2022 ᠣᠨ  ᠳᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠦᠷᠭᠦᠯᠵᠢᠯᠡᠨ ᠨᠡᠮᠡᠭᠳᠡᠪᠡ
ᠨᠡᠶᠢᠲᠡᠯᠡᠭᠰᠡᠨ ᠴᠠᠭ᠄
2023/2/14
      2022 ᠣᠨ ᠳᠤ᠂ ᠬᠢᠶ᠎ᠠ ᠪᠠᠭᠰᠢ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠨᠡᠶᠢᠲᠡ 120436 ᠲᠦᠮᠡᠨ ᠲᠥᠭᠦᠷᠢᠭ   ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 25303 ᠲᠦᠮᠡᠨ ᠲᠥᠭᠦᠷᠢᠭ ᠨᠡᠮᠡᠭᠳᠡᠨ᠂ 26.6% ᠨᠡᠮᠡᠭᠳᠡᠵᠡᠢ᠃ᠣᠷᠣᠯᠭ᠎ᠠ  ᠶᠢᠨ ᠪᠦᠲᠦᠴᠡ ᠪᠠᠷ ᠬᠤᠪᠢᠶᠠᠪᠠᠯ᠂ ᠭᠠᠶᠢᠯᠢ  ᠶᠢᠨ ᠣᠷᠣᠯᠭ᠎ᠠ 95883 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14146 ᠲᠦᠮᠡᠨ ᠲᠥᠭᠦᠷᠢᠭ  ᠨᠡᠮᠡᠭᠳᠡᠵᠦ᠂ 17.3% ᠪᠠᠷ ᠨᠡᠮᠡᠭᠳᠡᠨ᠂ ᠭᠠᠶᠢᠯᠢ  ᠶᠢᠨ ᠪᠤᠰᠤ ᠣᠷᠣᠯᠭ᠎ᠠ 24553 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11157 ᠲᠦᠮᠡᠨ ᠲᠥᠭᠦᠷᠢᠭ ᠨᠡᠮᠡᠭᠳᠡᠨ᠂ 83.3% ᠪᠠᠷ ᠨᠡᠮᠡᠭᠳᠡᠵᠡᠢ᠃ᠡᠨᠡ ᠬᠤᠶᠠᠷ ᠤᠨ ᠡᠵᠡᠯᠡᠬᠦ ᠬᠠᠷᠢᠴᠠᠯ ᠨᠢ ᠲᠣᠰ ᠲᠣᠰ 79.6% ᠪᠠ 20.4% ᠪᠣᠯᠣᠨ᠎ᠠ᠃ᠲᠠᠲᠠᠪᠤᠷᠢᠯᠠᠬᠤ ᠰᠠᠯᠠᠭ᠎ᠠ ᠮᠥᠴᠢᠷ ᠢᠶᠠᠷ ᠬᠤᠪᠢᠶᠠᠪᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ 101343 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15615 ᠲᠦᠮᠡᠨ ᠲᠥᠭᠦᠷᠢᠭ ᠨᠡᠮᠡᠭᠳᠡᠨ᠂ 18.2% ᠢᠶᠠᠷ ᠨᠡᠮᠡᠭᠳᠡᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ 19093 ᠲᠦᠮᠡᠨ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 9688 ᠲᠦᠮᠡᠨ ᠲᠥᠭᠦᠷᠢᠭ ᠨᠡᠮᠡᠭᠳᠡᠨ᠂ 103.0% ᠢᠶᠠᠷ ᠨᠡᠮᠡᠭᠳᠡᠵᠡᠢ᠃ᠡᠨᠡ ᠬᠤᠶᠠᠷ ᠤᠨ ᠡᠵᠡᠯᠡᠬᠦ ᠬᠠᠷᠢᠴᠠᠯ ᠨᠢ ᠲᠣᠰ ᠲᠣᠰ 84.2% ᠪᠠ 15.8% ᠪᠣᠯᠣᠨ᠎ᠠ᠃   
ᠢᠷᠡᠯᠲᠡ᠄ ᠲᠤᠰ ᠰᠦᠯᠵᠢᠶ᠎ᠡ