2022 ᠣᠨ ᠳᠤ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠨᠡᠮᠡᠭᠳᠡᠪᠡ
ᠨᠡᠶᠢᠲᠡᠯᠡᠭᠰᠡᠨ ᠴᠠᠭ᠄
2023/2/14
      2022 ᠣᠨ ᠳᠤ᠂ ᠬᠢᠶ᠎ᠠ ᠪᠠᠭᠰᠢ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 69 ᠳ᠋ᠦᠩᠰᠢᠭᠤᠷ ᠲᠥᠭᠦᠷᠢᠭ  ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ ᠨᠢᠭᠡᠳᠦᠭᠡᠷ ᠲᠤ ᠣᠷᠣᠵᠤ᠂ ᠪᠦᠬᠦ ᠬᠤᠳᠠ ᠶᠢᠨ ᠨᠡᠮᠡᠭᠳᠡᠯ ᠤᠨ ᠬᠤᠷᠳᠤᠴᠠ ᠠᠴᠠ 5.4 ᠵᠠᠭᠤᠨ ᠤ ᠨᠢᠭᠡᠴᠢ ᠥᠨᠳᠥᠷ ᠪᠣᠯᠵᠠᠢ᠃ ᠬᠡᠷᠡᠭᠯᠡᠭᠡᠨ ᠤ ᠬᠡᠯᠪᠡᠷᠢ ᠪᠠᠶᠢᠳᠠᠯ   ᠠᠴᠠ ᠦᠵᠡᠪᠡᠯ᠂ ᠬᠢᠵᠠᠭᠠᠷᠲᠤ ᠨᠤᠷᠮ᠎ᠠ ᠠᠴᠠ ᠳᠡᠭᠡᠭᠰᠢᠬᠢ ᠪᠥᠬᠦ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 62.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.7% ᠨᠡᠮᠡᠭᠳᠡᠵᠡᠢ᠂ ᠡᠭᠦᠨ ᠳᠤ ᠴᠢᠯᠠᠭᠤᠨ ᠲᠣᠰᠣᠨ ᠤ ᠲᠥᠷᠥᠯ ᠤᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠭᠰᠠᠨ  ᠨᠢ  59 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠨᠡᠮᠡᠭᠳᠡᠵᠡᠢ᠂ ᠴᠢᠯᠠᠭᠤᠨ ᠲᠣᠰᠣᠨ ᠤ ᠲᠥᠷᠥᠯ ᠤᠨ ᠪᠦᠲᠦᠭᠡᠭᠳᠡᠬᠦᠨ   ᠢ ᠭᠠᠷᠭᠠᠪᠠᠯ ᠪᠤᠰᠤᠳ ᠲᠠᠸᠠᠷ ᠤᠨ ᠵᠢᠵᠢᠭᠯᠡᠨ ᠬᠤᠳᠠᠯᠳᠤᠭᠰᠠᠨ  ᠨᠢ 3.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠨᠡᠮᠡᠭᠳᠡᠵᠦ᠂  ᠬᠢᠵᠠᠭᠠᠷᠲᠤ ᠨᠤᠷᠮ᠎ᠠ  ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ 6.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9% ᠪᠠᠭᠤᠷᠠᠵᠠᠢ᠃ 
ᠢᠷᠡᠯᠲᠡ᠄ ᠲᠤᠰ ᠰᠦᠯᠵᠢᠶ᠎ᠡ