︽ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠢᠯᠣᠭᠤᠳᠤᠮᠵᠢ︾ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/12/8
       ᠤᠷᠳᠤᠰ ᠬᠢᠶ᠎ᠠ ᠵᠠᠰᠠᠭ ᠠᠯᠪᠠᠨ ᠲᠠᠷᠬᠠᠭᠠᠭᠰᠠᠨ〔 2023〕56 ᠳ᠋ᠤᠭᠠᠷ ᠲᠤᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ᠄       ︽ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠢᠯᠣᠭᠤᠳᠤᠮᠵᠢ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠯᠠᠪᠯᠠᠯᠲᠠ ᠪᠣᠯᠭᠠᠨ ᠬᠡᠷᠡᠭᠵᠢᠭᠦᠯᠲᠦᠭᠡᠢ᠃                     ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2023 ᠣᠨ ᠤ 7 ᠰᠠᠷ᠎ᠠ ᠶᠢᠨ 18  ᠤ ᠡᠳᠦᠷ        ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ              ᠰᠢᠢᠳᠪᠦᠷᠢᠲᠦ ᠪᠣᠳᠣᠯᠭ᠎ᠠ  ᠶᠢᠨ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠢᠯᠣᠭᠤᠳᠤᠮᠵᠢ         ᠨᠢᠭᠡᠳᠦᠭᠡᠷ ᠵᠤᠷᠪᠤᠰ    ᠲᠤᠭᠤᠷᠢᠭ ‍ᠤᠨ‌ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠠᠵᠢᠯᠯᠠᠭ᠎ᠠ  ᠶᠢ ᠳᠦᠷᠢᠮᠵᠢᠭᠦᠯᠵᠦ᠂ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠤᠨ ᠭᠠᠷᠴᠠᠭ ᠤᠨ ᠬᠠᠮᠢᠶᠠᠷᠤᠯᠲᠠ ᠶᠢ ᠴᠢᠩᠭᠠᠳᠬᠠᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠠᠤᠯᠢ ᠶᠣᠰᠣᠭᠠᠷ ᠵᠠᠰᠠᠭ  ᠵᠠᠬᠢᠷᠭᠠᠨ ᠤ ᠴᠢᠳᠠᠪᠤᠷᠢ ᠶᠢ ᠴᠢᠩᠭᠠᠷᠠᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ  ᠫᠷᠤᠭ᠍ᠷᠠᠮ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠤᠨ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠢᠯᠣᠭᠤᠳᠤᠮᠵᠢ︾ ︵ᠣᠷᠳᠣᠰ  ᠵᠠᠰᠠᠭ ᠠᠯᠪᠠᠨ ᠲᠠᠷᠬᠠᠭᠠᠭᠰᠠᠨ ﹇2022﹈ 179  ᠳ᠋ᠤᠭᠡᠷ ᠲᠣᠭᠠᠲᠤ︶ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠵᠢᠯᠣᠭᠤᠳᠤᠮᠵᠢ ᠶᠢ ᠲᠣᠭᠲᠠᠭᠠᠪᠠ᠃        ᠬᠤᠶᠠᠳᠤᠭᠠᠷ ᠵᠤᠷᠪᠣᠰ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠲᠣᠬᠢᠷᠠᠭᠤᠯᠬᠤ ᠪᠠ ᠬᠠᠮᠢᠶᠠᠷᠬᠤ ᠳᠤ ᠲᠣᠰ ᠵᠢᠯᠣᠭᠤᠳᠤᠯᠭ᠎ᠠ ᠶᠢ ᠬᠡᠷᠡᠭᠯᠡᠨ᠎ᠡ᠃        ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠣᠭᠲᠠᠭᠠᠯ ᠪᠠ ᠤᠯᠤᠰ ᠠᠷᠠᠳ ᠤᠨ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠲᠠᠪᠤᠨ ᠵᠢᠯ ᠤᠨ ᠲᠥᠯᠦᠪᠵᠢᠭᠦᠯᠭᠡ ᠵᠢᠴᠢ ᠣᠨ ᠤ ᠲᠥᠯᠥᠪᠯᠡᠭᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠬᠠᠷᠠᠯᠲᠠ ᠡᠭᠦᠷᠭᠡ᠂ ᠭᠤᠣᠯᠳᠠᠯᠭ᠎ᠠ  ᠲᠠᠢ ᠠᠵᠢᠯ ᠲᠠᠢ ᠪᠠᠨ ᠤᠶᠠᠯᠳᠤᠭᠤᠯᠤᠨ᠂  ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠰᠠᠨᠠᠭᠤᠯᠭ᠎ᠠ ᠶᠢᠨ ᠵᠦᠢᠯᠡᠰ ᠵᠢᠴᠢ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ᠂ ᠠᠷᠠᠳ ᠣᠯᠠᠨ ᠤ  ᠬᠤᠪᠢ  ᠶᠢᠨ ᠠᠰᠢᠭ ᠲᠤᠰᠠ ᠳᠤ ᠬᠤᠯᠪᠣᠭᠳᠠᠬᠤ ᠵᠦᠢ ᠵᠣᠬᠢᠰᠲᠠᠢ ᠬᠦᠰᠡᠯ ᠱᠠᠭᠠᠷᠳᠠᠯᠭ᠎ᠠ ᠵᠡᠷᠭᠡ ᠶᠡᠷᠦᠩᠬᠡᠶᠢᠯᠡᠭᠰᠡᠨ ᠪᠣᠳᠣᠯᠬᠢᠯᠠᠯ ᠢᠶᠠᠷ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠲᠣᠭᠲᠠᠭᠠᠨ᠎ᠠ᠃        ᠭᠤᠷᠪᠠᠳᠤᠭᠠᠷ ᠵᠤᠷᠪᠤᠰ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ  ᠶᠢᠨ ᠳᠣᠣᠷᠠᠬᠢ ᠵᠦᠢᠯᠡᠰ ᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠤᠨ  ᠭᠠᠷᠴᠠᠭ ᠲᠤ ᠤᠷᠤᠭᠤᠯᠬᠤ ᠬᠡᠷᠡᠭᠲᠠᠢ         ︵ᠨᠢᠭᠡ︶ ᠠᠵᠤ ᠠᠬᠤᠢ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠲᠥᠯᠦᠪᠵᠢᠭᠦᠯᠭᠡ ᠶᠢ ᠲᠣᠭᠲᠠᠭᠠᠨ᠎ᠠ ᠃      ︵ᠬᠤᠶᠠᠷ︶ ᠤᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ ᠠᠬᠤᠢ ᠶᠢᠨ ᠬᠠᠮᠠᠭᠠᠯᠠᠯᠲᠠ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠠᠶᠢᠭᠤᠯᠬᠤ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ ᠵᠢᠴᠢ ᠠᠵᠢᠯ ᠦᠢᠯᠡᠰ ᠤᠨ  ᠨᠢᠭᠡᠴᠡ ᠶᠢᠨ ᠪᠠᠶᠢᠭᠤᠯᠤᠯ ᠢ ᠥᠭᠡᠷᠡᠴᠢᠯᠡᠬᠦ ᠵᠡᠷᠭᠡ ᠤᠯᠠᠨ ᠨᠡᠶᠢᠲᠡ ᠶᠢᠨ  ᠬᠤᠪᠢ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃      ︵ᠭᠤᠷᠪᠠ︶ ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃      ︵ᠳᠦᠷᠪᠡ︶ ᠲᠤᠰ ᠵᠠᠰᠠᠭ ᠵᠠᠬᠢᠷᠭᠠᠨ ᠤ ᠣᠷᠣᠨ ᠳᠤ ᠬᠡᠷᠡᠭᠵᠢᠭᠦᠯᠬᠦ ᠴᠢᠬᠤᠯᠠ ᠶᠡᠭᠡ ᠤᠯᠡᠠ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠵᠠᠰᠠᠭ ᠤᠨ ᠣᠷᠳᠣᠨ ᠤ ᠴᠢᠬᠤᠯᠠ ᠶᠡᠭᠡ ᠪᠡᠯᠡ ᠣᠷᠣᠭᠤᠯᠤᠯᠲᠠ ᠶᠢᠨ ᠵᠦᠢᠯᠡᠰ ᠢ ᠲᠣᠭᠲᠠᠭᠠᠨ᠎ᠠ᠃        ︵ᠲᠠᠪᠤ︶ ᠬᠡᠳᠦᠶᠢᠪᠡᠷ ᠡᠩ ᠤᠨ ᠴᠢᠨᠠᠷᠲᠠᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠲᠤ ᠬᠠᠷᠢᠶᠠᠯᠠᠭᠳᠠᠬᠤ ᠪᠣᠯᠪᠠᠴᠤ ᠬᠡᠷᠡᠭᠵᠢᠭᠦᠯᠬᠦ ᠶᠠᠪᠤᠴᠠ ᠳᠤ ᠨᠢᠭᠡᠨᠲᠡ ᠨᠡᠶᠢᠭᠡᠮ ᠤᠨ ᠨᠡᠶᠢᠳᠡᠮ ᠤᠨ ᠠᠩᠬᠠᠷᠤᠯ ᠢ ᠲᠠᠲᠠᠭᠰᠠᠨ᠂ ᠮᠠᠷᠭᠤᠯᠳᠤᠭᠠᠨ ᠢᠶᠠᠷ ᠨᠡᠯᠢᠶᠡᠳ ᠶᠡᠭᠡ ᠪᠠᠶᠢᠵᠤ ᠦᠷᠭᠦᠯᠵᠢᠯᠡᠨ  ᠬᠡᠷᠡᠭᠵᠢᠭᠦᠯᠪᠡᠯ᠂ ᠠᠵᠤ ᠠᠬᠤᠢ᠂ ᠨᠡᠶᠢᠭᠡᠮ᠂ ᠣᠷᠴᠢᠨ ᠲᠣᠭᠤᠷᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠠᠶᠤᠯ ᠲᠦᠭᠰᠢᠭᠦᠷᠢ ᠶᠢᠨ ᠬᠦᠴᠦᠨ ᠵᠦᠢᠯ ᠣᠷᠣᠰᠢᠵᠤ ᠮᠡᠳᠡᠬᠦ ᠰᠢᠢᠳᠪᠦᠷᠢᠲᠦ ᠪᠣᠳᠣᠯᠭ᠎ᠠ  ᠶᠢᠨ ᠵᠦᠢᠯᠡᠰ᠃      ︵ᠵᠢᠷᠭᠤᠭ᠎ᠠ︶  ᠪᠤᠰᠤᠳ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ᠂ ᠣᠷᠴᠢᠨ ᠠᠬᠤᠢ ᠶᠢᠨ ᠬᠠᠮᠠᠭᠠᠯᠠᠯᠲᠠ᠂ ᠤᠯᠠᠨ ᠨᠡᠶᠢᠲᠡ ᠶᠢᠨ ᠠᠮᠤᠷ ᠲᠦᠪᠰᠢᠨ ᠳᠤ ᠴᠢᠬᠤᠯᠠ ᠶᠡᠭᠡ ᠨᠥᠯᠥᠭᠡ ᠲᠠᠢ᠂ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ  ᠬᠤᠪᠢ  ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠵᠦᠢᠯᠡᠰ᠃        ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠢᠢᠳᠪᠦᠷᠢᠯᠡᠬᠦ ᠪᠤᠶᠤ ᠰᠢᠢᠳᠪᠦᠷᠢᠯᠡᠬᠦ ᠨᠢ ᠨᠠᠩ ᠦᠷ᠎ᠡ ᠪᠦᠲᠦᠮᠵᠢ ᠲᠠᠢ ᠪᠠᠶᠢᠪᠠᠯ᠂ ᠥᠪᠡᠰᠦᠪᠡᠨ ᠰᠢᠢᠳᠪᠦᠷᠢᠯᠡᠬᠦ ᠪᠤᠶᠤ ᠵᠠᠰᠠᠭ ᠤᠨ ᠣᠷᠳᠣᠨ ᠤ ᠡᠷᠬᠡ ᠣᠯᠭᠤᠭᠰᠠᠨ ᠶᠣᠰᠣᠭᠠᠷ ᠰᠢᠢᠳᠪᠦᠷᠢᠯᠡᠬᠦ ᠬᠡᠷᠡᠭᠲᠡᠢ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠤᠨ ᠭᠠᠷᠴᠠᠭ ᠲᠤ  ᠤᠷᠤᠭᠤᠯᠬᠤ ᠦᠭᠡᠢ᠃       ᠡᠳ᠋ ᠤᠨ ᠵᠠᠰᠠᠭ᠂ ᠵᠣᠭᠤᠰ ᠵᠡᠷᠭᠡ ᠬᠤᠷᠸ᠎ᠠ  ᠲᠤᠬᠢᠷᠠᠭᠤᠯᠭ᠎ᠠ ᠳᠤ ᠬᠤᠯᠪᠣᠭᠳᠠᠬᠤ ᠰᠢᠢᠳᠪᠦᠷᠢᠲᠦ ᠪᠣᠳᠣᠯᠭ᠎ᠠ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠢᠳᠪᠦᠷᠢᠲᠦ ᠪᠣᠳᠣᠯᠭ᠎ᠠ ᠵᠡᠷᠭᠡ ᠵᠦᠢᠯᠡᠰ ᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠲᠤ ᠣᠷᠣᠭᠤᠯᠬᠤ ᠦᠭᠡᠢ᠃        ᠳᠥᠷᠪᠡᠳᠦᠭᠡᠷ ᠵᠤᠷᠪᠤᠰ     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠳᠤ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠢᠯᠡ ᠲᠣᠳᠣ᠂ ᠥᠨᠳᠥᠷ ᠦᠷ᠎ᠡ ᠪᠦᠲᠦᠮᠵᠢᠲᠡᠶ ᠪᠠᠶᠢᠬᠤ ᠵᠠᠷᠴᠢᠮ ᠢ ᠵᠢᠷᠤᠮᠯᠠᠨ᠎ᠠ᠃        ᠲᠠᠪᠤᠳᠤᠭᠠᠷ ᠵᠤᠷᠪᠤᠰ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠲᠣᠬᠢᠷᠠᠭᠤᠯᠬᠤ᠂ ᠬᠠᠮᠢᠶᠠᠷᠬᠤ ᠵᠢᠴᠢ ᠬᠠᠤᠯᠢ  ᠶᠤᠰᠤᠨ ᠤ ᠴᠢᠨᠠᠷ  ᠤᠨ ᠬᠢᠨᠠᠨ ᠬᠠᠷᠭᠤᠭᠤᠯᠬᠤ ᠠᠵᠢᠯ ᠢ  ᠵᠣᠬᠢᠶᠠᠨ ᠪᠠᠶᠢᠭᠤᠯᠬᠤ ᠶᠢ  ᠬᠠᠷᠢᠭᠤᠴᠠᠨ᠎ᠠ᠃        ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠵᠢᠯ ᠪᠦᠷᠢ ᠶᠢᠨ ᠳᠥᠷᠪᠡᠳᠦᠭᠡᠷ ᠤᠯᠠᠷᠢᠯ ᠳᠤ ᠳᠠᠷᠠᠭ᠎ᠠ ᠨᠢᠭᠡ ᠵᠢᠯ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠰᠠᠨᠠᠭᠤᠯᠭ᠎ᠠ ᠶᠢᠨ   ᠵᠦᠢᠯ ᠴᠤᠭᠯᠠᠭᠤᠯᠬᠤ ᠠᠵᠢᠯ ᠢ ᠦᠷᠨᠢᠭᠦᠯᠦᠨ᠎ᠡ᠃      ᠵᠢᠷᠭᠤᠳᠤᠭᠠᠷ ᠵᠤᠷᠪᠤᠰ    ᠳᠤᠷᠠᠳᠤᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠰᠠᠨᠠᠭᠤᠯᠭ᠎ᠠ ᠶᠢᠨ ᠵᠦᠢᠯᠡᠰ ᠢ ᠳᠣᠣᠷᠠᠬᠢ ᠲᠠᠰ ᠳᠠᠷᠠᠭᠠᠯᠠᠯ ᠢᠶᠠᠷ ᠰᠤᠳᠤᠯᠤᠨ ᠨᠤᠲᠠᠯᠠᠬᠤ ᠶᠢᠨ ᠬᠠᠮᠲᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠬᠦ ᠬᠡᠷᠡᠭᠲᠡᠢ᠃        ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠱᠠᠭᠠᠷᠳᠠᠯᠭ᠎ᠠ ᠳᠤᠷᠠᠳᠤᠭᠰᠠᠨ ᠪᠤᠶᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠰᠠᠨᠠᠭᠤᠯᠭ᠎ᠠ ᠳᠤᠷᠠᠳᠤᠭᠰᠠᠨ ᠪᠠᠶᠢᠪᠠᠯ᠂ ᠬᠤᠯᠪᠣᠭᠳᠠᠯ ᠪᠦᠬᠦᠢ ᠨᠢᠭᠡᠴᠡ ᠳᠤ ᠲᠤᠰᠢᠶᠠᠵᠤ ᠰᠤᠳᠤᠯᠤᠭᠤᠯᠤᠨ ᠨᠤᠲᠠᠯᠠᠭᠤᠯᠤᠨ᠎ᠠ ᠃      ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠰᠠᠨᠠᠭᠤᠯᠭ᠎ᠠ ᠳᠤᠷᠠᠳᠪᠠᠯ᠂ ᠰᠠᠨᠠᠭᠤᠯᠭ᠎ᠠ ᠳᠤᠷᠠᠳᠤᠭᠰᠠᠨ ᠨᠢᠭᠡᠴᠡ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠳᠤᠯᠤᠨ ᠨᠤᠲᠠᠯᠠᠬᠤ ᠬᠡᠷᠡᠭᠲᠡᠢ ᠃       ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠡᠷᠭᠡ ᠨᠢ ᠰᠠᠨᠠᠭᠤᠯᠭ᠎ᠠ᠂ ᠰᠠᠨᠠᠯ ᠵᠥᠪᠯᠡᠯᠭᠡ ᠵᠡᠷᠭᠡ ᠠᠷᠭ᠎ᠠ ᠮᠠᠶ᠋ᠢᠭ ᠢᠶᠠᠷ ᠰᠠᠨᠠᠭᠤᠯᠭ᠎ᠠ ᠳᠤᠷᠠᠳᠪᠠᠯ᠂ ᠰᠠᠨᠠᠭᠤᠯᠭ᠎ᠠ᠂ ᠰᠠᠨᠠᠯ ᠵᠥᠪᠯᠡᠯᠭᠡ ᠶᠢ  ᠳᠠᠭᠠᠭᠠᠨ ᠭᠦᠢᠴᠡᠳᠬᠡᠬᠦ ᠨᠢᠭᠡᠴᠡ ᠠᠴᠠ ᠰᠤᠳᠤᠯᠤᠨ ᠨᠤᠲᠠᠯᠠᠨ᠎ᠠ᠃      ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠢᠴᠢᠭ ᠤᠨ ᠰᠠᠨᠠᠭᠤᠯᠭ᠎ᠠ ᠳᠤᠷᠠᠳᠤᠭᠰᠠᠨ ᠪᠠᠶᠢᠪᠠᠯ᠂ ᠰᠠᠨᠠᠭᠤᠯᠭ᠎ᠠ ᠶᠢ ᠣᠯᠣᠭᠰᠠᠨ ᠨᠢᠭᠡᠴᠡ ᠪᠤᠶᠤ ᠰᠠᠨᠠᠭᠤᠯᠭ᠎ᠠ ᠶᠢᠨ ᠠᠭᠤᠯᠭ᠎ᠠ ᠳᠤ ᠬᠤᠯᠪᠣᠭᠳᠠᠭᠰᠠᠨ ᠨᠢᠭᠡᠴᠡ ᠠᠴᠠ ᠰᠤᠳᠤᠯᠵᠤ ᠨᠤᠲᠠᠯᠠᠨ᠎ᠠ᠃        ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠣᠷᠣᠨ ᠪᠦᠰᠡ ᠶᠢᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ᠂ ᠴᠤᠭᠯᠠᠭᠤᠯᠤᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠰᠠᠨᠠᠭᠤᠯᠭ᠎ᠠ ᠶᠢᠨ ᠵᠦᠢᠯᠡᠰ ᠲᠤ ᠰᠤᠳᠤᠯᠤᠯᠲᠠ ᠬᠢᠵᠦ᠂ ᠬᠢᠨᠠᠭᠠᠳ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠲᠣᠭᠲᠠᠭᠠᠯ ᠳᠤ ᠨᠡᠶᠢᠴᠡᠪᠡᠯ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠲᠥᠰᠥᠯ ᠳᠤ  ᠤᠷᠤᠭᠤᠯᠤᠨ᠎ᠠ᠃       ᠳᠣᠯᠣᠳᠤᠭᠠᠷ ᠵᠤᠷᠪᠤᠰ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠲᠥᠰᠥᠯ ᠢ ᠲᠠᠰ ᠳᠠᠷᠠᠭᠠᠯᠠᠯ ᠶᠣᠰᠣᠭᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠶᠢᠨ ᠬᠠᠮᠲᠤ ᠲᠣᠭᠤᠷᠢᠭ ᠤᠨ ᠨᠠᠮ ᠤᠨ ᠬᠤᠷᠢᠶ᠎ᠠ ᠳᠤ ᠮᠡᠳᠡᠭᠦᠯᠦᠨ ᠬᠢᠨᠠᠨ ᠵᠦᠪᠰᠢᠶᠡᠷᠡᠭᠦᠯᠵᠦ ᠨᠡᠶᠢᠲᠡᠯᠡᠨ᠎ᠡ᠃        ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠪᠡᠯ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠶᠠᠷᠢᠯᠴᠠᠨ ᠲᠣᠭᠲᠠᠭᠠᠭᠰᠠᠨ ᠴᠢᠬᠤᠯᠠ ᠶᠡᠭᠡ ᠬᠡᠷᠡᠭ ᠶᠠᠪᠤᠳᠠᠯ ᠤᠨ ᠬᠡᠪᠴᠢᠶᠡᠨ ᠳᠤ ᠬᠠᠷᠢᠶᠠᠯᠠᠭᠳᠠᠬᠤ ᠪᠤᠶᠤ ᠨᠡᠶᠢᠲᠡᠯᠡᠬᠦ ᠠᠴᠠ ᠡᠮᠦᠨ᠎ᠡ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠬᠦ ᠶᠣᠰᠣᠲᠠᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠵᠦᠢᠯᠡᠰ  ᠢ ᠲᠣᠭᠲᠠᠭᠠᠯ ᠶᠣᠰᠣᠭᠠᠷ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠲᠠᠢ ᠰᠠᠶᠢᠲᠤᠷ ᠵᠣᠯᠭᠠᠭᠤᠯᠬᠤ ᠬᠡᠷᠡᠭᠲᠡᠢ᠃        ᠨᠠᠢᠮᠠᠳᠤᠭᠠᠷ ᠵᠤᠷᠪᠤᠰ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠲᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠨᠡᠷᠡᠶᠢᠳᠦᠯ᠂ ᠰᠢᠢᠳᠪᠦᠷᠢᠲᠦ ᠪᠣᠳᠣᠯᠭ᠎ᠠ ᠶᠢᠨ ᠳᠠᠭᠠᠭᠠᠨ ᠭᠦᠢᠴᠡᠳᠬᠡᠬᠦ ᠨᠢᠭᠡᠴᠡ᠂ ᠰᠢᠢᠳᠪᠦᠷᠢᠲᠦ ᠪᠣᠳᠣᠯᠭ᠎ᠠ ᠶᠢᠨ ᠴᠠᠭ ᠤᠨ ᠲᠣᠬᠢᠷᠠᠭᠤᠯᠤᠯᠲᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠦᠨᠳᠦᠰᠦᠯᠡᠯ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃        ᠶᠢᠰᠦᠳᠦᠭᠡᠷ ᠵᠤᠷᠪᠤᠰ    ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠶᠣᠰᠣᠲᠠᠢ ᠪᠤᠶᠤ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠳᠤ ᠬᠤᠯᠪᠣᠭᠳᠠᠬᠤ ᠵᠢᠴᠢ ᠳᠡᠭᠡᠳᠦ ᠱᠠᠲᠤᠨ ᠤ ᠪᠠᠶᠢᠭᠤᠯᠭ᠎ᠠ ᠶᠢᠨ ᠪᠠᠴᠢᠮ ᠵᠠᠷᠯᠢᠭ ᠢ ᠬᠡᠷᠡᠭᠵᠢᠭᠦᠯᠬᠦ ᠳᠤ ᠳᠠᠷᠤᠶᠢᠬᠠᠨ ᠰᠢᠢᠳᠪᠦᠷᠢᠲᠦ ᠪᠣᠳᠣᠯᠭ᠎ᠠ  ᠬᠢᠬᠦ ᠴᠢᠬᠤᠯᠠᠲᠠᠢ ᠵᠦᠢᠯᠡᠰ ᠢ ᠭᠠᠷᠭᠠᠪᠠᠯ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠤᠨ ᠭᠠᠷᠴᠠᠭ ᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠴᠢᠬᠤᠯᠠ  ᠶᠡᠭᠡ ᠭᠡᠨᠡᠳᠲᠡ ᠶᠢᠨ ᠬᠡᠷᠡᠭ ᠵᠡᠷᠭᠡ ᠣᠨᠴᠠᠭᠠᠶ ᠪᠠᠶᠢᠳᠠᠯ ᠲᠣᠬᠢᠶᠠᠯᠳᠤᠭᠠᠳ ᠭᠠᠷᠴᠠᠭ ᠢ ᠨᠠᠶᠢᠷᠠᠭᠤᠯᠤᠨ ᠵᠣᠬᠢᠶᠠᠬᠤ ᠶᠢ ᠨᠥᠯᠥᠭᠡᠯᠡᠭᠰᠡᠨ ᠪᠠᠶᠢᠪᠠᠯ᠂ ᠬᠤᠭᠤᠴᠠᠭ᠎ᠠ ᠶᠢ ᠨᠢ ᠵᠣᠬᠢᠰᠲᠠᠢ ᠪᠠᠷ ᠤᠷᠲᠤᠳᠬᠠᠵᠤ ᠪᠣᠯᠣᠨ᠎ᠠ᠃         ᠠᠷᠪᠠᠳᠤᠭᠠᠷ ᠵᠤᠷᠪᠤᠰ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠨ ᠤ ᠠᠵᠢᠯ ᠤᠨ ᠡᠭᠦᠷᠭᠡ ᠶᠢᠨ ᠨᠡᠮᠡᠭᠳᠡᠯ᠂ ᠦᠭᠡᠷᠡᠴᠢᠯᠡᠯᠲᠡ ᠵᠡᠷᠭᠡ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠠᠢ᠃ ᠳᠤᠬᠢᠷᠠᠭᠤᠯᠤᠯᠲᠠ ᠬᠢᠬᠦ ᠴᠢᠬᠤᠯᠠ ᠲᠠᠢ ᠪᠣᠯ ᠰᠢᠢᠳᠪᠦᠷᠢᠲᠦ ᠪᠣᠳᠣᠯᠭ᠎ᠠ ᠶᠢᠨ ᠰᠠᠨᠠᠭᠤᠯᠭ᠎ᠠ ᠭᠠᠷᠭᠠᠭᠰᠠᠨ ᠨᠢᠭᠡᠴᠡ ᠠᠴᠠ ᠵᠢᠯ ᠪᠦᠷᠢ ᠶᠢᠨ 10 ᠳ᠋ᠤᠭᠠᠷ ᠰᠠᠷ᠎ᠠ  ᠠᠴᠠ ᠡᠮᠦᠨ᠎ᠡ ᠲᠣᠬᠢᠷᠠᠭᠤᠯᠤᠯᠲᠠ ᠬᠢᠬᠦ ᠲᠣᠳᠣᠷᠬᠠᠶᠢᠯᠠᠯᠲᠠ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃        ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠳᠤ᠂ ᠲᠣᠰ  ᠵᠢᠯᠤᠭᠤᠳᠤᠮᠵᠢ  ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠭᠰᠠᠨ   ᠳᠤᠭᠲᠠᠭᠠᠯ ᠢᠶᠠᠷ ᠶᠠᠪᠤᠭᠳᠠᠨ᠎ᠠ᠃      ᠠᠷᠪᠠᠨ ᠨᠢᠭᠡᠳᠦᠭᠡᠷ ᠵᠤᠷᠪᠤᠰ     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠲᠤ ᠵᠢᠭᠰᠠᠭᠠᠨ ᠣᠷᠣᠭᠤᠯᠤᠭᠰᠠᠨ ᠵᠦᠢᠯᠡᠰ ᠲᠤ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠬᠡᠬᠦ ᠨᠢᠭᠡᠴᠡ ᠨᠢ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠲᠠᠰ ᠳᠠᠷᠠᠭᠠᠯᠠᠨ ᠭᠦᠢᠴᠡᠳᠬᠡᠬᠦ ᠬᠡᠷᠡᠭᠲᠡᠢ ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠮᠢᠶ᠎ᠠ ᠪᠦᠬᠦᠢ ᠲᠠᠰ ᠳᠠᠷᠠᠭᠠᠯᠠᠯ ᠢ ᠭᠦᠢᠴᠡᠳᠬᠡᠭᠰᠡᠨ ᠦᠭᠡᠢ ᠪᠠᠶᠢᠪᠠᠯ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠵᠦ ᠪᠣᠯᠬᠤ  ᠦᠭᠡᠢ᠃       ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠲᠤ ᠵᠢᠭᠰᠠᠭᠠᠭᠳᠠᠭᠰᠠᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠬᠡᠬᠦ ᠨᠢᠭᠡᠴᠡ ᠨᠢ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠶᠣᠰᠣᠭᠠᠷ ᠬᠠᠮᠢᠶ᠎ᠠ ᠪᠦᠬᠦᠢ ᠠᠵᠢᠯ ᠤᠨ ᠬᠡᠷᠡᠭᠵᠢᠭᠦᠯᠬᠦ ᠲᠥᠰᠥᠯ ᠢ ᠴᠠᠭ ᠲᠤᠬᠠᠢ ᠳᠤᠨᠢ ᠲᠣᠭᠲᠠᠭᠠᠵᠤ᠂ ᠬᠡᠷᠡᠭᠵᠢᠭᠦᠯᠵᠦ ᠪᠠᠶᠢᠭ᠎ᠠ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠬᠤ ᠬᠡᠷᠡᠭᠲᠠᠢ᠃        ᠠᠷᠪᠠᠨ ᠬᠤᠶᠠᠳᠤᠭᠠᠷ ᠵᠤᠷᠪᠤᠰ    ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠬᠡᠬᠦ ᠨᠢᠭᠡᠴᠡ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠭᠦᠢᠴᠡᠳᠬᠡᠭᠡᠳ ᠪᠣᠶ ᠪᠣᠯᠤᠭᠰᠠᠨ ᠲᠡᠮᠳᠡᠭᠯᠡᠯ᠂ ᠮᠠᠲ᠋ᠧᠷᠢᠶᠠᠯ ᠢ ᠴᠠᠭ ᠲᠤᠬᠠᠢ ᠳᠤᠨᠢ ᠪᠦᠷᠢᠨ ᠪᠦᠲᠦᠨ ᠲᠠᠩᠰᠠ ᠡᠪᠬᠡᠮᠡᠯ ᠳᠤ ᠣᠷᠣᠭᠤᠯᠵᠤ᠂ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠤᠨ ᠪᠥᠬᠦ ᠶᠠᠪᠤᠴᠠ ᠶᠢ ᠲᠡᠮᠳᠡᠭᠯᠡᠬᠦ ᠶᠢ ᠬᠡᠷᠡᠭᠵᠢᠭᠦᠯᠬᠦ ᠬᠡᠷᠡᠭᠲᠡᠢ᠃        ᠠᠷᠪᠠᠨ ᠭᠤᠷᠪᠠᠳᠤᠭᠠᠷ ᠵᠤᠷᠪᠤᠰ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠡᠯ᠎ᠡ ᠰᠠᠯᠠᠭ᠎ᠠ ᠮᠥᠴᠢᠷ ᠤᠨ ᠨᠢᠭᠡᠨᠲᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠤᠨ ᠭᠠᠷᠴᠠᠭ ᠲᠤ ᠵᠢᠭᠰᠠᠭᠠᠨ ᠣᠷᠣᠭᠤᠯᠤᠭᠰᠠᠨ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠢ ᠣᠨ ᠤ ᠰᠢᠯᠭᠠᠨ ᠬᠢᠨᠠᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠭᠠᠨ ᠬᠢᠨᠠᠬᠤ ᠳᠤ ᠣᠷᠣᠭᠤᠯᠵᠤ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ  ᠠᠴᠠ ᠬᠢᠨᠠᠨ ᠡᠵᠡᠮᠳᠡᠵᠦ ᠦᠨᠡᠯᠡᠬᠦ  ᠠᠵᠢᠯ ᠢ ᠬᠠᠷᠢᠭᠤᠴᠠᠨ᠎ᠠ᠃       ᠠᠷᠪᠠᠨ ᠳᠥᠷᠪᠡᠳᠦᠭᠡᠷ ᠵᠤᠷᠪᠤᠰ    ᠲᠣᠰ  ᠵᠢᠯᠤᠭᠤᠳᠤᠮᠵᠢ ᠶᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ ᠲᠣᠰ ᠵᠢᠯᠤᠭᠤᠳᠤᠮᠵᠢ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ᠂ ᠥᠪᠡᠷᠲᠡᠭᠡᠨ ᠵᠠᠰᠠᠬᠤ ᠣᠷᠣᠨ  ᠠᠴᠠ ᠠᠰᠲᠠᠭᠠᠨ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃        ᠠᠷᠪᠠᠨ ᠲᠠᠪᠤᠳᠤᠭᠠᠷ ᠵᠤᠷᠪᠤᠰ      ᠲᠤᠰ ᠵᠢᠯᠤᠭᠤᠳᠤᠮᠵᠢ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                               ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2023 ᠣᠨ ᠤ 7 ᠰᠠᠷ᠎ᠠ ᠶᠢᠨ 18 ᠤ  ᠡᠳᠦᠷ

 

ᠢᠷᠡᠯᠲᠡ᠄ ᠲᠤᠰ ᠰᠦᠯᠵᠢᠶ᠎ᠡ