠲᠦᠭᠦᠷ ᠲᠥᠷᠥ ᠶᠢᠨ ᠪᠣᠳᠣᠯᠭ᠎ᠠ ᠪᠠ ᠨᠠᠶᠢᠳᠠᠪᠤᠷᠢᠵᠢᠭᠤᠯᠬᠤ ᠲᠥᠰᠦᠯ ᠢ ᠲᠠᠷᠤᠢ ᠲᠦᠷᠭᠡᠨ ᠲᠤᠬᠳᠠᠭᠠᠵᠤ᠂ ᠡᠪᠦᠯ ᠤᠨ ᠤᠯᠠᠷᠢᠯ ᠤᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢ ᠪᠦᠭᠦ ᠲᠠᠯ᠎ᠠ ᠪᠠᠷ ᠡᠭᠢᠯᠡᠭᠦᠯᠵᠤ᠂ ᠰᠠᠶᠢᠨ ᠲᠦᠷᠦᠯ ᠵᠦᠢᠯ ᠢᠶᠠᠷ ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠶ ᠠᠭᠢᠴᠠ ᠶᠢ ᠲᠤᠯᠭᠠᠭᠤᠷᠢᠯᠠᠬᠤ ᠭᠡᠷᠡᠭᠳᠡᠢ ᠭᠡᠵᠤ ᠴᠢᠬᠤᠯᠠᠴᠢᠯᠠᠪᠠ᠃     ᠬᠤᠷᠠᠯ ᠠᠴᠠ᠂ ᠪᠦᠬᠦ ᠤᠯᠤᠰ ᠤᠨ ᠠᠶᠤᠯ ᠦᠭᠡᠢ ᠦᠢᠯᠡᠳᠪᠤᠷᠢᠯᠠᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠤᠬᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠳᠠᠯᠳᠠ ᠭᠡᠮ ᠢ ᠵᠢᠬᠰᠠᠭᠠᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠶᠢ ᠭᠦᠴᠦᠳᠠᠢ ᠠᠭᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠢᠯ ᠤᠨ ᠡᠴᠦᠰ ᠪᠠ ᠵᠢᠯ ᠤᠨ ᠡᠭᠢᠨ ᠤ ᠠᠶᠤᠯ ᠦᠭᠡᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠭᠢᠵᠤ᠂ ᠤᠨᠴᠠ ᠶᠡᠭᠡ ᠡ᠊ᠨᠳᠠᠯ ᠭᠡᠷᠡᠭ ᠡᠭᠦᠰᠭᠦ ᠶᠢ ᠡᠷᠡᠰ ᠰᠡᠷᠭᠡᠶᠢᠯᠡᠭᠦ ᠭᠡᠷᠡᠭᠳᠡᠢ ᠭᠡᠵᠤ ᠴᠢᠬᠤᠯᠠᠴᠢᠯᠡᠪᠡ᠃     ᠬᠤᠷᠠᠯ ᠠᠴᠠ ᠪᠠᠰᠠ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠨᠡᠭᠦᠷᠡᠰᠦᠨ ᠤ ᠡᠬᠢ ᠪᠠᠶᠠᠯᠢᠭ ᠤᠨ ᠭᠦᠷᠢᠶᠠᠨ ᠳᠠᠬᠢ ᠲᠥᠷᠢᠮ ᠠᠴᠠ ᠵᠥᠷᠢᠴᠡᠵᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠵᠡᠷᠭᠡ ᠠᠵᠢᠯ ᠤᠳ ᠢ ᠰᠤᠳᠤᠯᠪᠠ᠃ 
ᠢᠷᠡᠯᠲᠡ᠄ ᠤᠷᠳᠤᠰ ᠤᠨ ᠡᠳᠤᠷ ᠤᠨ ᠰᠤᠨᠢᠨ