ᠰᠤᠷᠭᠠᠨ ᠬᠥᠮᠦᠵᠢᠯ ᠤᠨ  ᠶᠠᠮᠤᠨ᠄ ᠰᠤᠷᠤᠭᠴᠢᠳ ᠤᠨ ᠡᠪᠡᠳᠴᠢᠯᠡᠭᠰᠡᠨ ᠬᠤᠭᠤᠴᠠᠭᠠᠨ ᠳᠠᠬᠢ ᠳᠠᠰᠬᠠᠯ ᠤᠨ ᠲᠤᠬᠠᠢ ᠬᠠᠲᠠᠭᠤ ᠱᠠᠭᠠᠷᠳᠠᠯᠭ᠎ᠠ ᠲᠠᠯᠪᠢᠬᠤ ᠦᠭᠡᠢ ᠪᠠᠶᠢᠵᠤ ᠪᠣᠯᠤᠨ᠎ᠠ ᠭᠡᠵᠦ ᠲᠣᠳᠣᠷᠬᠠᠶ ᠲᠣᠭᠲᠠᠭᠠᠪᠠ︕
ᠨᠡᠶᠢᠲᠡᠯᠡᠭᠰᠡᠨ ᠴᠠᠭ᠄
2023/12/8
         12 ᠰᠠᠷ᠎ᠠ ᠶᠢᠨ 5 ᠤ ᠡᠳᠦᠷ ᠰᠤᠷᠭᠠᠨ  ᠬᠥᠮᠦᠵᠢᠯ ᠤᠨ  ᠶᠠᠮᠤᠨ ᠠᠴᠠ  ᠣᠶᠢᠯᠠᠭᠠᠭᠰᠠᠨ  ᠢᠶᠠᠷ᠂︽ᠡᠪᠦᠯ ᠤᠨ ᠤᠯᠠᠷᠢᠯ ᠤᠨ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠬᠯᠠᠬᠤ ᠠᠵᠢᠯ ᠢ  ᠰᠠᠶᠢᠲᠤᠷ  ᠬᠢᠬᠦ‌‍ᠲ᠋ᠤᠬᠠᠶ ᠮᠡᠳᠡᠭᠳᠡᠯ︾ ᠢ ᠣᠶᠢᠷ᠎ᠠ ᠳᠤ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ  ᠵᠠᠬᠢᠷᠭᠠᠨ ‍ᠤ‌‍ᠰᠠᠯᠠᠭ᠎ᠠ  ᠮᠥᠴᠢᠷ  ᠪᠣᠯᠤᠨ  ᠰᠤᠷᠭᠠᠭᠤᠯᠢ ᠨᠤᠭᠤᠳ  ᠬᠢᠵᠢᠭ ᠤᠨ   ᠪᠠᠶᠢᠳᠠᠯ ᠢ   ᠰᠢᠯᠭᠠᠨ   ᠪᠠᠶᠢᠴᠠᠭᠠᠬᠤ   ᠰᠢᠰᠲ᠋ᠧᠮ ‍ᠤᠨ‌‍ᠪᠠᠶᠢᠭᠤᠯᠤᠯᠲᠠ ᠪᠠᠨ ᠴᠢᠩᠭᠠᠳᠬᠠᠵᠤ᠂ ᠪᠠᠭᠰᠢ ᠰᠤᠷᠤᠭᠴᠢᠳ ᠢ ᠰᠢᠪᠠᠳᠠᠨ  ᠡᠳᠦᠷ  ᠲᠤᠲᠤᠮ ᠤᠨ  ᠬᠠᠮᠠᠭᠠᠯᠠᠯᠲᠠ  ᠪᠠ  ᠡᠷᠡᠭᠦᠯ‌ᠮᠡᠨᠳᠦ ᠶᠢᠨ ᠬᠢᠨᠠᠨ ᠪᠠᠶᠢᠴᠠᠭᠠᠯᠳᠠ ᠶᠢ ᠰᠠᠶᠢᠲᠤᠷ ᠬᠢᠯᠭᠡᠬᠦ ᠬᠡᠷᠡᠭᠲᠡᠶ ᠭᠡᠵᠦ ᠱᠠᠭᠠᠷᠳᠠᠪᠠ᠃ ᠰᠤᠷᠤᠭᠴᠢᠳ ᠤᠨ ᠪᠡᠶ᠎ᠡ ᠮᠠᠬᠠᠪᠣᠳ ‍ᠤᠨ‌ᠡᠷᠡᠭᠦᠯ ᠴᠢᠭᠢᠷᠠᠭ ᠢ  ᠴᠢᠬᠤᠯᠠᠴᠢᠯᠠᠵᠤ᠂  ᠰᠤᠷᠤᠭᠴᠢᠳ ᠤᠨ  ᠡᠪᠡᠳᠴᠢᠯᠡᠭᠰᠡᠨ  ᠬᠤᠭᠤᠴᠠᠭᠠᠨ ᠳᠠᠬᠢ  ᠳᠠᠰᠬᠠᠯ  ᠤᠨ  ᠬᠠᠲᠠᠭᠤ‌‍ᠱᠠᠭᠠᠷᠳᠠᠯᠭ᠎ᠠ ᠲᠠᠯᠪᠢᠬᠤ ᠦᠭᠡᠢ ᠪᠠᠶᠢᠵᠤ ᠪᠣᠯᠤᠨ᠎ᠠ ᠬᠡᠪᠡ᠃          ᠮᠡᠳᠡᠭᠳᠡᠯ ᠳᠤ᠂  ᠡᠯ᠎ᠡ  ᠭᠠᠵᠠᠷ ᠤᠨ  ᠰᠤᠷᠭᠠᠨ  ᠬᠥᠮᠦᠵᠢᠯ ᠤᠨ  ᠵᠠᠰᠠᠭ  ᠵᠠᠬᠢᠷᠭᠠᠨ ᠤ  ᠰᠠᠯᠠᠭ᠎ᠠ  ᠮᠥᠴᠢᠷ  ᠪᠣᠯᠤᠨ‌‍ᠰᠤᠷᠭᠠᠭᠤᠯᠢ ᠨᠤᠭᠤᠳ ᠠᠷᠭᠠᠴᠠᠬᠤ ᠲᠥᠰᠦᠯ ᠢᠶᠠᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ  ᠪᠠ  ᠰᠦᠯᠵᠢᠶᠡᠨ  ᠭᠠᠳᠠᠨᠠᠬᠢ‌ᠵᠢᠭᠠᠨ  ᠰᠤᠷᠭᠠᠯᠲᠠ ᠶᠢ  ᠡᠮᠬᠢ  ᠵᠢᠷᠤᠮ ᠲᠠᠢ  ᠵᠣᠯᠭᠠᠭᠤᠯᠬᠤ ᠶᠢ  ᠰᠠᠶᠢᠲᠤᠷ  ᠬᠢᠵᠦ᠂  ᠡᠪᠡᠳᠴᠢᠨ ᠠᠴᠠ  ᠪᠣᠯᠵᠣ   ᠬᠢᠴᠢᠶᠡᠯ‌‍ᠰᠠᠭᠠᠲᠠᠭᠰᠠᠨ ᠰᠣᠷᠣᠭᠴᠢ ᠳᠤ᠂ ᠰᠦᠯᠵᠢᠶᠡᠨ ᠳᠡᠭᠡᠷᠡᠬᠢ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ  ᠠᠰᠢᠭᠯᠠᠨ‌‍ᠬᠡᠷ ᠲᠡᠭᠡᠨ ᠰᠠᠭᠤᠵᠤ ᠰᠤᠷᠤᠯᠴᠠᠬᠤ ᠶᠢ ᠵᠢᠯᠣᠭᠤᠳᠴᠤ᠂ ᠬᠢᠴᠢᠶᠡᠯ ᠵᠢᠭᠠᠬᠤ ᠪᠠᠭᠰᠢ ᠨᠠᠷ ᠬᠡᠷ ᠤᠨ  ᠠᠬᠠᠮᠠᠳ ᠲᠠᠢ  ᠣᠶᠢᠷ᠎ᠠ ᠵᠢᠨ‌ᠬᠤᠭᠤᠴᠠᠭᠠᠨ ᠤ ᠵᠢᠭᠠᠨ ᠰᠤᠷᠭᠠᠯᠲᠠ ᠶᠢᠨ ᠭᠤᠤᠯᠳᠠᠯᠭ᠎ᠠ ᠪᠠᠨ ᠴᠠᠭ  ᠲᠤᠬᠠᠶ ᠳᠤᠨᠢ  ᠨᠡᠪᠲᠡᠷᠡᠯᠴᠡᠨ  ᠵᠣᠯᠭᠠᠭᠤᠯᠬᠤ  ᠬᠡᠷᠡᠭᠲᠡᠶ᠃ᠠᠮᠢᠰᠬᠤᠯ ᠤᠨ ᠵᠠᠮ ᠤᠨ ᠡᠪᠡᠳᠴᠢᠨ ᠤ ᠶᠠᠪᠤᠴᠠ ᠶᠢᠨ ᠣᠨᠴᠠᠯᠢᠭ ᠲᠠᠢ ᠤᠶᠠᠯᠳᠤᠭᠤᠯᠤᠨ᠂  ᠬᠡᠷ ᠤᠨ  ᠠᠬᠠᠮᠠᠳ ᠢ  ᠬᠥᠲᠥᠯᠦᠨ‌ᠵᠢᠯᠣᠭᠤᠳᠴᠤ  ᠪᠠᠶᠢᠭᠠᠳ   ᠡᠪᠡᠳᠴᠢᠯᠡᠭᠰᠡᠨ   ᠰᠤᠷᠤᠭᠴᠢᠳ‌ᠢ   ᠰᠠᠶᠢᠳᠤᠷ   ᠡᠮᠨᠡᠨ   ᠵᠠᠰᠠᠭᠤᠯᠬᠤ   ᠪᠠ   ᠠᠮᠠᠷᠠᠭᠤᠯᠵᠤ᠂ᠰᠤᠷᠭᠠᠭᠤᠯᠢ ᠳᠤ ᠪᠠᠨ ᠪᠤᠴᠠᠵᠤ ᠬᠢᠴᠢᠶᠡᠯ ᠣᠷᠣᠬᠤ ᠲᠣᠬᠢᠷᠠᠭᠤᠯᠤᠯᠲᠠ ᠶᠢ ᠦᠨᠡᠨ ᠬᠦ ᠰᠢᠨᠵᠢᠯᠡᠬᠦ ᠤᠬᠠᠭᠠᠨᠴᠢ ᠪᠠᠷ ᠬᠢᠬᠦ ᠬᠡᠷᠡᠭᠲᠡᠶ‌‍ᠭᠡᠵᠦ ᠱᠠᠭᠠᠷᠳᠠᠪᠠ᠃
ᠢᠷᠡᠯᠲᠡ᠄ ᠠᠷᠠᠳ ᠤᠨ ᠰᠥᠯᠵᠢᠶ᠎ᠡ