2022 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ
ᠨᠡᠶᠢᠲᠡᠯᠡᠭᠰᠡᠨ ᠴᠠᠭ᠄
2023/2/14
       2022 ᠣᠨ ᠳᠤ᠂ ᠬᠢᠶ᠎ᠠ ᠪᠠᠭᠰᠢ  ᠲᠤᠭᠤᠷᠢᠭ ᠤᠨ  ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 131.16 ᠳ᠋ᠦᠩᠰᠢᠭᠤᠷ ᠲᠥᠭᠦᠷᠢᠭ  ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠵᠡᠢ᠃ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠨᠢ 0.01 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 34.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 27.2% ᠪᠠᠶᠢᠵᠤ᠂ ᠠᠵᠤ ᠠᠬᠤᠢ ᠶᠢᠨ ᠨᠡᠮᠡᠭᠳᠡᠯ ᠢ 1.2 ᠵᠠᠭᠤᠨ ᠤ ᠨᠢᠭᠡᠴᠢ ᠳᠠᠶᠢᠴᠢᠯᠠᠪᠠ ᠃ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 96.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 72.8% ᠪᠠᠶᠢᠵᠤ᠂ ᠠᠵᠤ ᠠᠬᠤᠢ ᠶᠢᠨ ᠨᠡᠮᠡᠭᠳᠡᠯ ᠢ 3.3 ᠵᠠᠭᠤᠨ ᠤ ᠨᠢᠭᠡᠴᠢ ᠳᠠᠶᠢᠴᠢᠯᠠᠪᠠ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 0᠄ 26᠄ 74 ᠪᠣᠯᠣᠨ᠎ᠠ᠃  
ᠢᠷᠡᠯᠲᠡ᠄ ᠲᠤᠰ ᠰᠦᠯᠵᠢᠶ᠎ᠡ