2022 ᠣᠨ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/2/14
      2022 ᠣᠨ ᠳᠤ᠂ ᠬᠢᠶ᠎ᠠ ᠪᠠᠭᠰᠢ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 46.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 57.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠬᠤᠶᠠᠳᠤᠭᠠᠷ ᠲᠤ ᠣᠷᠣᠵᠤ᠂ ᠪᠥᠬᠦ ᠬᠤᠲᠠ ᠠᠴᠠ 31.7 ᠵᠠᠭᠤᠨ ᠤ ᠨᠢᠭᠡᠴᠢ ᠥᠨᠳᠥᠷ ᠪᠣᠯᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠳᠤ 42.95 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 58.5% ᠪᠠᠷ ᠨᠡᠮᠡᠭᠳᠡᠨ᠂ 92.2% ᠢ ᠡᠵᠡᠯᠡᠪᠡ᠃ᠤᠯᠤᠰ ᠤᠨ ᠥᠮᠴᠢᠯᠡᠯ ᠤᠨ ᠪᠡᠯᠡ ᠣᠷᠣᠭᠤᠯᠤᠯᠲᠠ 10.43 ᠳ᠋ᠦᠩᠰᠢᠭᠤᠷ ᠲᠥᠭᠦᠷᠢᠭ ᠢ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 23% ᠪᠠᠷ ᠪᠠᠭᠤᠷᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 22.4% ᠶᠢ ᠡᠵᠡᠯᠡᠵᠦ᠂ ᠠᠷᠠᠳ ᠤᠨ ᠪᠡᠯᠡ ᠣᠷᠣᠭᠤᠯᠤᠯᠲᠠ   ᠨᠢ 36.18 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ  ᠬᠢ ᠠᠴᠠ 124.4% ᠪᠠᠷ ᠨᠡᠮᠡᠭᠳᠡᠨ᠂ ᠨᠡᠮᠡᠭᠳᠡᠯ ᠢ 67.6 ᠵᠠᠭᠤᠨ ᠤ ᠨᠢᠭᠡᠴᠢ  ᠳᠠᠶᠢᠴᠢᠯᠠᠵᠤ᠂ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶᠡᠨ ᠤ 77.6% ᠶᠢ ᠡᠵᠡᠯᠡᠪᠡ᠃ 
ᠢᠷᠡᠯᠲᠡ᠄ ᠲᠤᠰ ᠰᠦᠯᠵᠢᠶ᠎ᠡ