︽3 + 1 + 2︾  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠠᠭᠪᠤᠷ ᠢ ᠴᠤᠬᠤᠮ ᠶᠠᠭᠠᠬᠢᠵᠤ ᠰᠢᠯᠭᠠᠬᠤ ᠪᠣᠶ︖
ᠨᠡᠶᠢᠲᠡᠯᠡᠭᠰᠡᠨ ᠴᠠᠭ᠄
2023/12/8
        2022 ᠣᠨ ᠳᠤ᠂ ᠥᠪᠥᠷ ᠮᠣᠩᠭᠤᠯ ︽ᠡᠩ ᠤᠨ  ᠳᠡᠭᠡᠳᠦ  ᠵᠡᠷᠭᠡ ᠶᠢᠨ  ᠰᠤᠷᠭᠠᠭᠤᠯᠢ ᠶᠢᠨ  ᠰᠢᠯᠭᠠᠯᠲᠠ  ᠬᠢᠵᠦ‌‍ᠰᠣᠷᠣᠭᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ  ᠲᠤᠬᠠᠶ  ᠥᠪᠥᠷ  ᠮᠣᠩᠭᠤᠯ ᠤᠨ  ᠥᠪᠡᠷᠲᠡᠭᠡᠨ‌ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ 2022 ᠣᠨ ᠤ ᠨᠠᠮᠤᠷ ᠰᠤᠷᠭᠠᠭᠤᠯᠢ ᠳᠤ ᠤᠷᠤᠭᠰᠠᠨ ᠥᠨᠳᠥᠷ‌ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢᠳ ᠲᠤ ᠶᠡᠭᠡ ᠳᠡᠭᠡᠳᠦ  ᠰᠤᠷᠭᠠᠭᠤᠯᠢ ᠳᠤ  ᠰᠣᠷᠣᠭᠴᠢ‌ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠵᠤ᠂  2025  ᠣᠨ ᠡᠴᠠ‌ᠡᠬᠢᠯᠡᠨ ᠥᠪᠥᠷ ᠮᠣᠩᠭᠤᠯ ︽3 +  1  +  2︾  ᠶᠡᠭᠡ  ᠳᠡᠭᠡᠳᠦ  ᠰᠤᠷᠭᠠᠭᠤᠯᠢ ᠳᠤ  ᠰᠣᠷᠣᠭᠴᠢ  ᠡᠯᠰᠡᠬᠦ  ᠨᠢᠭᠡᠳᠦᠯᠲᠡᠶ‌‍ᠰᠢᠯᠭᠠᠯᠲᠠ ᠶᠢᠨ ᠵᠠᠭᠪᠤᠷ ᠢ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭᠠᠪᠡ᠃        ︽3 + 1 + 2︾  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠠᠭᠪᠤᠷ ᠢ‌‍ᠴᠤᠬᠤᠮ ᠶᠠᠭᠠᠬᠢᠵᠤ ᠰᠢᠯᠭᠠᠬᠤ ᠪᠣᠶ︖ ᠰᠤᠷᠤᠭᠴᠢ ᠬᠡᠷᠬᠢᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠢᠴᠢᠶᠡᠯ  ᠢ  ᠰᠣᠩᠭᠤᠬᠤ‌‍ᠪᠤᠢ︖ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ  ᠲᠥᠪ ᠤᠨ  ᠬᠠᠮᠢᠶ᠎ᠠ‌‍ᠪᠥ᠋ᠬᠦᠶ ᠬᠠᠷᠢᠭᠤᠴᠠᠯᠭᠠᠲᠠᠨ ᠨᠠᠷᠢᠨ ᠲᠠᠶᠢᠯᠤᠮᠵᠢ ᠬᠢᠪᠠ᠄ ︽3︾ ᠭᠡᠳᠡᠭ ᠨᠢ ᠪᠥᠬᠦ ᠤᠯᠤᠰ ᠤᠨ ᠶᠡᠭᠡ ᠳᠡᠭᠡᠳᠦ  ᠰᠤᠷᠭᠠᠭᠤᠯᠢ ᠳ᠋ᠤ᠋‌‍ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠬᠢᠴᠢᠶᠡᠯ‌‍ᠲ᠋ᠥ᠋ᠷᠥᠯ ᠢ ᠵᠢᠭᠠᠵᠤ ᠪᠤᠢ᠂ ᠡᠭᠦᠨ ᠳᠤ ᠨᠡᠶᠢᠭᠡᠮ ᠤᠨ ᠰᠢᠨᠵᠢᠯᠡᠬᠦ ᠤᠬᠠᠭᠠᠨ  ᠪᠠ  ᠪᠠᠶᠢᠭᠠᠯᠢ ᠶᠢᠨ  ᠰᠢᠨᠵᠢᠯᠡᠬᠦ  ᠤᠬᠠᠭᠠᠨ  ᠭᠡᠵᠦ‌ᠬᠤᠪᠢᠶᠠᠬᠤ ᠥᠬᠡᠶ︔ ︽1︾ ᠭᠡᠳᠡᠭ ᠨᠢ ᠲᠡᠦᠬᠡ ᠪᠤᠶᠤ ᠹᠢᠽᠢᠺ ᠤᠨ ᠬᠢᠴᠢᠶᠡᠯ ᠲᠥᠷᠥᠯ ᠤᠨ ᠳᠣᠲᠣᠷ᠎ᠠ ᠠᠴᠠ ᠨᠢᠭᠡ ᠲᠥᠷᠥᠯ ᠢ‌ᠨᠢ ᠰᠣᠩᠭᠤᠬᠤ ᠶᠢ ᠵᠢᠭᠠᠵᠤ ᠪᠤᠢ︔ ︽2︾ ᠭᠡᠳᠡᠭ ᠨᠢ ᠦᠵᠡᠯ ᠰᠠᠨᠠᠭ᠎ᠠ ᠤᠯᠤᠰ ᠲᠥᠷᠥ᠂  ᠭᠠᠵᠠᠷ  ᠵᠦᠶ᠂  ᠬᠢᠮᠢ᠂  ᠠᠮᠢᠳᠤ‌‍ᠪᠣᠳᠠᠰ ᠤᠨ ᠤᠬᠠᠭᠠᠨ ᠵᠡᠷᠭᠡ 4 ᠬᠢᠴᠢᠶᠡᠯ ᠲᠥᠷᠥᠯ ᠠᠴᠠ 2 ᠲᠦᠷᠦᠯ ᠤᠨ  ᠬᠢᠴᠢᠶᠡᠯ  ᠰᠤᠩᠭᠤᠬᠰᠠᠨ   ᠤ  ᠲᠠᠷᠠᠭ᠎ᠠ  ᠳᠠᠬᠢᠨ‌‍ᠬᠢᠴᠢᠶᠡᠯ ᠲᠥᠷᠥᠯ ᠰᠣᠩᠭᠤᠬᠤ ᠶᠢ ᠵᠢᠭᠠᠵᠤ ᠪᠤᠢ᠃ ᠡᠭᠦᠨ ᠳᠤ᠂ ︽1 + 2︾ ᠬᠢᠴᠢᠶᠡᠯ ᠲᠥᠷᠥᠯ ᠢ  ᠥᠪᠡᠷᠲᠡᠭᠡᠨ  ᠵᠠᠰᠠᠬᠤ‌ᠣᠷᠣᠨ ᠠᠴᠠ ᠨᠢᠭᠡᠳᠦᠯᠲᠡᠶ ᠰᠡᠳᠦᠪ  ᠭᠠᠷᠭᠠᠬᠤ ᠶᠢᠨ  ᠬᠠᠮᠲᠤ  ᠰᠢᠯᠭᠠᠯᠲᠠ ᠶᠢ  ᠵᠣᠬᠢᠶᠠᠨ  ᠪᠠᠶᠢᠭᠤᠯᠵᠤ᠂  ᠪᠥᠬᠦ  ᠤᠯᠤᠰ ‍ᠤᠨ‌ᠨᠢᠭᠡᠳᠦᠯᠲᠡᠶ ᠰᠢᠯᠭᠠᠯᠲᠠ ᠲᠠᠢ ᠠᠳᠠᠯᠢ ᠬᠤᠭᠤᠴᠠᠭᠠᠨ ᠳᠤ ᠶᠠᠪᠤᠭᠳᠠᠭᠤᠯᠤᠨ᠎ᠠ᠃          ︽3 + 1 + 2︾ ᠤᠨ ᠵᠠᠭᠪᠤᠷ  ᠲᠤᠳᠤᠷᠠᠬᠢ  ᠨᠡᠶᠢᠲᠡ  12  ᠵᠦᠢᠯ ᠤᠨ  ᠬᠠᠮ  ᠬᠡᠯᠪᠡᠷᠢ ᠶᠢ  ᠰᠤᠷᠤᠭᠴᠢᠳ‌ᠥᠪᠡᠰᠦᠪᠡᠨ ᠪᠡᠶ᠎ᠡ ᠪᠠᠨ ᠲᠠᠭᠠᠭᠠᠨ ᠰᠣᠩᠭᠤᠵᠤ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠢ‌ᠠᠭᠤᠰᠤᠯᠴᠠᠭᠤᠯᠵᠤ ᠪᠤᠯᠤᠨ᠎ᠠ᠂ ᠡᠨᠡ ᠨᠢ ᠹᠢᠽᠢᠺ᠂ ᠲᠡᠦᠬᠡ ᠶᠢᠨ ᠰᠢᠨᠵᠢᠯᠡᠭᠡᠨ ᠤ ᠰᠠᠭᠤᠷᠢ ᠴᠢᠨᠠᠷᠲᠠᠶ ᠦᠢᠯᠡᠳᠦᠯ ᠢ ᠢᠯᠡᠷᠡᠭᠦᠯᠵᠦ᠂ᠶᠡᠭᠡ ᠳᠡᠭᠡᠳᠦ ᠰᠤᠷᠭᠠᠭᠤᠯᠢ ᠶᠢᠨ ᠠᠳᠠᠯᠢ ᠪᠤᠰᠤ ᠬᠢᠴᠢᠶᠡᠯ ᠲᠥᠷᠥᠯ ᠤᠨ  ᠲᠤᠰᠬᠠᠶ  ᠮᠡᠷᠭᠡᠵᠢᠯ ᠤᠨ  ᠴᠢᠳᠠᠪᠤᠷᠢᠲᠠᠨ  ᠰᠣᠩᠭᠤᠬᠤ‌‍ᠬᠡᠷᠡᠭᠴᠡᠭᠡ ᠶᠢ  ᠳᠣᠪᠤᠶᠢᠯᠭᠠᠭᠰᠠᠨ  ᠮᠥᠷᠲᠡᠭᠡᠨ   ᠪᠠᠰᠠ   ᠰᠤᠷᠤᠭᠴᠢᠳ ᠤᠨ   ᠰᠣᠩᠭᠤᠯᠲᠠ ᠶᠢ   ᠨᠠᠩ   ᠬᠦᠨᠳᠦᠳᠬᠡᠵᠦ᠂ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠴᠢᠬᠤᠯᠠᠴᠢᠯᠠᠪᠠ᠃ ᠰᠤᠷᠤᠭᠴᠢᠳ ᠬᠤᠪᠢ  ᠬᠥᠮᠦᠨ ᠤ  ᠳᠤᠷ᠎ᠠ  ᠪᠠᠬ᠎ᠠ᠂ᠳᠤᠷ᠎ᠠ ᠰᠣᠨᠢᠷᠬᠠᠯ᠂ ᠣᠨᠴᠠ ᠴᠢᠳᠠᠪᠤᠷᠢ ᠪᠠ ᠰᠢᠯᠭᠠᠭᠤᠯᠬᠤ ᠪᠠᠷ ᠪᠠᠶᠢᠭ᠎ᠠ  ᠰᠤᠷᠭᠠᠭᠤᠯᠢ᠂  ᠲᠤᠰᠬᠠᠶ  ᠮᠡᠷᠭᠡᠵᠢᠯ ᠤᠨ  ᠰᠣᠩᠭᠤᠨ‌‍ᠰᠢᠯᠭᠠᠬᠤ ᠬᠢᠴᠢᠶᠡᠯ ᠲᠥᠷᠥᠯ ᠵᠡᠷᠭᠡ ᠱᠠᠭᠠᠷᠳᠠᠯᠭ᠎ᠠ ᠶᠢ ᠦᠨᠳᠦᠰᠦᠯᠡᠨ᠂ 12 ᠵᠦᠢᠯ ᠤᠨ ᠬᠠᠮ ᠬᠡᠯᠪᠡᠷᠢ ᠳᠣᠲᠣᠷ᠎ᠠ ᠠᠴᠠ  ᠪᠡᠶ᠎ᠡ‌‍ᠪᠡᠨ ᠲᠠᠭᠠᠭᠠᠨ ᠰᠣᠩᠭᠤᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠬᠦ‌ᠦᠶ᠎ᠡ ᠳᠤ ᠡᠴᠦᠰ ᠤᠨ ᠲᠤᠬᠳᠠᠭᠠᠯ  ᠭᠠᠷᠭᠠᠵᠤ  ᠪᠤᠯᠤᠨ᠎ᠠ᠃  ᠥᠪᠡᠷᠲᠡᠭᠡᠨ  ᠵᠠᠰᠠᠬᠤ  ᠣᠷᠣᠨ ᠤ  ᠰᠤᠷᠭᠠᠨ  ᠬᠥᠮᠦᠵᠢᠯ ‍ᠤᠨ‌‍ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ᠂ ᠰᠤᠷᠤᠭᠴᠢᠳ ᠬᠢᠴᠢᠶᠡᠯ  ᠰᠣᠩᠭᠤᠬᠤ ᠳᠠᠭᠠᠨ  ᠡᠯ᠎ᠡ  ᠵᠦᠢᠯ ᠤᠨ  ᠬᠦᠴᠦᠨ‌ᠵᠦ᠋ᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷ ᠤᠨ ᠠᠬᠠᠮᠠᠳ᠂ ᠪᠠᠭᠰᠢ ᠶᠢᠨ ᠰᠠᠨᠠᠯ ᠢ ᠰᠣᠨᠣᠰᠴᠤ᠂ ᠪᠣᠯᠭᠤᠮᠵᠢᠲᠠᠶ ᠪᠣᠳᠣᠯᠬᠢᠯᠠᠵᠤ᠂ᠰᠢᠨᠵᠢᠯᠡᠬᠦ ᠤᠬᠠᠭᠠᠨᠴᠢ ᠪᠠᠷ ᠰᠣᠩᠭᠤᠬᠤ  ᠬᠡᠷᠡᠭᠲᠡᠶ᠃  ᠶᠡᠭᠡ  ᠳᠡᠭᠡᠳᠦ  ᠰᠤᠷᠭᠠᠭᠤᠯᠢ ᠳᠤ  ᠰᠣᠷᠣᠭᠴᠢ  ᠡᠯᠰᠡᠬᠦ  ᠨᠢᠭᠡᠳᠦᠯᠲᠡᠶ‌‍ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠰᠣᠩᠭᠤᠭᠰᠠᠨ  ᠬᠢᠴᠢᠶᠡᠯ  ᠲᠥᠷᠥᠯ ᠢᠶᠠᠨ  ᠬᠤᠪᠢᠷᠠᠭᠤᠯᠵᠤ‌‍ᠪᠣᠯᠬᠤ ᠥᠬᠡᠶ ᠭᠡᠵᠦ ᠰᠠᠨᠠᠭᠤᠯᠪᠠ᠃
ᠢᠷᠡᠯᠲᠡ᠄ ᠠᠷᠠᠳ ᠤᠨ ᠰᠥᠯᠵᠢᠶ᠎ᠡ